ᠬᠠᠮᠤᠭ ᠤᠨ ᠰᠢᠨ᠎ᠡ ᠮᠡᠳᠡᠭᠳᠡᠯ︕ ᠳᠠᠷᠦ᠋ᠢᠬᠠᠨ ᠰᠢᠢᠳᠪᠦᠷᠢᠯᠡᠭᠡᠷᠡᠢ
ᠨᠡᠶᠢᠲᠡᠯᠡᠭᠰᠡᠨ ᠴᠠᠭ᠄
2024/10/28
ᠳ᠋ᠦᠩ ᠾᠧ ᠲᠣᠭᠤᠷᠢᠭ ᠤᠨ ᠬᠤᠸᠠᠨ ᠰᠢ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢᠨ ᠭᠤᠷᠪᠠᠳᠤᠭᠠᠷ ᠠᠰᠠᠷ ᠤᠨ ᠥᠮᠴᠢᠲᠡᠨ᠄      ᠮᠠᠨ ᠤ ᠬᠤᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ︽ᠦᠨᠡᠮᠯᠡᠯ ᠠᠪᠬᠤ ᠳᠤ ᠬᠦᠴᠢᠷᠲᠡᠶ︾ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠣᠯᠠᠨ ᠲᠦᠮᠡᠨ ᠢ ᠨᠢᠭᠡᠨᠲᠡ ᠬᠡᠷ ᠪᠠᠶᠢᠰᠢᠩ ᠬᠤᠳᠠᠯᠳᠤᠨ ᠠᠪᠤᠭᠰᠠᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠡᠷᠲᠡᠬᠡᠨ ᠣᠯᠭᠤᠬᠤ ᠶᠢᠨ ᠲᠥᠯᠥᠭᠡ᠂ ︽ᠪᠤᠭᠤᠲᠤ ᠬᠤᠲᠠ ᠶᠢᠨ ᠬᠤᠲᠠ ᠶᠢᠨ ᠲᠥᠯᠥᠪᠵᠢᠭᠦᠯᠭᠡ ᠶᠢᠨ ᠲᠣᠭᠤᠷᠢᠭ ᠤᠨ ᠬᠡᠷ ᠪᠠᠶᠢᠰᠢᠩ ᠤᠨ ᠥᠮᠴᠢᠯᠡᠬᠦ ᠡᠷᠬᠡ ᠶᠢᠨ ᠳᠡᠩᠰᠡᠯᠡᠯᠲᠡ ᠶᠢ ᠲᠥᠪᠯᠡᠷᠡᠭᠦᠯᠦᠨ ᠵᠠᠰᠠᠬᠤ ᠠᠵᠢᠯ ᠢ ᠳᠥᠯᠭᠢᠨ ᠠᠬᠢᠭᠤᠯᠬᠤ ᠬᠡᠷᠡᠭᠵᠢᠭᠦᠯᠬᠦ ᠲᠥᠰᠦᠯ︾(包府发【2016】34号)ᠵᠢᠴᠢ ︽ᠪᠤᠭᠤᠲᠤ ᠬᠤᠲᠠ ᠶᠢᠨ ᠬᠤᠲᠠ ᠶᠢᠨ ᠲᠥᠯᠥᠪᠵᠢᠭᠦᠯᠭᠡ ᠶᠢᠨ ᠲᠣᠭᠤᠷᠢᠭ ᠤᠨ ᠬᠡᠷ ᠪᠠᠶᠢᠰᠢᠩ ᠤᠨ ᠥᠮᠴᠢᠯᠡᠬᠦ ᠡᠷᠬᠡ ᠶᠢᠨ ᠳᠡᠩᠰᠡᠯᠡᠯᠲᠡ ᠶᠢ ᠲᠥᠪᠯᠡᠷᠡᠭᠦᠯᠦᠨ ᠵᠠᠰᠠᠬᠤ ᠶᠢᠨ ᠬᠡᠷᠡᠭᠵᠢᠭᠦᠯᠬᠦ ᠨᠠᠷᠢᠨ ᠲᠦᠷᠢᠮ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠳ᠋ᠦᠩ ᠾᠧ ᠲᠣᠭᠤᠷᠢᠭ ᠤᠨ ᠬᠤᠸᠠᠨ ᠰᠢ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢᠨ ᠭᠤᠷᠪᠠᠳᠤᠭᠠᠷ ᠠᠰᠠᠷ ᠤᠨ ᠣᠷᠣᠨ ᠰᠠᠭᠤᠴᠠ ᠶᠢᠨ ᠲᠥᠷᠥᠯ ᠵᠦᠢᠯ ᠤᠨ ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠵᠢᠴᠢ ᠬᠡᠷ ᠪᠠᠶᠢᠰᠢᠩ ᠤᠨ ᠥᠮᠴᠢᠯᠡᠬᠦ ᠡᠷᠬᠡ ᠶᠢᠨ ᠲᠤᠬᠠᠶ ᠠᠩᠬ᠎ᠠ ᠤᠳᠠᠭ᠎ᠠ ᠳᠡᠩᠰᠡᠯᠡᠨ ᠲᠡᠮᠳᠡᠭᠯᠡᠬᠦ ᠶᠢ ︵ᠳᠠᠷᠤᠶ ᠲᠣᠮᠣ ᠬᠡᠷ ᠪᠠᠶᠢᠰᠢᠩ ᠤᠨ ᠳᠡᠪᠲᠡᠷ︶ ᠨᠢᠭᠡᠨᠲᠡ ᠪᠦᠬᠦᠨ ᠢ ᠭᠦᠢᠴᠡᠳᠬᠡᠨ ᠳᠠᠭᠤᠰᠬᠠᠵᠤ᠂ ᠳᠠᠩᠰᠠᠯᠠᠬᠤ ᠨᠥᠬᠦᠴᠡᠯ ᠳᠤ ᠨᠡᠶᠢᠴᠡᠬᠦ ᠥᠮᠴᠢᠲᠡᠨ ᠪᠥᠬᠦᠨ ᠢ ᠳᠠᠷᠤᠶ ᠲᠦᠷᠭᠡᠨ ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠵᠢᠴᠢ ᠬᠡᠷ ᠪᠠᠶᠢᠰᠢᠩ ᠤᠨ ᠥᠮᠴᠢᠯᠡᠬᠦ ᠡᠷᠬᠡ ᠶᠢᠨ ᠰᠢᠯᠵᠢᠭᠦᠯᠬᠦ ᠶᠢ ᠳᠡᠩᠰᠡᠯᠡᠵᠦ᠂ ᠡᠷᠦᠬᠡ ᠬᠤᠪᠢᠶᠠᠭᠰᠠᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠬᠠᠤᠯᠢ ᠶᠣᠰᠣᠭᠠᠷ ᠤᠯᠪᠠ᠃ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠰᠢᠢᠳᠪᠦᠷᠢᠯᠡᠬᠦ ᠠᠷᠭ᠎ᠠ ᠮᠠᠶ᠋ᠢᠭ      ᠬᠡᠷ ᠪᠠᠶᠢᠰᠢᠩ ᠬᠤᠳᠠᠯᠳᠤᠨ ᠠᠪᠬᠤ ᠥᠮᠴᠢᠲᠡᠨ ᠬᠠᠮᠢᠶ᠎ᠠ ᠪᠥᠬᠦᠶ ᠮᠠᠲ᠋ᠧᠷᠢᠶᠠᠯ ᠢᠶᠠᠨ ᠠᠪᠴᠤ ᠥᠪᠡᠰᠦᠪᠡᠨ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ᠳ᠋ᠦᠩ ᠾᠧ ᠲᠣᠭᠤᠷᠢᠭ ᠤᠨ ᠭᠥᠯᠢᠶᠡᠨ ᠠᠪᠴᠤ ᠰᠢᠢᠳᠪᠦᠷᠢᠯᠡᠬᠦ ᠶᠡᠭᠡ ᠲᠢᠩᠬᠢᠮ ᠳᠤ ᠬᠦᠷᠴᠦ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠭᠦᠢᠴᠡᠳᠭᠡᠵᠦ ᠪᠣᠯᠤᠨ᠎ᠠ᠃ ᠬᠦᠯᠢᠶᠡᠨ ᠠᠪᠬᠤ ᠶᠡᠭᠡ ᠲᠢᠩᠬᠢᠮ ᠳᠤ ᠨᠢᠭᠡᠨᠲᠡ ᠲᠤᠰᠬᠠᠶ ᠬᠥᠮᠦᠨ ᠲᠣᠬᠢᠷᠠᠭᠤᠯᠵᠤ᠂ ᠲᠤᠰᠬᠠᠶ ᠴᠣᠩᠬᠤ ᠭᠠᠷᠭᠠᠵᠤ ᠦᠨᠡᠮᠯᠡᠯ ᠭᠦᠢᠴᠡᠳᠭᠡᠬᠦ ᠦᠢᠯᠡᠴᠢᠯᠡᠭᠡ ᠶᠢ ᠬᠠᠷᠢᠭᠤᠴᠠᠭᠤᠯᠪᠠ᠃      ᠬᠤᠶᠠᠷ᠂ ᠰᠢᠨ᠎ᠡ ᠪᠠᠷ ᠡᠷᠭᠢᠯᠡᠭᠰᠡᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠳᠤ ᠬᠡᠷᠡᠭᠰᠡᠬᠦ ᠮᠠᠲ᠋ᠧᠷᠢᠶᠠᠯ      1. ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠭᠤᠶᠤᠴᠢᠯᠠᠯ ᠤᠨ ᠪᠢᠴᠢᠭ ︵ᠨᠡᠭᠡᠭᠡᠨ ᠬᠥᠭᠵᠢᠭᠦᠯᠬᠦ ᠺᠣᠮᠫᠠᠨᠢ ᠲᠠᠮᠠᠭ᠎ᠠ ᠳᠠᠷᠤᠬᠤ︶      2. ᠬᠤᠳᠠᠯᠳᠤᠭᠠᠯᠠᠬᠤ ᠭᠡᠷ᠎ᠡ ᠶᠢᠨ ᠤᠭ ᠮᠠᠲ᠋ᠧᠷᠢᠶᠠᠯ ︵ᠨᠡᠭᠡᠭᠡᠨ ᠬᠥᠭᠵᠢᠭᠦᠯᠬᠦ ᠺᠣᠮᠫᠠᠨᠢ ᠲᠠᠮᠠᠭ᠎ᠠ ᠳᠠᠷᠤᠬᠤ︶      3. ᠭᠤᠶᠤᠴᠢᠯᠠᠭᠴᠢ ᠶᠢᠨ ᠪᠡᠶ᠎ᠡ ᠶᠢᠨ ᠦᠨᠡᠮᠯᠡᠯ ᠢ ᠭᠡᠷᠡᠴᠢᠯᠡᠬᠦ ᠮᠠᠲ᠋ᠧᠷᠢᠶᠠᠯ      4. ᠬᠡᠷ ᠪᠠᠶᠢᠰᠢᠩ ᠤᠨ ᠬᠠᠪᠲᠠᠭᠠᠢ ᠶᠢᠨ ᠵᠢᠷᠤᠭ ᠬᠤᠪᠢ      5. ᠭᠡᠷ᠎ᠡ ᠶᠢᠨ ᠭᠠᠶᠢᠯᠢ ᠲᠤᠰᠢᠶᠠᠭᠰᠠᠨ ᠭᠡᠷᠡᠴᠢ ᠪᠠᠷᠢᠮᠲᠠ ︵ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠪᠠᠷᠢᠮᠲᠠ︶      ᠭᠤᠷᠪᠠ᠂ ᠰᠢᠢᠳᠪᠦᠷᠢᠯᠡᠬᠦ ᠬᠠᠶ᠋ᠢᠭ      ᠳ᠋ᠦᠩ ᠾᠧ ᠲᠣᠭᠤᠷᠢᠭ ᠤᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢ ᠭᠥᠯᠢᠶᠡᠨ ᠠᠪᠴᠤ ᠰᠢᠢᠳᠪᠦᠷᠢᠯᠡᠬᠦ ᠴᠡᠭ ︵ᠳ᠋ᠦᠩ ᠾᠧ ᠲᠣᠭᠤᠷᠢᠭ ᠤᠨ ᠪᠠᠷᠠᠭᠤᠨ ᠣᠪᠣᠭ᠎ᠠ ᠶᠡᠭᠡ ᠵᠡᠭᠡᠯᠢ ᠶᠢᠨ ᠪᠠᠷᠠᠭᠤᠨ ᠵᠠᠬ᠎ᠠ ᠵᠠᠮ ᠤᠨ ᠬᠤᠶᠢᠨ᠎ᠠ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠦᠵᠡᠮᠵᠢ ᠶᠢᠨ ᠰᠠᠭᠤᠭᠠᠯᠢ ᠲᠣᠭᠤᠷᠢᠭ ᠤᠨ ᠡᠮᠦᠨ᠎ᠡ ᠲᠠᠯ᠎ᠠ ᠳᠤ᠂ 10 ᠵᠠᠮ᠂ 16 ᠵᠠᠮ᠂ 30 ᠵᠠᠮ᠂ 35 ᠵᠠᠮ᠂ 36 ᠵᠠᠮ᠂ 38 ᠵᠠᠮ ᠤᠨ ᠨᠡᠶᠢᠲᠡ ᠶᠢᠨ ᠮᠠᠰᠢᠨ ᠲᠡᠷᠭᠡᠨ ᠤ ᠳ᠋ᠦᠩ ᠾᠧ ᠲᠣᠭᠤᠷᠢᠭ ᠤᠨ ᠪᠠᠷᠠᠭᠤᠨ ᠣᠪᠣᠭ᠎ᠠ ᠶᠡᠭᠡ ᠵᠡᠭᠡᠯᠢ ᠶᠢᠨ ᠪᠠᠷᠠᠭᠤᠨ ᠵᠠᠬ᠎ᠠ ᠥᠷᠲᠡᠭᠡ ᠳᠤ ᠪᠠᠭᠤᠵᠤ ᠲᠡᠷᠭᠡᠨ ᠠᠴᠠ ᠪᠠᠭᠤᠪᠠᠯ ᠬᠦᠷᠦᠨ᠎ᠡ︶     ᠠᠰᠠᠭᠤᠨ ᠯᠠᠪᠯᠠᠬᠤ ᠤᠲᠠᠰᠤ᠄ 0472 - 2624666
 
ᠢᠷᠡᠯᠲᠡ᠄ ᠥᠨᠥᠳᠦᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1