ᠵᠢᠷᠭᠤᠭ᠎ᠠ ᠶᠢ ᠬᠠᠮᠲᠤᠳᠬᠠᠬᠤ ᠳᠡᠷ᠎ᠡ ᠶᠢᠨ ᠤᠷ᠎ᠠ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/10/23
     ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠪᠠ ᠤᠯᠠᠮᠵᠢᠯᠠᠨ ᠵᠠᠯᠭᠠᠮᠵᠢᠯᠠᠵᠤ ᠬᠥᠭᠵᠢᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠯᠠᠮᠵᠢᠯᠠᠯᠲᠤ ᠭᠠᠷ ᠤᠷᠠᠯᠠᠯ ᠤᠨ ᠲᠥᠷᠥᠯ ᠤᠨ ᠤᠯᠠᠮᠵᠢᠯᠠᠨ ᠵᠠᠯᠭᠠᠮᠵᠢᠯᠠᠭᠴᠢᠳ ᠵᠢᠴᠢ ᠠᠵᠢᠯ ᠡᠷᠭᠢᠯᠡᠭᠰᠡᠳ ᠤᠨ ᠠᠵᠢᠯ ᠤᠯᠬᠤ ᠤᠷ᠎ᠠ ᠴᠢᠳᠠᠪᠤᠷᠢ ᠪᠠ ᠤᠶᠢᠯᠡᠳᠤᠯᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ︽2024 ᠣᠨ ᠤ ᠪᠦᠰᠡᠭᠦᠢ ᠶᠢᠨ ᠠᠵᠢᠯᠯᠠᠭᠠᠨ ᠤ ᠲᠥᠯᠥᠪᠯᠡᠭᠡ · ᠤᠮᠠᠷᠠᠲᠤ ᠬᠢᠯᠢ ᠶᠢᠨ ᠠᠯᠴᠢᠭᠤᠷᠲᠠᠨ ᠤ ᠦᠢᠯᠡᠰ ᠴᠣᠭᠴᠠᠯᠠᠵᠤ ᠠᠵᠢᠯ ᠤᠯᠬᠤ - ᠵᠢᠷᠭᠤᠭ᠎ᠠ ᠶᠢ ᠬᠠᠮᠲᠤᠳᠬᠠᠬᠤ ᠳᠡᠷ᠎ᠡ ᠶᠢᠨ ᠤᠷ᠎ᠠ ᠮᠡᠷᠭᠡᠵᠢᠯ ᠤᠨ ᠪᠣᠯᠪᠠᠰᠤᠷᠠᠯ ᠤᠨ ᠠᠩᠭᠢ︾ ᠳ᠋ᠦᠩ ᠾᠧ ᠲᠣᠭᠤᠷᠢᠭ ᠤᠨ ᠰᠣᠶᠣᠯ ᠤᠨ ᠣᠷᠳᠣᠨ ᠳᠤ ᠶᠠᠪᠤᠭᠳᠠᠪᠠ᠃
     ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠭᠤᠴᠠᠭ᠎ᠠ ᠨᠢ 14 ᠡᠳᠦᠷ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠷᠭᠤᠭᠠᠨ ᠨᠠᠶᠢᠷᠠᠯ ᠳᠡᠷ᠎ᠡ ᠦᠢᠯᠡᠳᠬᠦ ᠤᠷ᠎ᠠ ᠮᠡᠷᠭᠡᠵᠢᠯ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠸᠧᠨ ᠶᠦᠩ ᠬᠤᠸᠠ ᠶᠢ ᠤᠷᠢᠵᠤ ᠬᠢᠴᠢᠶᠡᠯ ᠣᠷᠣᠭᠤᠯᠪᠠ᠃ ᠪᠣᠳᠠᠰ ᠤᠨ ᠪᠤᠰᠤ ᠰᠣᠶᠣᠯ ᠤᠨ ᠥᠪ ᠤᠨ ᠳᠤᠷᠠᠲᠠᠶ ᠬᠥᠮᠦᠰ᠂ ᠡᠯ᠎ᠡ ᠬᠤᠰᠢᠭᠤ ᠰᠢᠶᠠᠨ ᠲᠣᠭᠤᠷᠢᠭ ᠤᠨ ᠲᠥᠷᠥᠯ ᠵᠦᠢᠯ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠵᠢᠴᠢ ᠪᠤᠭᠤᠲᠤ ᠬᠤᠲᠠ ᠶᠢᠨ ᠲᠡᠮᠦᠷ ᠵᠠᠮ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢ ᠵᠡᠷᠭᠡ 40 ᠬᠥᠮᠦᠨ ᠪᠣᠯᠪᠠᠰᠤᠷᠠᠯ ᠳᠤ ᠣᠷᠣᠯᠴᠠᠪᠠ᠃      ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠤᠯᠠᠮᠵᠢᠯᠠᠨ ᠵᠠᠯᠭᠠᠮᠵᠢᠯᠠᠬᠤ ᠡᠩᠨᠡᠭᠡ ᠶᠢ ᠤᠯᠠᠮ ᠨᠢᠭᠡ ᠠᠯᠬᠤᠮ ᠪᠤᠵᠠᠭᠠᠶᠢᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ ᠥᠨᠳᠥᠷ ᠬᠡᠪ ᠪᠣᠯᠪᠠᠰᠤᠷᠠᠯ ᠲᠠᠢ ᠬᠥᠳᠡᠯᠮᠦᠷᠢᠴᠢᠨ ᠪᠠ ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠬᠥᠮᠦᠵᠢᠭᠦᠯᠵᠦ᠂ ᠤᠯᠠᠮᠵᠢᠯᠠᠯᠲᠤ ᠰᠣᠶᠣᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃
 
ᠢᠷᠡᠯᠲᠡ᠄ ᠥᠨᠥᠳᠦᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1