ᠳ᠋ᠦᠩ ᠾᠧ ᠲᠣᠭᠤᠷᠢᠭ ᠲᠤ ᠬᠤᠶᠠᠷ ︽ᠥᠪᠡᠷᠲᠡᠭᠡᠨ ᠵᠠᠰᠠᠬᠤ ᠣᠷᠣᠨ ᠤ ᠨᠠᠷᠠᠲᠤ ᠰᠤᠷᠭᠠᠭᠤᠯᠢ ᠶᠢᠨ ᠵᠠᠬᠢᠷᠤᠯ ᠤᠨ ᠠᠵᠢᠯᠯᠠᠬᠤ ᠲᠠᠰᠤᠭ︾ ᠪᠠ ᠭᠤᠷᠪᠠᠨ ︽ᠪᠤᠭᠤᠲᠤ ᠬᠤᠲᠠ ᠶᠢᠨ ᠨᠠᠷᠠᠲᠤ ᠪᠠᠭᠰᠢ ᠶᠢᠨ ᠠᠵᠢᠯᠯᠠᠬᠤ ᠲᠠᠰᠤᠭ︾ ᠢ ᠰᠢᠨ᠎ᠡ ᠪᠠᠷ ᠨᠡᠮᠡᠪᠡ
ᠨᠡᠶᠢᠲᠡᠯᠡᠭᠰᠡᠨ ᠴᠠᠭ᠄
2024/10/21
   10 ᠳ᠋ᠤᠭᠠᠷ ᠰᠠᠷ᠎ᠠ ᠶᠢᠨ 18 ᠤ ᠡᠳᠦᠷ᠂ ᠪᠤᠭᠤᠲᠤ ᠬᠤᠲᠠ ᠶᠢᠨ ︽ᠥᠪᠡᠷᠲᠡᠭᠡᠨ ᠵᠠᠰᠠᠬᠤ ᠣᠷᠣᠨ ᠤ ᠨᠠᠷᠠᠲᠤ ᠪᠠᠭᠰᠢ ᠶᠢᠨ ᠨᠠᠷᠠᠲᠤ ᠰᠤᠷᠭᠠᠭᠤᠯᠢ ᠶᠢᠨ ᠵᠠᠬᠢᠷᠤᠯ ᠤᠨ ᠠᠵᠢᠯᠯᠠᠬᠤ ᠲᠠᠰᠤᠭ︾ ᠵᠢᠴᠢ ︽ᠪᠤᠭᠤᠲᠤ ᠬᠤᠲᠠ ᠶᠢᠨ ᠨᠠᠷᠠᠲᠤ ᠪᠠᠭᠰᠢ ᠶᠢᠨ ᠠᠵᠢᠯᠯᠠᠬᠤ ᠲᠠᠰᠤᠭ︾ ᠤᠨ ᠲᠥᠪᠯᠡᠷᠡᠭᠦᠯᠦᠨ ᠫᠠᠶᠢᠰᠠ ᠣᠯᠭᠤᠬᠤ ᠶᠣᠰᠣᠯᠠᠯ ᠳ᠋ᠦᠩ ᠾᠧ ᠲᠣᠭᠤᠷᠢᠭ ᠤᠨ ᠴᠡᠴᠡᠷᠯᠢᠭ ᠵᠠᠮ ᠤᠨ ᠪᠠᠭ᠎ᠠ ᠰᠤᠷᠭᠠᠭᠤᠯᠢ ᠳᠤ ᠶᠠᠪᠤᠭᠳᠠᠪᠠ᠃ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠷᠠᠲᠤ ᠪᠠᠭᠰᠢ ᠨᠠᠷᠠᠲᠤ ᠰᠤᠷᠭᠠᠭᠤᠯᠢ ᠶᠢᠨ ᠵᠠᠬᠢᠷᠤᠯ ᠳᠤ ᠰᠣᠩᠭᠤᠭᠳᠠᠬᠤ 3 ᠨᠠᠷᠠᠲᠤ ᠰᠤᠷᠭᠠᠭᠤᠯᠢ ᠶᠢᠨ ᠵᠠᠬᠢᠷᠤᠯ ᠢ ᠬᠥᠮᠦᠵᠢᠭᠦᠯᠬᠦ ᠲᠥᠯᠥᠪᠯᠡᠭᠡ ︵2024 - 2026︶ ᠶᠢᠨ ᠨᠠᠷᠠᠲᠤ ᠰᠤᠷᠭᠠᠭᠤᠯᠢ ᠶᠢᠨ ᠳᠠᠷᠤᠭ᠎ᠠ ᠶᠢᠨ ᠠᠵᠢᠯᠯᠠᠬᠤ ᠲᠠᠰᠤᠭ ᠪᠠ ᠰᠢᠨ᠎ᠡ ᠪᠠᠷ ᠮᠠᠭᠠᠳᠯᠠᠨ ᠲᠣᠭᠲᠠᠭᠠᠭᠰᠠᠨ ᠪᠤᠭᠤᠲᠤ ᠬᠤᠲᠠ ᠶᠢᠨ ᠨᠠᠷᠠᠲᠤ ᠪᠠᠭᠰᠢ ᠶᠢᠨ ᠠᠵᠢᠯᠯᠠᠬᠤ ᠲᠠᠰᠤᠭ ᠲᠤ ᠫᠠᠶᠢᠰᠠ ᠣᠯᠭᠤᠪᠠ᠃    ᠡᠭᠦᠨ ᠳᠤ᠂ ᠪᠤᠭᠤᠲᠤ ᠬᠤᠲᠠ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ︽ᠮᠠ ᠵᠢᠶᠠᠨ ᠳ᠋ᠦᠩ ᠨᠠᠷᠠᠲᠤ ᠰᠤᠷᠭᠠᠭᠤᠯᠢ ᠶᠢᠨ ᠵᠠᠬᠢᠷᠤᠯ ᠤᠨ ᠠᠵᠢᠯᠯᠠᠬᠤ ᠲᠠᠰᠤᠭ︾᠂ ᠾᠦᠢ ᠮᠢᠨ ᠵᠠᠮ ᠤᠨ ᠪᠠᠭ᠎ᠠ ᠰᠤᠷᠭᠠᠭᠤᠯᠢ ᠶᠢᠨ ︽ᠮᠠ ᠯᠢ ᠨᠠ ᠰᠤᠷᠭᠠᠭᠤᠯᠢ ᠶᠢᠨ ᠵᠠᠬᠢᠷᠤᠯ ᠤᠨ ᠠᠵᠢᠯᠯᠠᠬᠤ ᠲᠠᠰᠤᠭ︾ ᠨᠢ ︽ᠥᠪᠡᠷᠲᠡᠭᠡᠨ ᠵᠠᠰᠠᠬᠤ ᠣᠷᠣᠨ ᠤ ᠨᠠᠷᠠᠲᠤ ᠪᠠᠭᠰᠢ ᠨᠠᠷᠠᠲᠤ ᠵᠠᠬᠢᠷᠤᠯ ᠤᠨ ᠬᠥᠮᠦᠵᠢᠭᠦᠯᠬᠦ ᠲᠥᠯᠥᠪᠯᠡᠭᠡ ︵2024 - 2026︶︾ ᠳᠤ ᠠᠮᠵᠢᠯᠲᠠ ᠲᠠᠢ ᠪᠠᠷ ᠰᠣᠩᠭᠤᠭᠳᠠᠨ ᠣᠷᠣᠵᠤ᠂ ᠪᠤᠭᠤᠲᠤ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ︽ᠸᠠᠩ ᠰᠢᠶᠤᠤ ᠬᠤᠶ ᠨᠠᠷᠠᠲᠤ ᠪᠠᠭᠰᠢ ᠶᠢᠨ ᠠᠵᠢᠯᠯᠠᠬᠤ ᠲᠠᠰᠤᠭ︾᠂ ᠴᠡᠴᠡᠷᠯᠢᠭ ᠵᠠᠮ ᠤᠨ ᠪᠠᠭ᠎ᠠ ᠰᠤᠷᠭᠠᠭᠤᠯᠢ ᠶᠢᠨ ︽ᠭᠦᠸᠧ ᠿᠤ᠋ ᠨᠠᠷᠠᠲᠤ ᠪᠠᠭᠰᠢ ᠶᠢᠨ ᠠᠵᠢᠯᠯᠠᠬᠤ ᠲᠠᠰᠤᠭ︾᠂ ᠪᠤᠭᠤᠲᠤ ᠬᠤᠲᠠ ᠶᠢᠨ ᠳᠥᠴᠢᠳᠦᠭᠡᠷ ᠳᠤᠮᠳᠠᠳᠤ ᠰᠤᠷᠭᠠᠭᠤᠯᠢ ᠶᠢᠨ ︽ᠵᠠᠩ ᠵᠢᠩ ᠨᠠᠷᠠᠲᠤ ᠪᠠᠭᠰᠢ ᠶᠢᠨ ᠠᠵᠢᠯᠯᠠᠬᠤ ᠲᠠᠰᠤᠭ︾ ᠨᠢ ︽ᠪᠤᠭᠤᠲᠤ ᠬᠤᠲᠠ ᠶᠢᠨ ᠨᠠᠷᠠᠲᠤ ᠪᠠᠭᠰᠢ ᠶᠢᠨ ᠠᠵᠢᠯᠯᠠᠬᠤ ᠲᠠᠰᠤᠭ︾ ᠳᠤ ᠠᠮᠵᠢᠯᠲᠠ ᠲᠠᠢ ᠪᠠᠷ ᠰᠣᠩᠭᠤᠭᠳᠠᠪᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1