ᠲᠤᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠳᠡᠯᠭᠡ ᠶᠢ ᠲᠦᠭᠡᠮᠡᠯᠵᠢᠭᠦᠯᠬᠦ ᠪᠣᠯᠪᠠᠰᠤᠷᠠᠭᠤᠯᠤᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/24
   ᠰᠤᠷᠤᠭᠴᠢᠳ ᠤᠨ ᠠᠮᠤᠷ ᠲᠦᠪᠰᠢᠨ ᠤ ᠠᠪᠤᠷᠠᠯᠳᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠤᠭᠴᠢᠳ ᠤᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠪᠠ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠴᠢᠩᠱᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠤᠭᠤᠲᠤ ᠬᠤᠲᠠ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠳᠡᠯᠭᠡ ᠶᠢ ᠲᠦᠭᠡᠮᠡᠯᠵᠢᠭᠦᠯᠬᠦ ᠪᠣᠯᠪᠠᠰᠤᠷᠠᠭᠤᠯᠤᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠬᠠᠮᠲᠤᠷᠠᠨ ᠡᠷᠭᠢᠯᠡᠪᠡ᠃
   ᠪᠣᠯᠪᠠᠰᠤᠷᠠᠭᠤᠯᠤᠯ ᠤᠨ ᠲᠤᠬᠠᠶ ᠶᠢᠨ ᠲᠠᠯᠠᠪᠤᠷ ᠲᠤ᠂ ᠣᠨᠣᠯ ᠲᠠᠶᠢᠯᠪᠤᠷᠢᠯᠠᠬᠤ᠂ ᠵᠢᠱᠢᠶ᠎ᠡ ᠦᠵᠡᠭᠦᠯᠦᠨ ᠠᠵᠢᠯᠯᠠᠭᠤᠯᠬᠤ᠂ ᠲᠤᠬᠠᠶ ᠶᠢᠨ ᠲᠠᠯᠠᠪᠤᠷ ᠤᠨ ᠰᠣᠷᠢᠯᠲᠠ ᠶᠢᠨ ᠬᠡᠯᠪᠡᠷᠢ ᠪᠠᠷ ᠳᠠᠮᠵᠢᠭᠤᠯᠤᠨ᠂ ᠵᠢᠷᠦᠬᠡ ᠠᠭᠤᠰᠬᠢᠨ ᠤ ᠰᠡᠷᠭᠦᠯᠲᠡ᠂ ᠬᠠᠶᠢᠮᠦ ᠯᠢ ᠺᠧ ᠶᠢᠨ ᠠᠵᠢᠯᠯᠠᠭᠠᠨ ᠤ ᠠᠯᠬᠤᠮ ᠳᠠᠷᠠᠭ᠎ᠠ ᠶᠢ ᠭᠤᠤᠯᠳᠠᠯᠭ᠎ᠠ ᠲᠠᠢ ᠪᠠᠷ ᠰᠡᠷᠭᠦᠭᠡᠵᠦ᠂ ᠤᠬᠠᠮᠰᠠᠷ ᠥᠬᠡᠶ ᠠᠮᠢᠰᠬᠤᠯ ᠤᠨ ᠪᠠᠶᠢᠳᠠᠯ ᠢ ᠬᠡᠷᠬᠢᠨ ᠮᠠᠭᠠᠳᠯᠠᠬᠤ᠂ ᠠᠮᠢᠰᠬᠤᠯ ᠤᠨ ᠵᠠᠮ ᠢ ᠨᠡᠭᠡᠭᠡᠬᠦ᠂ ᠴᠡᠭᠡᠵᠢᠨ ᠭᠠᠳᠠᠨ᠎ᠠ ᠳᠠᠷᠤᠯᠲᠠ ᠥᠭᠬᠦ᠂ ᠡᠯᠳᠡᠪ ᠪᠣᠳᠠᠰ ᠤᠨ ᠺᠠᠷᠲ ᠬᠤᠭᠤᠯᠠᠢ ᠵᠡᠷᠭᠡ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠠᠷᠭ᠎ᠠ ᠳᠤ ᠪᠣᠯᠪᠠᠰᠤᠷᠠᠭᠤᠯᠤᠯ ᠬᠢᠭᠰᠡᠨ ᠪᠥᠭᠡᠳ ᠰᠤᠷᠤᠭᠴᠢᠳ ᠢ ᠵᠢᠯᠣᠭᠤᠳᠤᠨ ᠪᠣᠳᠠᠲᠠᠶ ᠪᠣᠯᠪᠠᠰᠤᠷᠠᠯ ᠬᠢᠭᠰᠡᠨ ᠪᠠᠶᠢᠨ᠎ᠠ᠃ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠨᠠᠷᠢᠨ ᠬᠢᠨᠠᠮᠠᠭᠠᠢ ᠰᠣᠨᠣᠰᠴᠤ᠂ ᠳᠠᠭᠤᠷᠢᠶᠠᠮᠠᠯ ᠰᠣᠷᠢᠯᠲᠠ ᠳᠤ ᠢᠳᠡᠪᠬᠢᠲᠡᠢ ᠣᠷᠣᠯᠴᠠᠵᠤ᠂ ᠲᠤᠬᠠᠢ ᠶᠢᠨ ᠲᠠᠯᠠᠪᠠᠢ ᠶᠢᠨ ᠰᠤᠷᠤᠯᠴᠠᠯᠭ᠎ᠠ ᠶᠢᠨ ᠠᠭᠤᠷ ᠠᠮᠢᠰᠬᠤᠯ ᠭᠦᠨ ᠵᠤᠵᠠᠭᠠᠨ ᠪᠠᠶᠢᠯ᠎ᠠ᠃    ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠦᠷᠭᠦᠯᠵᠢᠯᠡᠨ ᠣᠯᠠᠨ ᠶᠠᠩᠵᠤ ᠬᠡᠯᠪᠡᠷᠢ ᠶᠢᠨ ᠠᠵᠢᠯᠯᠠᠭ᠎ᠠ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠭᠤᠯᠤᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠵᠦ᠂ ᠣᠯᠠᠨ ᠲᠦᠮᠡᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠨᠠᠩ ᠣᠯᠠᠨ ᠬᠥᠮᠦᠨ ᠳᠤ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠤᠷ᠎ᠠ ᠴᠢᠳᠠᠪᠤᠷᠢ ᠶᠢ ᠡᠵᠡᠮᠰᠢᠭᠦᠯᠵᠦ᠂ ︽ᠬᠥᠮᠦᠨ ᠪᠦᠬᠦᠨ ᠲᠦᠷᠭᠡᠨ ᠠᠪᠤᠷᠠᠬᠤ ᠶᠢ ᠰᠤᠷᠴᠤ᠂ ᠬᠥᠮᠦᠨ ᠪᠦᠬᠦᠨ ᠲᠦᠷᠭᠡᠨ ᠠᠪᠤᠷᠠᠵᠤ ᠴᠢᠳᠠᠬᠤ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1