ᠪᠤᠭᠤᠲᠤ ᠶᠢᠨ ᠬᠤᠸᠠ ᠽᠢ ᠠᠵᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠢᠯ ᠳᠤ 2 ᠲᠦᠮᠡᠨ ᠲᠤᠨ  ᠰᠢᠷ᠎ᠠ ᠴᠠᠪᠠᠤ ᠦᠢᠯᠡᠳᠪᠦᠷᠢᠯᠡᠬᠦ ᠲᠥᠷᠥᠯ ᠵᠦᠢᠯ ᠲᠤᠷᠰᠢᠨ ᠦᠢᠯᠡᠳᠪᠦᠷᠢᠯᠡᠬᠦ
ᠨᠡᠶᠢᠲᠡᠯᠡᠭᠰᠡᠨ ᠴᠠᠭ᠄
2024/10/24
   10 ᠰᠠᠷ᠎ᠠ ᠶᠢᠨ 23 ᠤ ᠡᠳᠦᠷ᠂ ᠪᠤᠭᠤᠲᠤ ᠶᠢᠨ ᠬᠤᠸᠠ ᠽᠢ ᠠᠵᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠢᠯ ᠳᠤ 2 ᠲᠦᠮᠡᠨ ᠲᠣᠨ ᠬᠤᠸᠠᠩ ᠶᠤᠸᠠᠨ ᠴᠠᠪᠠᠤ ᠦᠢᠯᠡᠳᠪᠦᠷᠢᠯᠡᠬᠦ ᠲᠥᠷᠥᠯ ᠵᠦᠢᠯ ᠢ ᠲᠤᠷᠰᠢᠨ ᠦᠢᠯᠡᠳᠪᠦᠷᠢᠯᠡᠪᠡ᠃    ᠪᠤᠭᠤᠲᠤ ᠶᠢᠨ ᠬᠤᠸᠠ ᠽᠢ ᠠᠵᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠨᠢ ᠰᠢᠬᠢᠷ ᠢᠶᠠᠷ ᠭᠤᠣᠯ ᠪᠣᠯᠭᠠᠭᠰᠠᠨ ᠣᠷᠣᠨ ᠨᠤᠲᠤᠭ ᠤᠨ ᠠᠵᠤ ᠠᠬᠤᠶᠢᠯᠠᠯ ᠠᠴᠠ ᠰᠢᠬᠢᠷ ᠦᠢᠯᠡᠳᠪᠦᠷᠢᠯᠡᠵᠦ ᠪᠣᠷᠣᠯᠠᠭᠤᠯᠬᠤ᠂ ᠠᠮᠤ ᠪᠤᠳᠠᠭ᠎ᠠ᠂ ᠢᠳᠡᠭᠡᠨ ᠤ ᠨᠡᠮᠡᠯᠲᠡ ᠡᠳ᠋᠂ ᠠᠷᠢᠬᠢᠨ ᠤ ᠪᠦᠲᠦᠭᠡᠭᠳᠡᠬᠦᠨ ᠢ ᠦᠢᠯᠡᠳᠪᠦᠷᠢᠯᠡᠵᠦ ᠪᠣᠷᠣᠯᠠᠭᠤᠯᠬᠤ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠦᠢᠯᠡᠴᠢᠯᠡᠭᠡ᠂ ᠲᠡᠮᠦᠷ ᠵᠠᠮ ᠤᠨ ᠲᠡᠭᠡᠭᠡᠪᠦᠷᠢ᠂ ᠳᠠᠭᠠᠯᠲᠠ ᠪᠦᠲᠦᠭᠡᠭᠳᠡᠬᠦᠨ ᠢ ᠶᠡᠷᠦᠩᠬᠡᠶᠢᠯᠡᠨ ᠠᠰᠢᠭᠯᠠᠬᠤ ᠵᠢᠴᠢ ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢ ᠨᠢᠭᠡ ᠴᠣᠭᠴᠠᠵᠢᠭᠤᠯᠤᠭᠰᠠᠨ ᠠᠵᠢᠯ ᠲᠥᠷᠥᠯ᠂ ᠭᠠᠵᠠᠷ ᠣᠷᠣᠨ ᠠᠯᠤᠰᠯᠠᠭᠰᠠᠨ᠂ ᠠᠵᠤ ᠦᠢᠯᠡᠰ ᠤᠨ ᠣᠯᠠᠨ ᠡᠰᠢᠲᠦ ᠲᠣᠮᠣ ᠬᠡᠯᠪᠡᠷᠢ ᠶᠢᠨ ᠵᠠᠬ᠎ᠠ ᠳᠡᠯᠭᠡᠭᠦᠷ ᠲᠤ ᠭᠠᠷᠭᠠᠬᠤ ᠺᠣᠮᠫᠠᠨᠢ ᠪᠣᠯᠭᠠᠨ ᠬᠥᠭᠵᠢᠭᠦᠯᠪᠡ᠃ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢᠨ ᠣᠯᠠᠨ ᠡᠰᠢᠵᠢᠭᠰᠡᠨ ᠦᠷᠭᠦᠯᠵᠢᠯᠡᠨ ᠬᠥᠭᠵᠢᠬᠦ ᠶᠢ ᠪᠡᠶᠡᠯᠡᠭᠦᠯᠬᠦ ᠶᠢᠨ ᠲᠥᠯᠥᠭᠡ᠂ ᠺᠣᠮᠫᠠᠨᠢ ᠨᠢ ᠡᠷᠬᠢᠨ ᠲᠣᠭᠤᠷᠢᠨ ᠤ ᠡᠯᠪᠡᠭ ᠪᠠᠶᠠᠯᠢᠭ ᠴᠢᠨᠠᠷ ᠰᠠᠶᠢᠲᠠᠶ ᠡᠷᠳᠡᠨᠢ ᠰᠢᠰᠢ ᠶᠢᠨ ᠡᠬᠢ ᠪᠠᠶᠠᠯᠢᠭ ᠢ ᠭᠦᠢᠴᠡᠳ ᠠᠰᠢᠭᠯᠠᠬᠤ ᠶᠢᠨ ᠬᠠᠮᠲᠤ ᠠᠵᠤ ᠠᠬᠤᠶᠢᠯᠠᠯ ᠤᠨ ᠲᠣᠰ ᠪᠡᠶ᠎ᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠤᠨ᠂ 6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠵᠢᠯ ᠳᠤ 2 ᠲᠦᠮᠡᠨ ᠲᠣᠨ ᠰᠢᠷ᠎ᠠ ᠲᠦᠭᠦᠬᠡᠢ ᠭᠤᠮ ᠦᠢᠯᠡᠳᠪᠦᠷᠢᠯᠡᠬᠦ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠥᠲᠥᠭᠡᠨ ᠪᠠᠶᠢᠭᠤᠯᠪᠠ᠃ ᠲᠤᠰ ᠲᠥᠷᠥᠯ ᠵᠦᠢᠯ ᠨᠢ ᠬᠠᠲᠤᠨ ᠭᠤᠣᠯ ᠤᠨ ᠴᠠᠪᠠᠤ ᠶᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠪᠠ ᠪᠣᠷᠣᠯᠠᠭᠤᠯᠬᠤ ᠳᠤ ᠬᠦᠴᠦ ᠲᠠᠯᠪᠢᠵᠤ᠂ ᠬᠠᠮᠤᠭ ᠤᠨ ᠰᠢᠨ᠎ᠡ ᠠᠮᠢᠳᠤ ᠪᠣᠳᠠᠰ ᠤᠨ ᠢᠨᠵᠧᠨᠧᠷᠢᠩ ᠪᠠ ᠭᠠᠷᠭᠠᠨ ᠠᠪᠬᠤ ᠤᠷ᠎ᠠ ᠮᠡᠷᠭᠡᠵᠢᠯ ᠢ ᠬᠡᠷᠡᠭᠯᠡᠵᠦ᠂ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠦᠢᠯᠡᠳᠬᠦᠨ ᠤ ᠴᠡᠪᠡᠷᠴᠡ ᠶᠢᠨ ᠬᠡᠮᠵᠢᠶ᠎ᠡ ᠶᠢ ᠳᠡᠭᠡᠭᠰᠢᠯᠡᠭᠦᠯᠬᠦ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠡᠷᠭᠡ ᠲᠠᠯ᠎ᠠ ᠪᠠᠷ ᠢᠯᠡᠳᠲᠡ ᠳᠠᠪᠠᠭᠤᠯᠢᠭ ᠲᠠᠢ ᠪᠠᠶᠢᠵᠤ᠂ ᠦᠢᠯᠡᠳᠬᠦᠨ ᠨᠢ ᠢᠳᠡᠭᠡᠨ᠂ ᠡᠮ ᠡᠮᠨᠡᠯᠭᠡ᠂ ᠵᠠᠰᠠᠯ ᠴᠢᠮᠡᠭ ᠤᠨ ᠡᠳ᠋ ᠵᠡᠷᠭᠡ 20 ᠭᠠᠷᠤᠢ ᠠᠵᠢᠯ ᠲᠥᠷᠥᠯ ᠳᠤ ᠬᠡᠷᠡᠭᠯᠡᠪᠡ᠃    ᠪᠤᠭᠤᠲᠤ ᠶᠢᠨ ᠬᠤᠸᠠ ᠽᠢ ᠠᠵᠤ ᠦᠶ᠋ᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠢᠯ ᠳᠤ 2 ᠲᠦᠮᠡᠨ ᠲᠣᠨ ᠬᠤᠸᠠᠩ ᠶᠤᠸᠠᠨ ᠵᠢᠶᠣᠣ ᠶᠢᠨ ᠲᠥᠷᠥᠯ ᠵᠦᠶ᠋ᠯ ᠲᠤᠷᠰᠢᠨ  ᠦᠢᠯᠡᠳᠪᠦᠷᠢᠯᠡᠵᠦ᠂ ᠪᠤᠭᠤᠲᠤ ᠬᠤᠲᠠ ᠶᠢᠨ ᠲᠣᠮᠣ ᠬᠡᠯᠪᠡᠷᠢ ᠶᠢᠨ ᠡᠷᠳᠡᠨᠢ ᠰᠢᠰᠢ ᠡᠳ᠋ᠰᠢᠭᠦᠯᠬᠦ ᠠᠵᠤ ᠦᠶ᠋ᠯᠡᠰ ᠪᠠ ᠶᠡᠷᠦᠩᠬᠡᠶᠢᠯᠡᠭᠰᠡᠨ ᠣᠷᠣᠨ ᠤ ᠠᠮᠢᠳᠤ ᠪᠣᠳᠠᠰ ᠤᠨ ᠢᠰᠬᠡᠬᠦ ᠠᠵᠤ ᠦᠶ᠋ᠯᠡᠰ ᠤᠨ ᠬᠤᠭᠤᠰᠣᠨ ᠢ ᠨᠥᠬᠦᠪᠥᠷᠢᠯᠡᠵᠦ᠂ ᠰᠢᠨ᠎ᠡ ᠴᠢᠨᠠᠷ ᠤᠨ ᠦᠶ᠋ᠯᠡᠳᠪᠦᠷᠢᠯᠡᠯ ᠤᠨ ᠬᠦᠴᠦᠨ ᠢᠶᠠᠷ ᠮᠠᠨ ᠤ ᠲᠤᠭᠤᠷᠢᠭ ᠤᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠬᠦᠷᠢᠶᠡᠨ ᠳᠠᠬᠢ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠵᠤ᠂ ᠮᠠᠨ ᠤ ᠲᠤᠭᠤᠷᠢᠭ ᠤᠨ ᠠᠵᠤ  ᠦᠢᠯᠡᠰ ᠤᠨ ᠥᠷᠢᠰᠥᠯᠳᠦᠬᠦ ᠬᠦᠴᠦᠨ ᠢ ᠲᠦᠷᠭᠡᠳᠬᠡᠨ ᠠᠬᠢᠭᠤᠯᠤᠨ᠎ᠠ᠃ ᠠᠵᠤ ᠦᠢᠯᠡᠰ ᠤᠨ ᠬᠦᠷᠢᠶᠡᠯᠡᠩ ᠢ ᠪᠦᠬᠦᠨ ᠢ ᠪᠠᠶᠢᠭᠤᠯᠤᠭᠰᠠᠨ ᠤ ᠳᠠᠷᠠᠭ᠎ᠠ᠂ ᠵᠢᠯ ᠤᠨ ᠦᠢᠯᠡᠳᠬᠦᠨ ᠤ ᠥᠷᠲᠡᠭ ᠢ 45 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠳᠤ 5 ᠳ᠋ᠦᠩᠰᠢᠭᠤᠷ ᠲᠥᠭᠦᠷᠢᠭ ᠭᠠᠶᠢᠯᠢ ᠲᠤᠰᠢᠶᠠᠵᠤ᠂ 4000 ᠭᠠᠷᠤᠶ ᠬᠥᠮᠦᠨ ᠳᠤ ᠰᠢᠨ᠎ᠡ ᠪᠠᠷ ᠠᠵᠢᠯ ᠣᠯᠭᠤᠵᠤ᠂ 6 ᠲᠦᠮᠡ ᠭᠠᠷᠤᠶ ᠲᠠᠷᠢᠶᠠᠴᠢᠨ ᠡᠷᠦᠬᠡ ᠶᠢ ᠳᠠᠶᠢᠴᠢᠯᠠᠨ ᠡᠷᠳᠡᠨᠢ ᠰᠢᠰᠢ ᠳᠠᠷᠢᠬᠤ ᠲᠠᠯᠠᠪᠠᠶ ᠶᠢ 120 ᠲᠦᠮᠡᠨ ᠮᠥ ᠳᠤ ᠬᠦᠷᠦᠭᠦᠯᠦᠨ᠎ᠡ᠃    ᠠᠵᠢᠯᠯᠠᠭ᠎ᠠ ᠶᠢᠨ ᠳᠤᠮᠳᠠ᠂ ᠪᠤᠭᠤᠲᠤ ᠶᠢᠨ ᠬᠤᠸᠠ ᠽᠢ ᠠᠵᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠣᠯᠠᠨ ᠬᠤᠷᠰᠢᠭᠰᠠᠨ ᠠᠵᠤ ᠠᠬᠤᠶᠢᠯᠠᠯ ᠲᠠᠢ ᠠᠮᠵᠢᠯᠲᠠ ᠲᠠᠢ ᠪᠠᠷ ᠵᠥᠪᠯᠡᠯᠴᠡᠭᠡᠷ ᠲᠣᠭᠲᠠᠭᠰᠠᠨ ᠨᠢ ᠬᠤᠸᠠ ᠽᠢ ᠠᠵᠤ ᠦᠢᠯᠡᠰ ᠤᠨ ᠬᠤᠸᠠᠩ ᠶᠤᠸᠠᠨ ᠵᠢᠶᠣᠣ ᠶᠢᠨ ᠵᠠᠬ᠎ᠠ ᠳᠡᠯᠭᠡᠭᠦᠷ ᠲᠠᠬᠢ ᠪᠣᠷᠣᠯᠠᠭᠤᠯᠬᠤ ᠲᠣᠤᠷ ᠰᠦᠯᠵᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠠᠵᠤ ᠠᠬᠤᠶᠢᠯᠠᠯ ᠤᠨ ᠢᠷᠡᠭᠡᠳᠦᠶ ᠶᠢᠨ ᠬᠥᠭᠵᠢᠯᠲᠡ ᠳᠤ ᠴᠣ᠋ ᠰᠢᠨ᠎ᠡ ᠬᠠᠭᠤᠳᠠᠰᠤ ᠶᠢ ᠪᠢᠴᠢᠭᠰᠡᠨ ᠢ ᠬᠠᠷᠠᠭᠤᠯᠵᠤ ᠪᠠᠶᠢᠨ᠎ᠠ᠃    ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠬᠦᠨᠳᠦᠲᠦ ᠵᠣᠴᠢᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠪᠠᠷ᠎ᠠ ᠪᠤᠯᠤᠯᠭ᠎ᠠ ᠲᠠᠢ ᠪᠠᠷ ᠬᠤᠸᠠᠩ ᠶᠤᠸᠠᠨ ᠵᠢᠶᠣᠣ ᠶᠢᠨ ᠦᠢᠯᠡᠳᠪᠦᠷᠢ ᠶᠢ ᠲᠣᠭᠤᠷᠢᠨ ᠦᠵᠡᠵᠦ᠂ ᠨᠠᠷᠢᠨ ᠣᠶᠢᠯᠠᠭᠠᠪᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1