ᠲᠢᠶᠠᠨ ᠵᠢᠶᠤᠤ ᠵᠡᠭᠡᠯᠢ ᠭᠤᠳᠤᠮᠵᠢ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/10/17
   ᠣᠶᠢᠷ᠎ᠠ ᠳᠤ᠂ ᠲᠢᠶᠠᠨ ᠵᠢᠶᠤᠤ ᠵᠡᠭᠡᠯᠢ ᠭᠤᠳᠤᠮᠵᠢ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠲᠢᠶᠠᠨ ᠵᠢᠶᠤᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠠᠢ ᠬᠠᠮᠲᠤᠷᠠᠨ ᠬᠠᠷᠢᠶᠠᠲᠤ ᠣᠷᠣᠨ ᠤ ᠴᠠᠬᠢᠯᠭᠠᠨ ᠬᠥᠳᠡᠯᠭᠡᠭᠦᠷᠲᠦ ᠲᠡᠷᠭᠡ ᠬᠤᠳᠠᠯᠳᠤᠬᠤ ᠲᠠᠯᠠᠪᠤᠷ ᠲᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠲᠤᠷᠠᠭᠰᠠᠨ ᠪᠠᠶᠢᠴᠠᠭᠠᠯᠲᠠ ᠥᠷᠨᠢᠭᠦᠯᠪᠡ᠃
   ᠲᠣᠰ ᠤᠳᠠᠭ᠎ᠠ ᠭᠤᠤᠯᠳᠠᠭᠤ ᠡᠵᠡᠩᠨᠡᠯᠲᠡ ᠶᠢᠨ ᠲᠠᠯᠠᠪᠤᠷ ᠤᠨ ᠭᠠᠯ ᠤᠨᠲᠠᠷᠠᠭᠠᠬᠤ ᠲᠥᠬᠦᠭᠡᠷᠦᠮᠵᠢ ᠶᠢ ᠲᠣᠬᠢᠷᠠᠭᠤᠯᠤᠭᠰᠠᠨ ᠪᠠᠶᠢᠳᠠᠯ᠂ ᠡᠵᠡᠩᠨᠡᠯᠲᠡ ᠶᠢᠨ ᠦᠨᠡᠮᠯᠡᠯ᠂ ᠡᠵᠡᠩᠨᠡᠵᠦ ᠪᠠᠶᠢᠭ᠎ᠠ ᠦᠢᠯᠡᠳᠬᠦᠨ ᠤ ᠬᠢᠷᠢ ᠲᠡᠩᠴᠡᠭᠰᠡᠨ ᠡᠰᠡᠬᠦ ᠵᠡᠷᠭᠡ ᠪᠠᠶᠢᠳᠠᠯ ᠢ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ᠂ ᠲᠤᠬᠠᠶ ᠶᠢᠨ ᠲᠠᠯᠠᠪᠤᠷ ᠲᠤ ᠬᠤᠳᠠᠯᠳᠤᠭᠠᠴᠢᠨ ᠡᠷᠦᠬᠡ ᠶᠢ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠵᠤ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠶᠢᠨ ᠬᠠᠮᠲᠤ ᠬᠠᠷᠢᠭᠤᠴᠠᠯᠭᠠᠲᠠᠨ ᠢ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠰ ᠪᠡᠶ᠎ᠡ ᠶᠢᠨ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠵᠤ᠂ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃    ᠲᠠᠷᠠᠭᠠᠴᠢ ᠶᠢᠨ ᠠᠯᠬᠤᠮ ᠳᠤ᠂ ᠲᠢᠶᠠᠨ ᠵᠢᠶᠤᠤ ᠵᠡᠭᠡᠯᠢ ᠭᠤᠳᠤᠮᠵᠢ ᠬᠠᠷᠢᠶ᠎ᠠ ᠣᠷᠣᠨ ᠤ ᠪᠠᠨ ᠴᠠᠬᠢᠯᠭᠠᠨ ᠬᠥᠳᠡᠯᠭᠡᠭᠦᠷᠲᠦ ᠲᠡᠷᠭᠡ ᠬᠤᠳᠠᠯᠳᠤᠬᠤ ᠡᠵᠡᠩᠨᠡᠯᠲᠡ ᠶᠢᠨ ᠲᠠᠯᠠᠪᠤᠷ ᠭᠠᠵᠠᠷ ᠢ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠶᠢᠩᠭᠤ ᠶᠢᠨ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠠᠵᠢᠯ ᠢᠶᠠᠨ ᠴᠢᠩᠭᠠᠳᠬᠠᠵᠤ᠂ ᠬᠠᠷᠢᠶ᠎ᠠ ᠣᠷᠣᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1