ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠰᠤᠷᠭᠠᠭᠤᠯᠢ ᠲᠠᠢ ᠬᠠᠮᠲᠤᠷᠠᠨ ᠠᠵᠢᠯᠯᠠᠬᠤ ᠰᠢᠨ᠎ᠡ ᠵᠠᠮ  ᠢ ᠡᠭᠦᠳᠴᠦ᠂ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ
ᠨᠡᠶᠢᠲᠡᠯᠡᠭᠰᠡᠨ ᠴᠠᠭ᠄
2024/10/17
   ᠣᠶᠢᠷ᠎ᠠ ᠳᠤ᠂ ᠾᠦᠢ ᠮᠢᠨ ᠵᠠᠮ ᠤᠨ ᠪᠠᠭ᠎ᠠ ᠰᠤᠷᠭᠠᠭᠤᠯᠢ ᠵᠢᠩᠬᠢᠨᠢ ᠪᠠᠷ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠰᠤᠷᠭᠠᠭᠤᠯᠢ ᠶᠢᠨ ᠬᠠᠮᠲᠤᠷᠠᠯᠴᠠᠭᠠᠨ ᠤ ᠰᠠᠭᠤᠷᠢᠨ ᠭᠠᠵᠠᠷ ᠤᠨ ᠰᠤᠷᠭᠠᠭᠤᠯᠢ ᠪᠣᠯᠪᠠ᠃
   ᠣᠷᠳᠣᠨ ᠰᠤᠷᠭᠠᠭᠤᠯᠢ ᠶᠢᠨ ᠬᠠᠮᠲᠤᠷᠠᠯᠴᠠᠭ᠎ᠠ ᠳᠤ ᠨᠡᠩ ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠢ ᠬᠠᠩᠭᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠰᠢᠨ᠎ᠡ ᠵᠠᠭᠪᠤᠷ ᠢ ᠬᠠᠮᠲᠤᠪᠠᠷ ᠰᠦᠪᠡᠭᠴᠢᠯᠡᠵᠦ ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠵᠦ᠂ ᠵᠠᠯᠠᠭᠤᠴᠤᠳ ᠪᠠᠭᠠᠴᠤᠳ ᠲᠤ ᠴᠢᠨᠠᠷ ᠰᠠᠶᠢᠲᠠᠢ ᠥᠨᠳᠥᠷ ᠪᠦᠲᠦᠮᠵᠢᠲᠡᠢ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠬᠠᠩᠭᠠᠬᠤ ᠪᠣᠯᠤᠨ᠎ᠠ᠃    ᠾᠦᠢ ᠮᠢᠨ ᠵᠠᠮ ᠤᠨ ᠪᠠᠭ᠎ᠠ ᠰᠤᠷᠭᠠᠭᠤᠯᠢ ᠰᠤᠷᠤᠭᠴᠢ ᠪᠠᠷ ᠦᠨᠳᠦᠰᠦ ᠪᠣᠯᠭᠠᠬᠤ ᠶᠢ ᠢᠮᠠᠭᠲᠠ ᠪᠠᠷᠢᠮᠲᠠᠯᠠᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠵᠠᠮ ᠢ ᠢᠳᠡᠪᠬᠢᠲᠡᠢ ᠰᠦᠪᠡᠭᠴᠢᠯᠡᠵᠦ᠂ ᠲᠠᠰᠤᠷᠠᠯᠲᠠ ᠦᠭᠡᠢ ᠰᠢᠪᠲᠤᠯᠤᠯᠲᠠ ᠭᠠᠷᠭᠠᠵᠤ᠂ ᠢᠷᠡᠭᠡᠳᠦᠢ ᠳᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠡᠬᠢ ᠪᠠᠶᠠᠯᠢᠭ ᠢ ᠭᠦᠢᠴᠡᠳ ᠠᠰᠢᠭᠯᠠᠵᠤ᠂ ᠰᠤᠷᠤᠭᠴᠢᠳ ᠤᠨ ᠰᠢᠨᠵᠢᠯᠡᠬᠦ ᠤᠬᠠᠭᠠᠨ ᠤ ᠦᠢᠯᠡᠳᠦᠯᠭᠡ ᠶᠢᠨ ᠣᠶᠢᠯᠠᠭᠠᠯᠲᠠ ᠶᠢ ᠪᠠᠶᠠᠯᠢᠭᠵᠢᠭᠤᠯᠵᠤ᠂ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠳᠠᠯᠳᠠ ᠴᠢᠳᠠᠪᠤᠷᠢ ᠶᠢ ᠬᠥᠭᠵᠢᠭᠡᠬᠦ ᠪᠣᠯᠤᠨ᠎ᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1