ᠪᠤᠭᠤᠲᠤ ᠶᠢᠨ ᠬᠤᠸᠠ ᠽᠢ ᠠᠵᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠢᠯ ᠳᠤ 2 ᠲᠦᠮᠡᠨ ᠲᠤᠨ ᠰᠢᠷ᠎ᠠ ᠴᠠᠪᠠᠤ ᠦᠢᠯᠡᠳᠪᠦᠷᠢᠯᠡᠬᠦ ᠲᠥᠷᠥᠯ ᠵᠦᠢᠯ  ᠲᠣᠷᠰᠢᠨ ᠦᠢᠯᠡᠳᠪᠦᠷᠢᠯᠡᠪᠡ
ᠨᠡᠶᠢᠲᠡᠯᠡᠭᠰᠡᠨ ᠴᠠᠭ᠄
2024/10/24
     10 ᠰᠠᠷ᠎ᠠ ᠶᠢᠨ 23 ᠤ ᠡᠳᠦᠷ᠂ ᠪᠤᠭᠤᠲᠤ ᠶᠢᠨ ᠬᠤᠸᠠ ᠽᠢ ᠠᠵᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠢᠯ ᠳᠤ 2 ᠲᠦᠮᠡᠨ ᠲᠣᠨ ᠰᠢᠷ᠎ᠠ ᠴᠠᠪᠠᠤ ᠦᠢᠯᠡᠳᠪᠦᠷᠢᠯᠡᠬᠦ ᠲᠥᠷᠥᠯ ᠵᠦᠢᠯ ᠢ ᠲᠤᠷᠰᠢᠨ ᠦᠢᠯᠡᠳᠪᠦᠷᠢᠯᠡᠪᠡ᠃      ᠪᠤᠭᠤᠲᠤ ᠶᠢᠨ ᠬᠤᠸᠠ ᠽᠢ ᠠᠵᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠨᠢ ᠰᠢᠬᠢᠷ ᠢᠶᠠᠷ ᠭᠤᠣᠯ ᠪᠣᠯᠭᠠᠭᠰᠠᠨ ᠣᠷᠣᠨ ᠨᠤᠲᠤᠭ ᠤᠨ ᠠᠵᠤ ᠠᠬᠤᠶᠢᠯᠠᠯ ᠠᠴᠠ ᠰᠢᠬᠢᠷ ᠦᠢᠯᠡᠳᠪᠦᠷᠢᠯᠡᠵᠦ ᠪᠣᠷᠣᠯᠠᠭᠤᠯᠬᠤ᠂ ᠠᠮᠤ ᠪᠤᠳᠠᠭ᠎ᠠ᠂ ᠢᠳᠡᠭᠡᠨ ᠤ ᠨᠡᠮᠡᠯᠲᠡ ᠡᠳ᠋᠂ ᠠᠷᠢᠬᠢᠨ ᠤ ᠪᠦᠲᠦᠭᠡᠭᠳᠡᠬᠦᠨ ᠢ ᠦᠢᠯᠡᠳᠪᠦᠷᠢᠯᠡᠵᠦ ᠪᠣᠷᠣᠯᠠᠭᠤᠯᠬᠤ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠦᠢᠯᠡᠴᠢᠯᠡᠭᠡ᠂ ᠲᠡᠮᠦᠷ ᠵᠠᠮ ᠤᠨ ᠲᠡᠭᠡᠭᠡᠪᠦᠷᠢ᠂ ᠳᠠᠭᠠᠯᠲᠠ ᠪᠦᠲᠦᠭᠡᠭᠳᠡᠬᠦᠨ ᠢ ᠶᠡᠷᠦᠩᠬᠡᠶᠢᠯᠡᠨ ᠠᠰᠢᠭᠯᠠᠬᠤ ᠵᠢᠴᠢ ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢ ᠨᠢᠭᠡ ᠴᠣᠭᠴᠠᠵᠢᠭᠤᠯᠤᠭᠰᠠᠨ ᠠᠵᠢᠯ ᠲᠥᠷᠥᠯ᠂ ᠭᠠᠵᠠᠷ ᠣᠷᠣᠨ ᠠᠯᠤᠰᠯᠠᠭᠰᠠᠨ᠂ ᠠᠵᠤ ᠦᠢᠯᠡᠰ ᠤᠨ ᠣᠯᠠᠨ ᠡᠰᠢᠲᠦ ᠲᠣᠮᠣ ᠬᠡᠯᠪᠡᠷᠢ ᠶᠢᠨ ᠵᠠᠬ᠎ᠠ ᠳᠡᠯᠭᠡᠭᠦᠷ ᠲᠤ ᠭᠠᠷᠭᠠᠬᠤ ᠺᠣᠮᠫᠠᠨᠢ ᠪᠣᠯᠭᠠᠨ ᠬᠥᠭᠵᠢᠭᠦᠯᠪᠡ᠃ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢᠨ ᠣᠯᠠᠨ ᠡᠰᠢᠵᠢᠭᠰᠡᠨ ᠦᠷᠭᠦᠯᠵᠢᠯᠡᠨ ᠬᠥᠭᠵᠢᠬᠦ ᠶᠢ ᠪᠡᠶᠡᠯᠡᠭᠦᠯᠬᠦ ᠶᠢᠨ ᠲᠥᠯᠥᠭᠡ᠂ ᠺᠣᠮᠫᠠᠨᠢ ᠨᠢ ᠡᠷᠬᠢᠨ ᠲᠣᠭᠤᠷᠢᠨ ᠤ ᠡᠯᠪᠡᠭ ᠪᠠᠶᠠᠯᠢᠭ ᠴᠢᠨᠠᠷ ᠰᠠᠶᠢᠲᠠᠶ ᠡᠷᠳᠡᠨᠢ ᠰᠢᠰᠢ ᠶᠢᠨ ᠡᠬᠢ ᠪᠠᠶᠠᠯᠢᠭ ᠢ ᠭᠦᠢᠴᠡᠳ ᠠᠰᠢᠭᠯᠠᠬᠤ ᠶᠢᠨ ᠬᠠᠮᠲᠤ ᠠᠵᠤ ᠠᠬᠤᠶᠢᠯᠠᠯ ᠤᠨ ᠲᠣᠰ ᠪᠡᠶ᠎ᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠤᠨ᠂ 6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠵᠢᠯ ᠳᠤ 2 ᠲᠦᠮᠡᠨ ᠲᠣᠨ ᠰᠢᠷ᠎ᠠ ᠴᠠᠪᠠᠤ ᠦᠢᠯᠡᠳᠪᠦᠷᠢᠯᠡᠬᠦ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠥᠲᠥᠭᠡᠨ ᠪᠠᠶᠢᠭᠤᠯᠪᠠ᠃ ᠲᠤᠰ ᠲᠥᠷᠥᠯ ᠵᠦᠢᠯ ᠨᠢ ᠬᠠᠲᠤᠨ ᠭᠤᠣᠯ ᠤᠨ ᠴᠠᠪᠠᠤ ᠶᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠪᠠ ᠪᠣᠷᠣᠯᠠᠭᠤᠯᠬᠤ ᠳᠤ ᠬᠦᠴᠦ ᠲᠠᠯᠪᠢᠵᠤ᠂ ᠬᠠᠮᠤᠭ ᠤᠨ ᠰᠢᠨ᠎ᠡ ᠠᠮᠢᠳᠤ ᠪᠣᠳᠠᠰ ᠤᠨ ᠢᠨᠵᠧᠨᠧᠷᠢᠩ ᠪᠠ ᠭᠠᠷᠭᠠᠨ ᠠᠪᠬᠤ ᠤᠷ᠎ᠠ ᠮᠡᠷᠭᠡᠵᠢᠯ ᠢ ᠬᠡᠷᠡᠭᠯᠡᠵᠦ᠂ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠦᠢᠯᠡᠳᠬᠦᠨ ᠤ ᠴᠡᠪᠡᠷᠴᠡ ᠶᠢᠨ ᠬᠡᠮᠵᠢᠶ᠎ᠡ ᠶᠢ ᠳᠡᠭᠡᠭᠰᠢᠯᠡᠭᠦᠯᠬᠦ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠡᠷᠭᠡ ᠲᠠᠯ᠎ᠠ ᠪᠠᠷ ᠢᠯᠡᠳᠲᠡ ᠳᠠᠪᠠᠭᠤᠯᠢᠭ ᠲᠠᠢ ᠪᠠᠶᠢᠵᠤ᠂ ᠦᠢᠯᠡᠳᠬᠦᠨ ᠨᠢ ᠢᠳᠡᠭᠡᠨ᠂ ᠡᠮ ᠡᠮᠨᠡᠯᠭᠡ᠂ ᠵᠠᠰᠠᠯ ᠴᠢᠮᠡᠭ ᠤᠨ ᠡᠳ᠋ ᠵᠡᠷᠭᠡ 20 ᠭᠠᠷᠤᠢ ᠠᠵᠢᠯ ᠲᠥᠷᠥᠯ ᠳᠤ ᠬᠡᠷᠡᠭᠯᠡᠪᠡ᠃      ᠪᠤᠭᠤᠲᠤ ᠶᠢᠨ ᠬᠤᠸᠠ ᠽᠢ ᠠᠵᠤ ᠥᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠢᠯ ᠳᠤ 2 ᠲᠦᠮᠡᠨ ᠲᠣᠨ ᠰᠢᠷ᠎ᠠ ᠴᠠᠪᠠᠤ ᠶᠢᠨ ᠲᠥᠷᠥᠯ ᠵᠥᠢᠯ ᠲᠤᠷᠰᠢᠨ ᠥᠢᠯᠡᠳᠪᠦᠷᠢᠯᠡᠵᠦ᠂ ᠪᠤᠭᠤᠲᠤ ᠬᠤᠲᠠ ᠶᠢᠨ ᠲᠣᠮᠣ ᠬᠡᠯᠪᠡᠷᠢ ᠶᠢᠨ ᠡᠷᠳᠡᠨᠢ ᠰᠢᠰᠢ ᠡᠳ᠋ᠰᠢᠭᠦᠯᠬᠦ ᠠᠵᠤ ᠥᠢᠯᠡᠰ ᠪᠠ ᠶᠡᠷᠦᠩᠬᠡᠶᠢᠯᠡᠭᠰᠡᠨ ᠣᠷᠣᠨ ᠤ ᠠᠮᠢᠳᠤ ᠪᠣᠳᠠᠰ ᠤᠨ ᠢᠰᠬᠡᠬᠦ ᠠᠵᠤ ᠥᠢᠯᠡᠰ ᠤᠨ ᠬᠤᠭᠤᠰᠣᠨ ᠢ ᠨᠥᠬᠦᠪᠥᠷᠢᠯᠡᠵᠦ᠂ ᠰᠢᠨ᠎ᠡ ᠴᠢᠨᠠᠷ ᠤᠨ ᠥᠢᠯᠡᠳᠪᠦᠷᠢᠯᠡᠯ ᠤᠨ ᠬᠦᠴᠦᠨ ᠢᠶᠠᠷ ᠮᠠᠨ ᠤ ᠲᠤᠭᠤᠷᠢᠭ ᠤᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠬᠦᠷᠢᠶᠡᠨ ᠳᠠᠬᠢ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠵᠤ᠂ ᠮᠠᠨ ᠤ ᠲᠤᠭᠤᠷᠢᠭ ᠤᠨ ᠠᠵᠤ ᠥᠢᠯᠡᠰ ᠤᠨ ᠥᠷᠢᠰᠥᠯᠳᠦᠬᠦ ᠬᠦᠴᠦᠨ ᠢ ᠲᠦᠷᠭᠡᠳᠬᠡᠨ ᠠᠬᠢᠭᠤᠯᠤᠨ᠎ᠠ᠃ ᠠᠵᠤ ᠦᠢᠯᠡᠰ ᠤᠨ ᠬᠦᠷᠢᠶᠡᠯᠡᠩ ᠢ ᠪᠦᠬᠦᠨ ᠢ ᠪᠠᠶᠢᠭᠤᠯᠤᠭᠰᠠᠨ ᠤ ᠳᠠᠷᠠᠭ᠎ᠠ᠂ ᠵᠢᠯ ᠤᠨ ᠦᠢᠯᠡᠳᠬᠦᠨ ᠤ ᠥᠷᠲᠡᠭ ᠢ 45 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠳᠤ 5 ᠳ᠋ᠦᠩᠰᠢᠭᠤᠷ ᠲᠥᠭᠦᠷᠢᠭ ᠭᠠᠶᠢᠯᠢ ᠲᠤᠰᠢᠶᠠᠵᠤ᠂ 4000 ᠭᠠᠷᠤᠶ ᠬᠥᠮᠦᠨ ᠳᠤ ᠰᠢᠨ᠎ᠡ ᠪᠠᠷ ᠠᠵᠢᠯ ᠣᠯᠭᠤᠵᠤ᠂ 6 ᠲᠦᠮᠡ ᠭᠠᠷᠤᠶ ᠲᠠᠷᠢᠶᠠᠴᠢᠨ ᠡᠷᠦᠬᠡ ᠶᠢ ᠳᠠᠶᠢᠴᠢᠯᠠᠨ ᠡᠷᠳᠡᠨᠢ ᠰᠢᠰᠢ ᠳᠠᠷᠢᠬᠤ ᠲᠠᠯᠠᠪᠠᠶ ᠶᠢ 120 ᠲᠦᠮᠡᠨ ᠮᠥ ᠳᠤ ᠬᠦᠷᠦᠭᠦᠯᠦᠨ᠎ᠡ᠃      ᠠᠵᠢᠯᠯᠠᠭ᠎ᠠ ᠶᠢᠨ ᠳᠤᠮᠳᠠ᠂ ᠪᠤᠭᠤᠲᠤ ᠶᠢᠨ ᠬᠤᠸᠠ ᠽᠢ ᠠᠵᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠣᠯᠠᠨ ᠬᠤᠷᠰᠢᠭᠰᠠᠨ ᠠᠵᠤ ᠠᠬᠤᠶᠢᠯᠠᠯ ᠲᠠᠢ ᠠᠮᠵᠢᠯᠲᠠ ᠲᠠᠢ ᠪᠠᠷ ᠵᠥᠪᠯᠡᠯᠴᠡᠭᠡᠷ ᠲᠣᠭᠲᠠᠭᠰᠠᠨ ᠨᠢ ᠬᠤᠸᠠ ᠽᠢ ᠠᠵᠤ ᠦᠢᠯᠡᠰ ᠤᠨ ᠰᠢᠷ᠎ᠠ ᠴᠠᠪᠠᠤ ᠶᠢᠨ ᠵᠠᠬ᠎ᠠ ᠳᠡᠯᠭᠡᠭᠦᠷ ᠲᠠᠬᠢ ᠪᠣᠷᠣᠯᠠᠭᠤᠯᠬᠤ ᠲᠣᠤᠷ ᠰᠦᠯᠵᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠠᠵᠤ ᠠᠬᠤᠶᠢᠯᠠᠯ ᠤᠨ ᠢᠷᠡᠭᠡᠳᠦᠶ ᠶᠢᠨ ᠬᠥᠭᠵᠢᠯᠲᠡ ᠳᠤ ᠴᠣ᠋ ᠰᠢᠨ᠎ᠡ ᠬᠠᠭᠤᠳᠠᠰᠤ ᠶᠢ ᠪᠢᠴᠢᠭᠰᠡᠨ ᠢ ᠬᠠᠷᠠᠭᠤᠯᠵᠤ ᠪᠠᠶᠢᠨ᠎ᠠ᠃      ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠬᠦᠨᠳᠦᠲᠦ ᠵᠣᠴᠢᠳ ᠠᠵᠤ ᠠᠬᠤᠶᠢᠯᠠᠯ ᠤᠨ ᠬᠠᠷᠢᠭᠤᠴᠠᠯᠭᠠᠲᠠᠨ  ᠲᠠᠢ ᠰᠢᠷ᠎ᠠ ᠴᠠᠪᠠᠤ ᠶᠢᠨ ᠦᠢᠯᠡᠳᠪᠦᠷᠢ ᠶᠢ ᠲᠣᠭᠤᠷᠢᠨ ᠦᠵᠡᠵᠦ᠂ ᠠᠵᠤ ᠦᠢᠯᠡᠰ ᠤᠨ ᠪᠠᠶᠢᠷᠢᠯᠠᠭᠤᠯᠤᠯᠲᠠ᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠂ ᠪᠠᠷᠢᠯᠭ᠎ᠠ ᠶᠢᠨ ᠦᠶᠡᠯᠡᠯ ᠤᠨ ᠬᠤᠭᠤᠴᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠠᠬᠤᠶ ᠪᠠᠶᠢᠳᠠᠯ ᠤᠨ ᠬᠡᠷᠡᠭᠯᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
 
ᠢᠷᠡᠯᠲᠡ᠄ ᠥᠨᠥᠳᠦᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1