ᠪᠦᠬᠦ ᠬᠤᠲᠠ ᠶᠢᠨ ᠰᠦᠯᠵᠢᠶᠡᠨ ᠳᠡᠭᠡᠷᠡᠬᠢ ᠠᠷᠠᠯᠵᠢᠶᠠᠨ ᠤ ᠡᠵᠡᠩᠨᠡᠭᠴᠢ ᠳᠤ ᠢᠯᠡᠭᠡᠭᠰᠡᠨ ᠨᠢᠭᠡ ᠬᠤᠪᠢ ᠵᠠᠬᠢᠳᠠᠯ
ᠨᠡᠶᠢᠲᠡᠯᠡᠭᠰᠡᠨ ᠴᠠᠭ᠄
2024/10/28
   ᠪᠥᠬᠦ ᠬᠤᠲᠠ ᠶᠢᠨ ᠰᠦᠯᠵᠢᠶᠡᠨ ᠤ ᠠᠷᠠᠯᠵᠢᠶᠠᠨ ᠤ ᠡᠵᠡᠩᠨᠡᠭᠴᠢ᠄ ᠬᠤᠤᠰ ︽ᠠᠷᠪᠠᠨ ᠨᠢᠭᠡᠨ︾ ᠬᠦᠷᠴᠦ ᠢᠷᠡᠬᠦ ᠳᠤ᠂ ᠰᠦᠯᠵᠢᠶᠡᠨ ᠤ ᠲᠠᠸᠠᠷ ᠪᠠ ᠦᠢᠯᠡᠴᠢᠯᠡᠭᠡᠨ ᠤ ᠲᠥᠪᠯᠡᠷᠡᠭᠦᠯᠦᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠵᠢᠷᠤᠮᠵᠢᠭᠤᠯᠬᠤ ᠶᠢᠨ ᠲᠥᠯᠥᠭᠡ᠂ ᠬᠡᠷᠡᠭᠯᠡᠭᠴᠢᠳ ᠪᠠ ᠡᠵᠡᠩᠨᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠵᠢᠷᠤᠮᠵᠢᠭᠰᠠᠨ ᠡᠮᠬᠢ ᠵᠢᠷᠤᠮ ᠲᠠᠢ ᠰᠦᠯᠵᠢᠶᠡᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠠ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠪᠥᠬᠦ ᠬᠤᠲᠠ ᠶᠢᠨ ᠰᠦᠯᠵᠢᠶᠡᠨ ᠤ ᠠᠷᠠᠯᠵᠢᠶᠠᠨ ᠤ ᠡᠵᠡᠩᠨᠡᠭᠴᠢ ᠬᠠᠤᠯᠢ ᠲᠣᠭᠲᠠᠭᠠᠯ ᠶᠣᠰᠣᠭᠠᠷ ᠪᠣᠷᠣᠯᠠᠭᠤᠯᠭ᠎ᠠ ᠶᠢ ᠠᠬᠢᠭᠤᠯᠬᠤ ᠡᠵᠡᠩᠨᠡᠯᠲᠡ ᠶᠢᠨ ᠠᠵᠢᠯᠯᠠᠭ᠎ᠠ ᠶᠢ ᠥᠷᠨᠢᠭᠦᠯᠵᠦ᠂ ᠳᠣᠤᠷᠠᠬᠢ ᠬᠡᠳᠦᠨ ᠵᠦᠢᠯ ᠢ ᠬᠢᠬᠦ ᠬᠡᠷᠡᠭᠲᠡᠶ᠄    01    ᠲᠠᠸᠠᠷ ᠤᠨ ᠶᠠᠰᠤ ᠴᠢᠨᠠᠷ ᠢ ᠴᠢᠩᠭ᠎ᠠ ᠡᠵᠡᠮᠳᠡᠬᠦ ᠶᠢᠨ ᠬᠠᠮᠲᠤ ᠡᠬᠢ ᠡᠭᠦᠰᠦᠯ ᠢ ᠨᠢ ᠡᠷᠢᠬᠦ ᠡᠬᠡ ᠲᠠᠩᠰᠠ ᠶᠢ ᠰᠠᠶᠢᠲᠤᠷ ᠬᠢᠵᠦ᠂ ᠬᠤᠳᠠᠯ ᠬᠠᠭᠤᠷᠮᠠᠭ ᠴᠢᠨᠠᠷ ᠮᠠᠭᠤ᠂ ᠮᠠᠭᠤ ᠪᠠᠷ ᠰᠠᠶᠢᠨ ᠢ ᠣᠷᠣᠯᠠᠭᠤᠯᠬᠤ ᠠᠴᠠ ᠵᠠᠶᠢᠯᠠᠰᠬᠢᠨ᠎ᠠ᠃    02    ᠰᠦᠯᠵᠢᠶᠡᠨ ᠳᠡᠭᠡᠷ᠎ᠡ ᠪᠣᠷᠣᠯᠠᠭᠤᠯᠤᠭᠰᠠᠨ ᠲᠠᠸᠠᠷ ᠤᠨ ᠨᠠᠷᠢᠨ ᠪᠠᠶᠢᠳᠠᠯ ᠤᠨ ᠬᠠᠭᠤᠳᠠᠰᠤ ᠨᠢ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ ᠪᠠᠶᠢᠬᠤ ᠬᠡᠷᠡᠭᠲᠡᠶ᠂ ᠡᠭᠦᠨ ᠳᠤ ᠲᠠᠸᠠᠷ ᠤᠨ ᠬᠡᠪ ᠪᠠᠷᠢᠮᠵᠢᠶ᠎ᠠ᠂ ᠰᠢᠨᠵᠢ ᠴᠢᠳᠠᠪᠤᠷᠢ᠂ ᠬᠡᠷᠡᠭᠴᠡᠭᠡ᠂ ᠪᠦᠷᠢᠯᠳᠦᠬᠦᠨ᠂ ᠭᠠᠷᠤᠯᠲᠠ ᠶᠢᠨ ᠭᠠᠵᠠᠷ ᠵᠡᠷᠭᠡ ᠮᠡᠳᠡᠭᠡ ᠵᠠᠩᠭᠢ ᠶᠢ ᠪᠠᠭᠲᠠᠭᠠᠭᠰᠠᠨ ᠪᠠᠶᠢᠬᠤ ᠬᠡᠷᠡᠭᠲᠡᠶ ᠃ ᠬᠡᠷᠡᠭᠯᠡᠭᠴᠢᠳ ᠢ ᠶᠡᠬᠡᠰᠬᠡᠬᠦ ᠪᠤᠶᠤ ᠬᠤᠳᠠᠯ ᠬᠠᠭᠤᠷᠮᠠᠭ ᠢᠶᠠᠷ ᠤᠬᠠᠭᠤᠯᠵᠤ ᠪᠤᠷᠤᠭᠤ ᠬᠥᠲᠥᠯᠵᠦ ᠪᠣᠯᠬᠤ ᠦᠭᠡᠢ᠃    03    ᠬᠡᠷᠡᠭᠯᠡᠭᠴᠢᠳ ᠤᠨ ᠪᠠᠷ᠎ᠠ ᠪᠤᠴᠠᠭᠠᠬᠤ ᠰᠡᠯᠪᠢᠨ ᠵᠠᠰᠠᠬᠤ ᠵᠡᠷᠭᠡ ᠱᠠᠭᠠᠷᠳᠠᠯᠭ᠎ᠠ ᠶᠢ ᠴᠠᠭ ᠲᠤᠬᠠᠢ ᠳᠤ ᠨᠢ ᠰᠢᠢᠳᠪᠦᠷᠢᠯᠡᠵᠦ᠃ ᠪᠣᠷᠣᠯᠠᠭᠤᠯᠭ᠎ᠠ ᠶᠢᠨ ᠳᠠᠷᠠᠭᠠᠬᠢ ᠦᠢᠯᠡᠴᠢᠯᠡᠭᠡᠨ ᠤ ᠶᠠᠪᠤᠴᠠ ᠪᠠ ᠪᠠᠷᠢᠮᠵᠢᠶ᠎ᠠ ᠶᠢ ᠲᠣᠳᠣᠷᠬᠠᠶᠢᠯᠠᠵᠤ ᠂ ᠬᠡᠷᠡᠭᠯᠡᠭᠴᠢᠳ ᠤᠨ ᠬᠠᠨᠤᠮᠵᠢᠲᠠᠶ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃    04    ︽ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠠᠤᠯᠢ︾ ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠬᠠᠤᠯᠢ ᠶᠣᠰᠣᠨ ᠤ ᠡᠵᠡᠩᠨᠡᠯᠲᠡ ᠬᠢᠨ᠎ᠡ᠃    05    ᠲᠤᠰ ᠪᠡᠶ᠎ᠡ ᠨᠢ ᠬᠠᠤᠯᠢ ᠳᠤ ᠨᠡᠶᠢᠴᠡᠭᠰᠡᠨ ᠡᠵᠡᠩᠨᠡᠯᠲᠡ ᠶᠢᠨ ᠬᠢᠷᠢ ᠭᠡᠮ ᠲᠠᠢ᠂ ᠵᠢᠱᠢᠶᠡᠯᠡᠪᠡᠯ ᠡᠵᠡᠩᠨᠡᠯᠲᠡ ᠶᠢᠨ ᠦᠨᠡᠮᠯᠡᠯ᠂ ᠬᠠᠮᠢᠶ᠎ᠠ ᠪᠦᠬᠦᠢ ᠵᠥᠪᠰᠢᠶᠡᠷᠡᠯ ᠤᠨ ᠦᠨᠡᠮᠯᠡᠯ ᠵᠡᠷᠭᠡ᠂ ᠪᠣᠷᠣᠯᠠᠭᠤᠯᠭ᠎ᠠ ᠶᠢᠨ ᠲᠠᠪᠴᠠᠩ ᠳᠡᠭᠡᠷ᠎ᠡ ᠢᠯᠡ ᠨᠡᠶᠢᠲᠡᠯᠡᠨ᠎ᠡ᠃    06    ᠲᠠᠸᠠᠷ ᠤᠨ ᠦᠨ᠎ᠡ ᠲᠣᠭᠲᠠᠭᠠᠬᠤ ᠶᠢ ᠵᠦᠢ ᠵᠣᠬᠢᠰᠲᠠᠶ᠂ ᠲᠥᠪ ᠭᠤᠤᠯᠴᠢ ᠪᠠᠶᠢᠯᠭᠠᠵᠤ᠂ ᠦᠨ᠎ᠡ ᠬᠠᠩᠰᠢ ᠶᠢᠨ ᠮᠡᠬᠡᠯᠡᠨ ᠬᠢᠬᠠᠬᠤ ᠵᠡᠷᠭᠡ ᠵᠦᠢ ᠶᠣᠰᠣᠨ ᠤ ᠪᠤᠰᠤ ᠦᠨ᠎ᠡ ᠬᠠᠩᠰᠢ ᠶᠢᠨ ᠦᠢᠯᠡ ᠠᠵᠢᠯᠯᠠᠭ᠎ᠠ ᠶᠢ ᠬᠢᠵᠦ ᠪᠣᠯᠬᠤ ᠦᠭᠡᠶ ᠃ 07    ᠣᠷᠣᠵᠤ ᠰᠠᠭᠤᠬᠤ ᠲᠠᠪᠴᠠᠩ ᠤᠨ ᠣᠷᠣᠵᠤ ᠰᠠᠭᠤᠬᠤ ᠴᠤᠪᠤᠷᠠᠯ᠂ ᠲᠠᠸᠠᠷ ᠤᠨ ᠨᠡᠶᠢᠲᠡᠯᠡᠯᠲᠡ ᠶᠢᠨ ᠵᠢᠷᠤᠮᠵᠢᠯ᠂ ᠠᠷᠠᠯᠵᠢᠶᠠᠨ ᠤ ᠲᠦᠷᠢᠮ᠂ ᠲᠣᠭᠲᠠᠭᠠᠯ ᠠᠴᠠ ᠵᠥᠷᠢᠴᠡᠨ ᠰᠢᠳᠬᠡᠨ ᠲᠣᠷᠭᠠᠬᠤ ᠵᠡᠷᠭᠡ ᠲᠦᠷᠢᠮ ᠪᠠ ᠲᠥᠷᠥ ᠶᠢᠨ ᠪᠣᠳᠣᠯᠭ᠎ᠠ ᠶᠢ ᠣᠶᠢᠯᠠᠭᠠᠪᠠ᠃    08    ᠣᠷᠣᠵᠤ ᠰᠠᠭᠤᠬᠤ ᠲᠠᠪᠴᠠᠩ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠵᠢᠷᠤᠮᠯᠠᠨ ᠰᠠᠬᠢᠵᠤ᠂ ᠳᠠᠭᠠᠵᠤ ᠬᠢᠬᠦ ᠲᠠᠪᠴᠠᠩ ᠤᠨ ᠮᠡᠳᠡᠭᠳᠡᠯ ᠪᠣᠯᠤᠨ ᠱᠠᠭᠠᠷᠳᠠᠯᠭ᠎ᠠ ᠶᠢ ᠴᠠᠭ ᠲᠤᠬᠠᠶ ᠳᠤᠨᠢ ᠳᠠᠭᠠᠵᠤ᠂ ᠲᠠᠪᠴᠠᠩ ᠤᠨ ᠬᠢᠨᠠᠯᠲᠠ ᠬᠠᠮᠢᠶᠠᠷᠤᠯᠲᠠ ᠪᠣᠯᠤᠨ ᠪᠠᠶᠢᠴᠠᠭᠠᠯᠲᠠ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃    09    ᠪᠣᠷᠣᠯᠠᠭᠤᠯᠭ᠎ᠠ ᠶᠢ ᠠᠬᠢᠭᠤᠯᠤᠨ ᠳᠡᠯᠭᠡᠷᠡᠭᠦᠯᠬᠦ ᠠᠵᠢᠯᠯᠠᠭ᠎ᠠ ᠬᠢᠬᠦ ᠳᠡᠭᠡᠨ᠂ ᠦᠨᠡᠨᠴᠢ ᠢᠲᠡᠭᠡᠮᠵᠢ ᠶᠢᠨ ᠵᠠᠷᠴᠢᠮ ᠢ ᠵᠢᠷᠤᠮᠯᠠᠬᠤ ᠬᠡᠷᠡᠭᠲᠡᠶ᠂ ᠬᠤᠳᠠᠯ ᠬᠠᠭᠤᠷᠮᠠᠭ ᠢᠶᠠᠷ ᠪᠣᠷᠣᠯᠠᠭᠤᠯᠭ᠎ᠠ ᠶᠢ ᠠᠬᠢᠭᠤᠯᠬᠤ᠂ ᠬᠠᠭᠤᠳᠠᠰᠤ ᠪᠣᠳᠣᠬᠤ ᠵᠡᠷᠭᠡ ᠵᠦᠢ ᠶᠣᠰᠣᠨ ᠤ ᠪᠤᠰᠤ ᠥᠷᠢᠰᠥᠯᠳᠦᠭᠡᠨ ᠤ ᠦᠢᠯᠡ ᠠᠵᠢᠯᠯᠠᠭ᠎ᠠ ᠬᠢᠵᠦ ᠪᠣᠯᠬᠤ ᠦᠭᠡᠶ᠃    10    ᠪᠣᠷᠣᠯᠠᠭᠤᠯᠭ᠎ᠠ ᠶᠢ ᠠᠬᠢᠭᠤᠯᠬᠤ ᠶᠠᠪᠤᠴᠠ ᠳᠤ ᠬᠡᠷᠡᠭᠯᠡᠭᠴᠢᠳ ᠤᠨ ᠬᠤᠪᠢ ᠬᠥᠮᠦᠨ ᠤ ᠮᠡᠳᠡᠭᠡ ᠵᠠᠩᠭᠢ ᠶᠢ ᠲᠣᠬᠢᠲᠠᠶ ᠰᠢᠶ᠋ᠳᠪᠦᠷᠢᠯᠡᠬᠦ ᠬᠡᠷᠡᠭᠲᠡᠶ᠂ ᠬᠡᠷᠡᠭᠯᠡᠭᠴᠢ ᠶᠢᠨ ᠨᠢᠭᠤᠴᠠ ᠶᠢ ᠵᠠᠳᠠᠷᠠᠭᠤᠯᠬᠤ ᠪᠤᠶᠤ ᠳᠤᠷ᠎ᠠ ᠪᠠᠷ ᠢᠶᠠᠨ ᠬᠡᠷᠡᠭᠯᠡᠵᠦ ᠪᠣᠯᠬᠤ ᠦᠭᠡᠶ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠶ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1