ᠳ᠋ᠦᠩ ᠾᠧ ᠲᠣᠭᠤᠷᠢᠭ ᠤᠨ ︽ᠰᠡᠳᠬᠢᠬᠦᠢ ᠲᠠᠢ ᠪᠠᠶᠢᠬᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠬᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠲᠡᠮᠡᠴᠡᠬᠦ︾ ᠲᠤᠰᠬᠠᠢ ᠰᠡᠳᠦᠪᠲᠦ ᠠᠵᠢᠯᠯᠠᠭ᠎ᠠ ᠶᠢᠨ ᠭᠤᠣᠯ ᠰᠡᠳᠦᠪᠲᠦ ᠨᠠᠮ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/28
   10 ᠰᠠᠷ᠎ᠠ ᠶᠢᠨ 25 ᠤ ᠡᠳᠦᠷ᠂ ᠳ᠋ᠦᠩ ᠾᠧ ᠲᠣᠭᠤᠷᠢᠭ ︽ᠲᠠᠶᠢᠯᠬᠤ ᠰᠡᠳᠬᠢᠬᠦᠶ ᠶᠢ ᠪᠣᠶ ᠪᠣᠯᠭᠠᠵᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠶ ᠰᠡᠳᠦᠪᠲᠦ ᠠᠵᠢᠯᠯᠠᠭ᠎ᠠ ᠶᠢᠨ ᠭᠤᠤᠯ ᠰᠡᠳᠦᠪᠲᠦ ᠨᠠᠮ ᠤᠨ ᠡᠳᠦᠷ ᠲᠤ᠂ ᠪᠥᠬᠦ ᠰᠢᠶᠠᠨ ᠤ ᠱᠠᠲᠤᠨ ᠤ ᠤᠳᠤᠷᠢᠳᠤᠯᠭ᠎ᠠ ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢ ᠶᠢᠨ ᠲᠡᠤᠬᠡ ᠶᠢᠨ ᠦᠵᠡᠭᠦᠯᠭᠡ ᠶᠢᠨ ᠲᠢᠩᠬᠢᠮ᠂ ᠥᠪᠥᠷ ᠮᠣᠩᠭᠤᠯ ᠤᠨ ᠬᠤᠸᠠ ᠶᠦᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠨᠢᠭᠡᠳᠦᠭᠡᠷ ᠬᠤᠭᠤᠴᠠᠭ᠎ᠠ᠂ ᠪᠤᠭᠤᠲᠤ ᠶᠢᠨ ᠱᠧᠩ ᠲᠠᠢ ᠮᠠᠰᠢᠨ ᠲᠡᠷᠭᠡᠨ ᠤ ᠰᠡᠯᠪᠢᠭ ᠲᠣᠨᠤᠭ ᠦᠶ᠋ᠯᠡᠳᠬᠦ ᠬᠢᠵᠠᠭᠠᠷᠲᠤ ᠺᠣᠮᠫᠠᠨᠢ ᠳᠤ ᠬᠦᠷᠴᠦ ᠲᠣᠭᠤᠷᠢᠨ ᠦᠵᠡᠵᠦ ᠰᠤᠷᠤᠯᠴᠠᠪᠠ᠃    ᠲᠣᠭᠤᠷᠢᠨ ᠦᠵᠡᠬᠦ ᠶᠠᠪᠤᠴᠠ ᠳᠤ᠂ ᠤᠯᠠᠨ ᠢᠶᠠᠷ ᠢᠶᠠᠨ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠪᠠᠶᠢᠨ ᠪᠠᠶᠢᠨ ᠪᠣᠳᠣᠯᠬᠢᠯᠠᠨ᠂ ᠪᠠᠶᠢᠨ ᠪᠠᠶᠢᠨ ᠠᠵᠤ ᠠᠬᠤᠶᠢᠯᠠᠯ ᠤᠨ ᠠᠵᠢᠯᠲᠠᠳ ᠲᠠᠢ ᠰᠠᠨᠠᠯ ᠢᠶᠠᠨ ᠰᠣᠯᠢᠯᠴᠠᠪᠠ᠃ ᠪᠤᠭᠤᠲᠤ ᠶᠢᠨ ᠬᠥᠩᠭᠡᠨᠴᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢ ᠶᠢᠨ ᠲᠡᠦᠬᠡ ᠶᠢᠨ ᠦᠵᠡᠭᠦᠯᠦᠯᠭᠡ ᠶᠢᠨ ᠲᠢᠩᠬᠢᠮ ᠳᠤ᠂ ᠲᠤᠬᠠᠢ ᠶᠢᠨ ᠲᠠᠯᠠᠪᠠᠢ ᠳᠤ ᠲᠠᠶᠢᠯᠪᠤᠷᠢᠯᠠᠬᠤ ᠶᠢ ᠰᠣᠨᠣᠰᠬᠤ᠂ ᠪᠢᠴᠢᠭ ᠮᠠᠲ᠋ᠧᠷᠢᠶᠠᠯ᠂ ᠭᠡᠷᠡᠯ ᠵᠢᠷᠤᠭ ᠵᠡᠷᠭᠡ ᠬᠤᠪᠣᠷ ᠨᠠᠨᠳᠢᠨ ᠲᠡᠦᠬᠡ ᠶᠢᠨ ᠮᠠᠲ᠋ᠧᠷᠢᠶᠠᠯ ᠢ ᠦᠵᠡᠬᠦ᠂ ᠪᠤᠭᠤᠲᠤ ᠶᠢᠨ ᠬᠥᠩᠭᠡᠨᠴᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠪᠠᠶᠢᠭᠤᠯᠤᠭᠰᠠᠨ ᠬᠥᠭᠵᠢᠯᠲᠡ ᠶᠢᠨ ᠲᠡᠮᠡᠴᠡᠯ ᠤᠨ ᠥᠩᠭᠡᠷᠡᠯᠲᠡ ᠶᠢ ᠪᠦᠬᠦ ᠲᠠᠯ᠎ᠠ ᠪᠠᠷ ᠣᠶᠢᠯᠠᠭᠠᠪᠠ᠃ ᠬᠤᠸᠠ ᠶᠦᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠨᠢᠭᠡᠳᠦᠭᠡᠷ ᠬᠤᠭᠤᠴᠠᠭᠠᠨ ᠤ ᠴᠠᠬᠢᠯᠭᠠᠨ ᠵᠠᠳᠠᠯᠤᠯ ᠤᠨ ᠲᠠᠰᠤᠭ ᠲᠤ ᠬᠦᠷᠴᠦ᠂ ᠴᠠᠬᠢᠯᠭᠠᠨ ᠵᠠᠳᠠᠯᠤᠯ ᠤᠨ ᠬᠤᠪᠢᠯ ᠤᠨ ᠪᠦᠲᠦᠴᠡ ᠶᠢᠨ ᠤᠭ ᠶᠣᠰᠣ ᠶᠢ ᠣᠶᠢᠷ᠎ᠠ ᠵᠠᠢ ᠠᠴᠠ ᠦᠵᠡᠵᠦ᠂ ᠮᠠᠨ ᠤ ᠣᠷᠣᠨ ᠤ ᠬᠥᠩᠭᠡᠨ ᠴᠠᠭᠠᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠰᠡᠨ ᠦᠷ᠎ᠡ ᠪᠦᠲᠦᠭᠡᠯ ᠢ ᠭᠡᠷᠡᠴᠢᠯᠡᠪᠡ᠃ ᠪᠤᠭᠤᠲᠤ ᠶᠢᠨ ᠱᠧᠩ ᠲᠠᠢ ᠮᠠᠰᠢᠨ ᠲᠡᠷᠭᠡᠨ ᠤ ᠰᠡᠯᠪᠢᠭ ᠲᠣᠨᠤᠭ  ᠦᠢᠯᠡᠳᠬᠦ ᠬᠢᠵᠠᠭᠠᠷᠲᠤ ᠺᠣᠮᠫᠠᠨᠢ ᠶᠢᠨ ᠲᠡᠷᠭᠡᠨ ᠬᠦᠷᠳᠦ ᠪᠠᠷ  ᠦᠢᠯᠡᠳᠬᠦ ᠦᠢᠯᠡᠳᠪᠦᠷᠢ ᠶᠢᠨ ᠲᠠᠰᠤᠭ ᠲᠤ᠂ ᠠᠦ᠋ᠲ᠋ᠣᠴᠢᠯᠠᠭᠰᠠᠨ ᠬᠦᠷᠳᠦᠨ ᠪᠤᠯᠤ  ᠦᠢᠯᠡᠳᠬᠦ ᠤᠷ᠎ᠠ ᠮᠡᠷᠭᠡᠵᠢᠯ ᠤᠨ  ᠦᠢᠯᠡᠳᠪᠦᠷᠢᠯᠡᠯ ᠤᠨ ᠶᠠᠪᠤᠴᠠ ᠶᠢ ᠣᠶᠢᠯᠠᠭᠠᠵᠤ᠂ ᠣᠳᠣᠬᠢᠴᠢᠯᠠᠭᠰᠠᠨ ᠦᠢᠯᠡᠳᠬᠦ ᠮᠡᠷᠭᠡᠵᠢᠯ ᠤᠨ ᠨᠠᠷᠢᠯᠢᠭ ᠣᠨᠣᠴᠠᠲᠠᠢ ᠥᠨᠳᠥᠷ ᠪᠦᠲᠦᠮᠵᠢᠲᠡᠶ ᠪᠠᠶᠢᠬᠤ ᠶᠢ ᠣᠶᠢᠯᠠᠭᠠᠪᠠ᠃    ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠤᠯᠠᠨ ᠢᠶᠠᠷ ᠢᠶᠠᠨ᠂ ᠳ᠋ᠦᠩ ᠾᠧ ᠲᠣᠭᠤᠷᠢᠭ ᠤᠨ ᠣᠳᠣᠬᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠢᠯᠪᠠᠷ ᠪᠤᠰᠤ ᠪᠠᠷ ᠣᠯᠤᠭᠰᠠᠨ ᠶᠤᠮ᠂ ᠣᠳᠣᠬᠠᠨ ᠤ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠲᠤᠰ ᠤᠳᠠᠭ᠎ᠠ ᠶᠢᠨ ᠲᠤᠰᠬᠠᠢ ᠰᠡᠳᠦᠪᠲᠦ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠬᠥᠪᠴᠢᠯᠡᠵᠦ᠂ ᠲᠤᠰ ᠪᠡᠶ᠎ᠡ ᠶᠢᠨ ᠠᠰᠠᠭᠤᠳᠠᠯ ᠢᠶᠠᠨ ᠭᠦᠨᠵᠡᠭᠡᠢ ᠪᠠᠶᠢᠴᠠᠭᠠᠨ ᠵᠠᠳᠠᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠦᠷ᠎ᠡ ᠪᠦᠲᠦᠮᠵᠢ ᠤᠯᠬᠤ ᠶᠢ ᠠᠬᠢᠭᠤᠯᠵᠤ᠂ ᠲᠤᠰᠬᠠᠢ ᠰᠡᠳᠦᠪᠲᠦ ᠠᠵᠢᠯᠯᠠᠭ᠎ᠠ ᠶᠢᠨ ᠦᠷ᠎ᠡ ᠪᠦᠲᠦᠭᠡᠯ ᠢ ᠦᠨᠡᠨᠬᠦ ᠪᠦᠬᠦ ᠲᠤᠭᠤᠷᠢᠭ ᠤᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠢᠯᠡᠳᠬᠡᠵᠡᠭᠡᠪᠡ᠃    ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠪᠦᠷᠢᠯᠳᠦᠬᠦᠨ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ︾᠂ ᠪᠤᠭᠤᠲᠤ ᠶᠢᠨ ᠬᠥᠩᠭᠡᠨ ᠴᠠᠭᠠᠨ ᠤ ᠦᠶ᠋ᠯᠡᠰ ᠤᠨ ᠠᠵᠤ ᠦᠶ᠋ᠯᠡᠰ ᠤᠨ ᠬᠦᠷᠢᠶᠡᠯᠡᠩ ᠲᠣᠭᠤᠷᠢᠭ ᠤᠨ ᠰᠢᠶᠠᠨ ᠭᠠᠵᠠᠷ ᠤᠨ ᠲᠠᠰ ᠤᠨ ᠤᠳᠤᠷᠢᠳᠬᠤ ᠺᠠᠳ᠋ᠷ ᠠᠵᠢᠯᠯᠠᠭ᠎ᠠ ᠳᠤ ᠣᠷᠣᠯᠴᠠᠵᠠᠶ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1