ᠬᠡᠷᠡᠭ ᠤᠴᠢᠷ ᠤᠨ ᠰᠡᠷᠡᠮᠵᠢᠯᠡᠭᠦᠯᠦᠯ    ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠣᠭᠲᠠᠭᠠᠯ ᠠᠴᠠ ᠵᠥᠷᠢᠴᠡᠨ ᠵᠣᠭᠰᠣᠭᠠᠵᠤ᠂ ᠵᠠᠯᠠᠷᠠᠭᠤᠯᠬᠤ ᠶᠢ ᠲᠡᠪᠴᠢᠪᠡᠯ ᠰᠢᠳᠬᠡᠨ ᠲᠣᠷᠭᠠᠨ᠎ᠠ
ᠨᠡᠶᠢᠲᠡᠯᠡᠭᠰᠡᠨ ᠴᠠᠭ᠄
2024/10/24
     ᠬᠡᠷᠡᠭ ᠤᠨ ᠪᠠᠶᠢᠳᠠᠯ ᠤᠨ ᠲᠣᠪᠴᠢ ᠲᠠᠨᠢᠯᠴᠠᠭᠤᠯᠭ᠎ᠠ      2021 ᠣᠨ ᠤ 9 ᠰᠠᠷ᠎ᠠ ᠶᠢᠨ 28 ᠤ ᠡᠳᠦᠷ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠨᠢᠭᠡᠨ ᠰᠠᠭᠤᠭᠠᠯᠢ ᠲᠣᠭᠤᠷᠢᠭ ᠲᠤ ᠪᠠᠶᠢᠴᠠᠭᠠᠯᠲᠠ ᠬᠢᠬᠦ ᠦᠶ᠎ᠡ ᠳᠤ ᠣᠯᠵᠤ ᠮᠡᠳᠡᠭᠰᠡᠨ ᠨᠢ᠂ ᠲᠣᠰ ᠰᠠᠭᠤᠭᠠᠯᠢ ᠲᠣᠭᠤᠷᠢᠭ ᠤᠨ 4 ᠳ᠋ᠦᠭᠡᠷ ᠠᠰᠠᠷ ᠤᠨ ︵ᠥᠨᠳᠥᠷ ᠳᠠᠪᠬᠤᠷᠭᠠᠲᠤ ᠪᠠᠷᠢᠯᠭ᠎ᠠ︶ 2 ᠳ᠋ᠤᠭᠠᠷ ᠨᠢᠭᠡᠴᠢ ᠶᠢᠨ ᠣᠯᠠᠨ ᠨᠡᠶᠢᠲᠡ ᠶᠢᠨ ᠡᠭᠦᠳᠡᠨ ᠲᠢᠩᠬᠢᠮ ᠳᠤ ᠨᠢᠭᠡ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠣᠭᠰᠣᠭᠠᠵᠤ ᠲᠠᠯᠪᠢᠪᠠ᠃ ᠪᠠᠶᠢᠴᠠᠭᠠᠯᠲᠠ ᠬᠢᠭᠰᠡᠨ ᠠᠳᠠᠯ ᠠᠬᠤᠶ ᠶᠢᠨ ᠠᠵᠢᠯᠲᠠᠨ ᠤ ᠲᠤᠰᠬᠠᠭᠰᠠᠨ ᠢᠶᠠᠷ᠂ ᠲᠡᠷᠭᠡᠨ ᠤ ᠡᠵᠡᠨ ᠴᠢᠶᠠᠩ ᠣᠪᠣᠭᠲᠤ ᠢᠳᠬᠠᠯ ᠢ ᠰᠣᠨᠣᠰᠬᠤ ᠦᠭᠡᠶ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠣᠯᠠᠨ ᠨᠡᠶᠢᠲᠡ ᠶᠢᠨ ᠡᠭᠦᠳᠡᠨ ᠲᠢᠩᠬᠢᠮ ᠳᠤ ᠣᠯᠠᠨᠲᠠ ᠵᠣᠭᠰᠣᠭᠠᠵᠤ᠂ ︽ᠥᠨᠳᠥᠷ ᠳᠠᠪᠬᠤᠷᠭᠠᠲᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠤᠨ ᠭᠤᠴᠢᠨ ᠳᠣᠯᠣᠳᠤᠭᠠᠷ ᠵᠦᠢᠯ ᠤᠨ ᠨᠢᠭᠡᠳᠦᠭᠡᠷ ᠵᠤᠷᠪᠤᠰ ᠠᠴᠠ ᠵᠥᠷᠢᠴᠡᠵᠡᠶ᠃ ᠬᠠᠤᠯᠢ ᠬᠡᠷᠡᠭᠵᠢᠭᠦᠯᠬᠦ ᠠᠵᠢᠯᠲᠠᠨ ᠲᠡᠷᠡ ᠳᠠᠷᠤᠶ ᠳᠤᠨᠢ ᠲᠡᠷᠭᠡᠨ ᠤ ᠡᠵᠡᠨ ᠴᠢᠶᠠᠩ ᠣᠪᠣᠭᠲᠤ ᠳᠤ ᠮᠡᠳᠡᠭᠳᠡᠵᠦ ᠲᠤᠬᠠᠶ ᠶᠢᠨ ᠲᠠᠯᠠᠪᠤᠷ ᠲᠤ ᠣᠴᠢᠭᠤᠯᠤᠨ᠂ ᠲᠡᠷᠡ ᠳᠣᠤᠷ᠎ᠠ ᠨᠢ ᠴᠢᠶᠠᠩ ᠣᠪᠣᠭᠲᠤ ᠶᠢ ᠵᠠᠷᠯᠢᠭᠳᠠᠨ ᠵᠠᠯᠠᠷᠠᠭᠤᠯᠤᠭᠤᠯᠵᠤ᠂ ᠲᠡᠷᠭᠡᠨ ᠤ ᠡᠵᠡᠨ ᠴᠢᠶᠠᠩ ᠣᠪᠣᠭᠲᠤ ᠵᠠᠯᠠᠷᠠᠭᠤᠯᠬᠤ ᠶᠢ ᠲᠡᠪᠴᠢᠪᠡ᠃      ᠰᠢᠢᠳᠪᠦᠷᠢᠯᠡᠭᠰᠡᠨ ᠥᠷ᠎ᠡ ᠳ᠋ᠦᠩ      ︽ᠥᠨᠳᠥᠷ ᠳᠠᠪᠬᠤᠷᠭᠠᠲᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠤᠨ ᠳᠥᠴᠢᠨ ᠳᠣᠯᠣᠳᠤᠭᠠᠷ ᠵᠦᠢᠯ ᠤᠨ ︵ᠳᠣᠯᠤᠭ᠎ᠠ︶ ᠳ᠋ᠤᠭᠠᠷ ᠵᠤᠷᠪᠤᠰ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠠᠴᠠ ᠴᠢᠶᠠᠩ ᠣᠪᠣᠭᠲᠤ ᠶᠢ 500 ᠲᠥᠭᠦᠷᠢᠭ ᠵᠣᠭᠤᠰ ᠢᠶᠠᠷ ᠲᠣᠷᠭᠠᠪᠠ᠃      ᠮᠡᠷᠭᠡᠵᠢᠯᠲᠠᠨ ᠤ ᠦᠨᠡᠯᠡᠯᠲᠡ      ︽ᠥᠨᠳᠥᠷ ᠳᠠᠪᠬᠤᠷᠭᠠᠲᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠤᠨ ᠭᠤᠴᠢᠨ ᠳᠣᠯᠣᠳᠤᠭᠠᠷ ᠵᠦᠢᠯ ᠳᠤ᠂ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠣᠯᠠᠨ ᠨᠡᠶᠢᠲᠡ ᠶᠢᠨ ᠡᠭᠦᠳᠡᠨ ᠲᠢᠩᠬᠢᠮ᠂ ᠲᠠᠷᠬᠠᠭᠠᠬᠤ ᠵᠠᠮ᠂ ᠠᠰᠠᠷ ᠤᠨ ᠱᠠᠲᠤᠨ ᠤ ᠲᠠᠰᠤᠯᠭ᠎ᠠ᠂ ᠠᠮᠤᠷ ᠲᠦᠪᠰᠢᠨ ᠢᠶᠠᠷ ᠭᠠᠳᠠᠭᠠᠳᠤ ᠳᠤ ᠭᠠᠷᠭᠠᠵᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠣᠭᠰᠣᠭᠠᠬᠤ ᠪᠤᠶᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠳᠤ ᠴᠠᠬᠢᠯᠭᠠᠨ ᠴᠡᠨᠡᠭᠯᠡᠬᠦ ᠶᠢ ᠴᠠᠭᠠᠵᠠᠯᠠᠨ᠎ᠠ᠃ ᠥᠨᠳᠦᠷ ᠳᠠᠪᠬᠤᠷᠭ᠎ᠠ ᠶᠢᠨ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠲᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠲᠥᠪᠯᠡᠷᠡᠭᠦᠯᠦᠨ ᠬᠠᠳᠠᠭᠠᠯᠠᠬᠤ ᠪᠠ ᠴᠠᠬᠢᠯᠭᠠᠨ ᠴᠡᠨᠡᠭᠯᠡᠬᠦ ᠲᠠᠯᠠᠪᠤᠷ ᠲᠣᠬᠢᠷᠠᠭᠤᠯᠬᠤ ᠶᠢ ᠵᠣᠷᠢᠬᠵᠢᠭᠤᠯᠤᠨ᠎ᠠ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠬᠠᠳᠠᠭᠠᠯᠠᠬᠤ᠂ ᠴᠠᠬᠢᠯᠭᠠᠨ ᠴᠡᠨᠡᠭᠯᠡᠬᠦ ᠲᠠᠯᠠᠪᠤᠷ ᠭᠠᠵᠠᠷ ᠢ ᠲᠤᠰᠠᠭᠠᠷ ᠪᠠᠶᠢᠷᠢᠯᠠᠭᠤᠯᠬᠤ ᠶᠢᠨ ᠬᠠᠮᠲᠤ ᠥᠨᠳᠥᠷ ᠳᠠᠪᠬᠤᠷᠭᠠᠲᠤ ᠠᠷᠠᠳ ᠤᠨ ᠬᠡᠷᠡᠭᠯᠡᠭᠡᠨ ᠤ ᠪᠠᠷᠢᠯᠭ᠎ᠠ ᠲᠠᠢ ᠠᠶᠤᠯ ᠦᠭᠡᠶ ᠶᠢᠨ ᠵᠠᠶ ᠲᠠᠢ ᠪᠠᠶᠢᠯᠭᠠᠬᠤ ᠬᠡᠷᠡᠭᠲᠡᠶ᠂ ᠠᠷᠠᠳ ᠤᠨ ᠬᠡᠷᠡᠭᠯᠡᠭᠡᠨ ᠤ ᠥᠨᠳᠥᠷ ᠪᠠᠷᠢᠯᠭ᠎ᠠ ᠳᠤ ᠪᠠᠶᠢᠷᠢᠯᠠᠭᠤᠯᠬᠤ ᠦᠨᠡᠨᠬᠦ ᠴᠢᠬᠤᠯᠠ ᠲᠠᠢ ᠪᠣᠯ ᠲᠤᠰ ᠪᠠᠷᠢᠯᠭ᠎ᠠ ᠶᠢᠨ ᠪᠤᠰᠤᠳ ᠬᠡᠰᠡᠭ ᠠᠴᠠ ᠭᠠᠯ ᠰᠡᠷᠭᠡᠶᠢᠯᠡᠯᠲᠡ ᠶᠢ ᠰᠠᠯᠭᠠᠬᠤ ᠬᠡᠷᠡᠭᠲᠡᠶ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠬᠠᠳᠠᠭᠠᠯᠠᠬᠤ᠂ ᠴᠠᠬᠢᠯᠭᠠᠨ ᠴᠡᠨᠡᠭᠯᠡᠬᠦ ᠲᠠᠯᠠᠪᠤᠷ ᠤᠳ ᠴᠢᠬᠤᠯᠠ ᠪᠦᠬᠦᠢ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠵᠤ᠂ ᠴᠠᠬᠢᠯᠭᠠᠨ ᠵᠣᠭᠰᠣᠭᠠᠬᠤ ᠪᠡᠯᠡᠳᠬᠡᠮᠵᠢ ᠳᠡᠭᠡᠨ ᠠᠦ᠋ᠲ᠋ᠣ᠋ ᠴᠠᠬᠢᠯᠭᠠᠨ ᠲᠠᠰᠤᠯᠬᠤ ᠴᠢᠳᠠᠮᠵᠢ ᠪᠠᠷ ᠪᠢᠯᠬᠠᠮ᠎ᠠ ᠪᠠᠶᠢᠬᠤ ᠬᠡᠷᠡᠭᠲᠡᠶ᠃ ᠥᠨᠳᠥᠷ ᠳᠠᠪᠬᠤᠷᠭᠠᠲᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠣᠯᠠᠨ ᠨᠡᠶᠢᠲᠡ ᠶᠢᠨ ᠡᠭᠦᠳᠡᠨ ᠲᠢᠩᠬᠢᠮ᠂ ᠲᠠᠷᠬᠠᠭᠠᠬᠤ ᠵᠠᠮ ᠪᠠ ᠠᠰᠠᠷ ᠤᠨ ᠱᠠᠲᠤ ᠶᠢᠨ ᠬᠤᠭᠤᠷᠣᠨᠳᠣ᠂ ᠠᠮᠤᠷ ᠲᠦᠪᠰᠢᠨ ᠭᠠᠷᠬᠤ ᠡᠭᠦᠳᠡ ᠪᠠᠷ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠣᠭᠰᠣᠭᠠᠬᠤ ᠪᠤᠶᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠠᠷ ᠴᠠᠬᠢᠯᠭᠠᠨ ᠴᠡᠨᠡᠭᠯᠡᠵᠦ᠂ ᠵᠠᠯᠠᠷᠠᠭᠤᠯᠬᠤ ᠦᠭᠡᠶ ᠪᠣᠯ ︽ᠥᠨᠳᠥᠷ ᠳᠠᠪᠬᠤᠷᠭᠠᠲᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠤᠨ ᠳᠥᠴᠢᠨ ᠳᠣᠯᠣᠳᠤᠭᠠᠷ ᠵᠦᠢᠯ ᠤᠨ ᠳᠣᠯᠣᠳᠤᠭᠠᠷ ᠵᠤᠷᠪᠤᠰ ᠢ ᠦᠨᠳᠦᠰᠦᠯᠡᠨ ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠤᠭᠤᠯᠵᠤ᠂ ᠡᠵᠡᠩᠨᠡᠯᠲᠡ ᠶᠢᠨ ᠪᠤᠰᠤ ᠴᠢᠨᠠᠷᠲᠠᠶ ᠨᠢᠭᠡᠴᠡ ᠪᠣᠯᠤᠨ ᠬᠤᠪᠢ ᠬᠥᠮᠦᠨ ᠢ 2000 ᠲᠥᠭᠦᠷᠢᠭ ᠠᠴᠠ ᠳᠡᠭᠡᠭᠰᠢ 10000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠡᠵᠡᠩᠨᠡᠯᠲᠡ ᠶᠢᠨ ᠪᠤᠰᠤ ᠴᠢᠨᠠᠷᠲᠠᠶ ᠨᠢᠭᠡᠴᠡ ᠪᠣᠯᠤᠨ ᠬᠤᠪᠢ ᠬᠥᠮᠦᠨ ᠢ 500 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠲᠤᠰ ᠬᠡᠷᠡᠭ ᠲᠤ᠂ ᠴᠢᠶᠠᠩ ᠣᠪᠣᠭᠲᠤ ᠢᠳᠬᠠᠯ ᠢ ᠰᠣᠨᠣᠰᠬᠤ ᠦᠭᠡᠢ ᠪᠠᠶᠢᠵᠤ᠂ ᠥᠨᠳᠥᠷ ᠳᠠᠪᠬᠤᠷᠭᠠᠲᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠣᠯᠠᠨ ᠨᠡᠶᠢᠲᠡ ᠶᠢᠨ ᠡᠭᠦᠳᠡᠨ ᠲᠢᠩᠬᠢᠮ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠣᠭᠰᠣᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠲᠡᠷᠡ ᠳᠣᠤᠷ᠎ᠠ ᠨᠢ ᠴᠢᠶᠠᠩ ᠣᠪᠣᠭᠲᠤ ᠶᠢ ᠵᠠᠯᠠᠷᠠᠭᠤᠯᠬᠤ ᠪᠠᠷ ᠵᠠᠷᠯᠢᠭᠳᠠᠵᠤ᠂ ᠲᠡᠷᠭᠡᠨ ᠤ ᠡᠵᠡᠨ ᠴᠢᠶᠠᠩ ᠣᠪᠣᠭᠲᠤ ᠵᠠᠯᠠᠷᠠᠭᠤᠯᠬᠤ ᠦᠭᠡᠢ ᠪᠠᠶᠢᠪᠠᠯ ᠂ ᠲᠤᠰ ᠵᠦᠢᠯ ᠢ ᠦᠨᠳᠦᠰᠦᠯᠡᠨ ᠲᠡᠭᠦᠨ ᠢ ᠰᠢᠢᠳᠬᠡᠬᠦ ᠬᠡᠷᠡᠭᠲᠡᠶ᠃
 
ᠢᠷᠡᠯᠲᠡ᠄ ᠥᠨᠥᠳᠦᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1