ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠦᠩ ᠹᠦ᠋ ᠷᠦᠩ ᠰᠢ ︵ᠰᠢᠶᠠᠮᠧᠨ︶ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/10/14
   ᠣᠶᠢᠷ᠎ᠠ ᠳᠤ᠂ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠥᠩ ᠹᠦ᠋ ᠷᠦᠩ ᠰᠢ ︵ᠰᠢᠶᠠᠮᠧᠨ︶ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃    ᠵᠥᠩ ᠹᠦ᠋ ᠷᠦᠩ ᠰᠢ ︵ᠰᠢᠶᠠᠮᠧᠨ︶ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠬᠢᠭᠡᠳ ᠪᠸᠢ ᠴᠢᠩ ᠼᠦᠢ ᠬᠤ᠋ ︵ᠪᠡᠭᠡᠵᠢᠩ︶ ᠦᠢᠯᠡᠰ ᠴᠣᠭᠴᠠᠯᠠᠬᠤ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠱᠠᠨ ᠰᠢ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠵᠤ᠂ ᠳ᠋ᠦᠩ ᠾᠧ ᠲᠣᠭᠤᠷᠢᠭ ᠲᠤ 73 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠬᠤᠶᠠᠷ ᠬᠤᠭᠤᠴᠠᠭ᠎ᠠ ᠬᠤᠪᠢᠶᠠᠨ ᠰᠢᠨ᠎ᠡ ᠡᠨᠧᠷᠭᠢ ᠶᠢᠨ ᠡᠨᠧᠷᠭᠢ ᠬᠠᠳᠠᠭᠠᠯᠠᠬᠤ ᠰᠢᠰᠲ᠋ᠧᠮ ᠤᠨ ᠬᠤᠷᠠᠮᠠᠯ ᠦᠢᠯᠡᠳᠪᠦᠷᠢᠯᠡᠯ ᠤᠨ ᠱᠤᠭᠤᠮ ᠵᠢᠴᠢ ᠪᠤᠭᠤᠲᠤ ᠶᠢᠨ ᠣᠶᠤᠨᠴᠢ ᠦᠢᠯᠡᠳᠬᠦ ᠦᠢᠯᠡᠰ ᠤᠨ ᠰᠠᠭᠤᠷᠢᠨ ᠭᠠᠵᠠᠷ ᠤᠨ ᠲᠥᠷᠥᠯ ᠵᠦᠢᠯ ᠢ ᠪᠠᠶᠢᠷᠢᠰᠢᠭᠤᠯᠬᠤ ᠪᠠᠷ ᠪᠣᠶ᠃ ᠠᠩᠬᠠᠨ ᠤ ᠬᠤᠭᠤᠴᠠᠭᠠᠨ ᠳᠤ 5GWh ᠡᠨᠧᠷᠭᠢ ᠬᠠᠳᠠᠭᠠᠯᠠᠬᠤ ᠰᠢᠰᠲ᠋ᠧᠮ ᠤᠨ ᠬᠤᠷᠠᠮᠠᠯ ᠲᠥᠷᠥᠯ ᠵᠦᠢᠯ ᠢ ᠪᠥᠲᠥᠭᠡᠨ ᠪᠠᠶᠢᠭᠤᠯᠵᠤ᠂ ᠬᠤᠶᠠᠳᠤᠭᠠᠷ ᠬᠤᠭᠤᠴᠠᠭᠠᠨ ᠳᠤ ᠣᠶᠤᠨᠴᠢ ᠦᠢᠯᠡᠳᠬᠦ ᠠᠵᠤ  ᠦᠢᠯᠡᠰ ᠤᠨ ᠰᠠᠭᠤᠷᠢᠨ ᠭᠠᠵᠠᠷ ᠤᠨ ᠲᠥᠷᠥᠯ ᠵᠦᠢᠯ ᠢ ᠪᠥᠲᠥᠭᠡᠨ ᠪᠠᠶᠢᠭᠤᠯᠵᠤ᠂ 12 ᠵᠤᠷᠪᠤᠰ ᠡᠭᠴᠡ ᠲᠡᠩᠭᠡᠯᠢᠭ ᠤᠨ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢ ᠰᠤᠳᠤᠯᠤᠨ ᠨᠡᠭᠡᠭᠡᠵᠦ  ᠦᠢᠯᠡᠳᠬᠦ᠂ 5GWh ᠡᠨᠧᠷᠭᠢ ᠬᠠᠳᠠᠭᠠᠯᠠᠬᠤ ᠰᠢᠰᠲ᠋ᠧᠮ ᠤᠨ ᠬᠤᠷᠠᠮᠠᠯ ᠵᠡᠷᠭᠡ ᠲᠥᠷᠥᠯ ᠵᠦᠢᠯ ᠢ ᠬᠠᠮᠤᠷᠬᠤ ᠶᠢᠨ ᠬᠠᠮᠲᠤ 20 ᠭᠠᠷᠤᠶ ᠬᠠᠮᠢᠶ᠎ᠠ ᠪᠥᠬᠦᠶ ᠢᠵᠢ ᠪᠥᠷᠢᠳᠦᠭᠰᠡᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠪᠠᠯ ᠴᠢᠯᠠᠭᠤᠨ ᠠᠯᠺᠧᠨ᠂ ᠥᠨᠳᠥᠷ ᠡᠸ᠋ᠨᠳ᠋ᠷᠤᠫᠢ ᠮᠠᠲ᠋ᠧᠷᠢᠶᠠᠯ ᠵᠡᠷᠭᠡ ᠶᠢ ᠪᠥᠲᠥᠭᠡᠨ ᠪᠠᠶᠢᠭᠤᠯᠵᠤ᠂ ᠲᠥᠷᠥᠯ ᠵᠦᠢᠯ ᠪᠥᠬᠦ ᠲᠠᠯ᠎ᠠ ᠪᠠᠷ ᠦᠢᠯᠡᠳᠪᠦᠷᠢᠯᠡᠯ ᠳᠤ ᠤᠷᠤᠭᠰᠠᠨ ᠤ ᠳᠠᠷᠠᠭ᠎ᠠ᠂ ᠵᠢᠯ ᠤᠨ  ᠦᠢᠯᠡᠳᠬᠦᠨ ᠤ ᠥᠷᠲᠡᠭ ᠨᠢ 110 ᠳ᠋ᠦᠩᠰᠢᠭᠤᠷ ᠲᠥᠭᠦᠷᠢᠭ ᠲᠤ ᠬᠥᠷᠬᠦ ᠪᠣᠯᠤᠨ᠎ᠠ᠃ ᠡᠭᠴᠡ ᠲᠡᠩᠭᠡᠯᠢᠭ ᠤᠨ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠪᠤᠭᠤᠲᠤ ᠬᠤᠲᠠ ᠶᠢᠨ ᠠᠵᠤ ᠦᠢᠯᠡᠰ ᠤᠨ ᠬᠤᠭᠤᠰᠣᠨ ᠢ ᠨᠥᠬᠦᠪᠥᠷᠢᠯᠡᠵᠦ᠂ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠥᠬᠦᠭᠡᠷᠦᠮᠵᠢ ᠦᠢᠯᠡᠳᠬᠦ ᠦᠢᠯᠡᠰ ᠤᠨ ᠲᠠᠯ᠎ᠠ ᠪᠠᠷ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠲᠠᠢ ᠶᠤᠮ᠃    ᠵᠦᠩ ᠹᠦ᠋ ᠷᠦᠩ ᠰᠢ ︵ᠰᠢᠶᠠᠮᠧᠨ︶ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠠᠴᠠ ᠷᠦᠩ ᠰᠢ ᠪᠡᠯᠡ ᠣᠷᠣᠭᠤᠯᠤᠯᠲᠠ ᠶᠢᠨ ᠬᠤᠪᠢ ᠡᠵᠡᠮᠳᠡᠭᠰᠡᠨ ︵ᠪᠦᠯᠦᠭᠯᠡᠯ︶ ᠬᠢᠵᠠᠭᠠᠷᠲᠤ ᠺᠣᠮᠫᠠᠨᠢ ᠠᠴᠠ ᠤᠯᠠᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠲᠠᠢ ᠬᠠᠮᠲᠤᠷᠠᠨ ᠡᠭᠦᠰᠭᠡᠨ ᠪᠠᠶᠢᠭᠤᠯᠤᠭᠰᠠᠨ ᠲᠤᠰᠬᠠᠢ ᠮᠡᠷᠭᠡᠵᠢᠯ ᠤᠨ ᠪᠡᠯᠡ ᠣᠷᠣᠭᠤᠯᠤᠯᠲᠠ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ᠃ ᠤᠯᠤᠰ ᠤᠨ ᠴᠠᠬᠢᠯᠭᠠᠨ ᠲᠣᠤᠷ ᠤᠨ ᠺᠣᠮᠫᠠᠨᠢ ᠶᠢᠨ ᠬᠤᠪᠢ ᠡᠵᠡᠮᠳᠡᠭᠰᠡᠨ ᠠᠵᠤ ᠠᠬᠤᠶᠢᠯᠠᠯ ᠳᠤ ᠬᠠᠷᠢᠶᠠᠯᠠᠭᠳᠠᠵᠤ᠂ ᠪᠠᠶᠢᠯᠳᠤᠬᠤ ᠪᠣᠳᠣᠯᠭ᠎ᠠ ᠶᠢᠨ ᠬᠥᠳᠡᠯᠭᠡᠭᠦᠷ ᠮᠠᠶ᠋ᠢᠭ ᠤᠨ ᠪᠠᠯᠠ ᠣᠷᠣᠭᠤᠯᠤᠯᠲᠠ ᠶᠢᠨ ᠬᠤᠪᠢ ᠡᠵᠡᠮᠳᠡᠭᠰᠡᠨ ᠪᠦᠯᠦᠭᠯᠡᠯ ᠺᠣᠮᠫᠠᠨᠢ ᠮᠥᠨ᠂ ᠬᠤᠰᠢᠭᠤᠨ ᠤ ᠳᠤᠤᠷ᠎ᠠ ᠬᠤᠪᠢ ᠡᠵᠡᠮᠳᠡᠭᠰᠡᠨ ᠳᠤᠮᠳᠠᠳᠤ ᠤᠯᠤᠰ ᠤᠨ ᠡᠨᠧᠷᠭᠢ ᠬᠠᠳᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ︵HK · 01143︶᠂ ᠵᠢᠩ ᠯᠢᠶᠠᠨ ᠪᠦᠯᠦᠭᠯᠡᠯ ︵HK · 01751︶ ᠤᠨ ᠵᠠᠬ᠎ᠠ ᠳᠡᠯᠭᠡᠭᠦᠷ ᠲᠤ ᠭᠠᠷᠤᠭᠰᠠᠨ ᠣᠯᠠᠨ ᠺᠣᠮᠫᠠᠨᠢ ᠮᠥᠨ᠃ ᠣᠳᠣᠬᠠᠨ ᠳᠤ ᠰᠢᠨ᠎ᠡ ᠡᠨᠧᠷᠭᠢ ᠶᠢᠨ ᠠᠵᠤ ᠦᠢᠯᠡᠰ ᠲᠤ ᠪᠡᠯᠡ ᠣᠷᠣᠭᠤᠯᠬᠤ ᠪᠠᠷ ᠭᠤᠣᠯ ᠪᠣᠯᠭᠠᠵᠤ᠂ ᠭᠤᠣᠯᠳᠠᠭᠤ ᠬᠤᠣᠰ ᠨᠡᠭᠦᠷᠡᠰᠦᠲᠥ᠋ᠷᠥᠭᠴᠢ ᠶᠢᠨ ᠠᠵᠤ ᠦᠢᠯᠡᠰ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ᠂ ᠲᠣᠨᠤᠭ ᠲᠥᠬᠦᠭᠡᠷᠦᠮᠵᠢ ᠦᠢᠯᠡᠳᠬᠦ᠂ ᠡᠨᠧᠷᠭᠢ ᠬᠠᠳᠠᠭᠠᠯᠠᠬᠤ ᠵᠢᠴᠢ ᠬᠡᠶᠢᠰᠪᠦᠷᠢ ᠴᠠᠬᠢᠯᠭᠠᠨ ᠦᠢᠯᠡᠳᠪᠦᠷᠢ ᠵᠡᠷᠭᠡ ᠲᠥᠷᠥᠯ ᠵᠦᠢᠯ ᠤᠨ ᠪᠡᠯᠡ ᠣᠷᠣᠭᠤᠯᠤᠯᠲᠠ ᠳᠤ ᠬᠤᠯᠪᠣᠭᠳᠠᠵᠠᠶ᠃    ᠪᠸᠢ ᠴᠢᠩ ᠼᠦᠢ ᠬᠤ᠋ ︵ᠪᠡᠭᠡᠵᠢᠩ︶ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ 2012 ᠣᠨ ᠳᠤ ᠪᠠᠶᠢᠭᠤᠯᠤᠭᠳᠠᠵᠤ᠂ ᠪᠡᠭᠡᠵᠢᠩ ᠤᠨ ᠵᠦᠩ ᠭᠤᠸᠠᠨ ᠼᠦᠢ ᠳᠤ ᠪᠠᠶᠢᠷᠢᠯᠠᠵᠤ᠂ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠡᠷᠬᠢᠯᠡᠬᠦ ᠪᠠᠷ ᠭᠤᠣᠯ ᠪᠣᠯᠭᠠᠭᠰᠠᠨ ᠠᠵᠤ ᠠᠬᠤᠶᠢᠯᠠᠯ ᠪᠣᠯᠤᠨ᠎ᠠ᠃ ᠭᠤᠣᠯ ᠪᠣᠯᠬᠤ ᠲᠤᠬᠠᠶᠢᠯᠠᠭᠰᠠᠨ ᠠᠵᠢᠯ ᠨᠢ ᠥᠪᠡᠷ ᠤᠨ ᠪᠡᠯᠡ ᠮᠥᠩᠭᠦ ᠪᠠᠷ ᠢᠶᠠᠨ ᠪᠡᠯᠡ ᠣᠷᠣᠭᠤᠯᠤᠯᠲᠠ ᠶᠢᠨ ᠠᠵᠢᠯᠯᠠᠭ᠎ᠠ᠂ ᠬᠤᠪᠢ ᠪᠠᠷ ᠢᠶᠠᠨ ᠴᠤᠭᠯᠠᠭᠤᠯᠤᠭᠰᠠᠨ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠬᠢᠨ᠎ᠡ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1