︽ᠳ᠋ᠦᠩ ᠾᠧ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/10/29
     ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ      ︽ᠳ᠋ᠦᠩ ᠾᠧ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ︾ ︵2024 ᠣᠨ ᠤ ᠵᠠᠰᠠᠪᠤᠷᠢ ᠣᠷᠣᠭᠤᠯᠤᠭᠰᠠᠨ ᠬᠡᠪᠯᠡᠯ ︶︾ ᠤᠨ ᠮᠡᠳᠡᠭᠳᠡᠯᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠬᠤᠶᠠᠷ ᠪᠠᠯᠭᠠᠰᠤ᠄      ︽ᠳ᠋ᠦᠩ ᠾᠧ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃      ᠳ᠋ᠦᠩ ᠾᠧ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶      ᠨᠢᠭᠡ᠂ ᠶᠡᠷᠦᠩᠬᠡᠢ ᠲᠦᠷᠢᠮ     ︵ᠨᠢᠭᠡ︶ ᠨᠠᠶᠢᠷᠠᠭᠤᠯᠤᠨ ᠵᠣᠬᠢᠶᠠᠬᠤ ᠵᠣᠷᠢᠯᠭ᠎ᠠ      ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠢ ᠰᠡᠷᠭᠡᠶᠢᠯᠡᠬᠦ᠂ ᠵᠢᠯᠣᠭᠤᠳᠬᠤ᠂ ᠴᠤᠤᠷᠢᠶᠠᠳᠤᠨ ᠳᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠤᠷᠢᠳᠴᠢᠯᠠᠨ ᠰᠡᠷᠭᠡᠶᠢᠯᠡᠬᠦ ᠂ ᠤᠷᠢᠳᠴᠢᠯᠠᠨ ᠰᠡᠷᠡᠮᠵᠢᠯᠡᠭᠦᠯᠬᠦ᠂ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠴᠠᠭ ᠲᠤᠬᠠᠶ ᠳᠤᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠪᠦᠲᠦᠮᠵᠢᠲᠡᠶ ᠰᠡᠷᠭᠡᠶᠢᠯᠡᠨ ᠵᠠᠰᠠᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠨ᠎ᠠ᠃      ︵ᠬᠤᠶᠠᠷ︶ ᠨᠠᠶᠢᠷᠠᠭᠤᠯᠤᠨ ᠵᠣᠬᠢᠶᠠᠬᠤ ᠦᠨᠳᠦᠰᠦᠯᠡᠯ      1. ︽ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠢᠯᠡᠨ ᠵᠠᠰᠠᠬᠤ ᠬᠠᠤᠯᠢ︾      2. ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ      3. ︽ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ ᠠᠵᠢᠯ ᠢ ᠲᠦᠯᠬᠢᠨ ᠠᠬᠢᠭᠤᠯᠬᠤ ᠲᠤᠬᠠᠶ ᠵᠢᠯᠣᠭᠤᠳᠬᠤ ᠰᠠᠨᠠᠯ︾(环办大气函〔2018〕875号)      4. ︽ᠬᠦᠨᠳᠦ ᠪᠣᠬᠢᠷᠲᠤᠯ ᠲᠠᠢ ᠴᠠᠭ ᠠᠭᠤᠷ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠲᠣᠭᠲᠠᠭᠠᠬᠤ ᠮᠡᠷᠭᠡᠵᠢᠯ ᠤᠨ ᠵᠦᠭᠯᠡᠭᠦᠷ ︵2020 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾(环办大气函〔2020〕340号)      5. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾      6. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 ᠣᠨ ᠤ ᠬᠡᠪᠯᠡᠯ︶      7. ︽ᠪᠤᠭᠤᠲᠤ ᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾      8. ︽ᠪᠤᠭᠤᠲᠤ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾     ︵ᠭᠤᠷᠪᠠ︶ ᠲᠤᠬᠢᠷᠠᠬᠤ ᠬᠡᠪᠴᠢᠶ᠎ᠠ      ᠲᠣᠰ ᠪᠡᠯᠡᠳᠬᠡᠯ ᠲᠥᠰᠦᠯ ᠢ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠳᠤ ᠬᠡᠷᠡᠭᠯᠡᠨ᠎ᠡ᠃     ︵ᠲᠦᠷᠪᠡ︶ ᠠᠵᠢᠯ ᠤᠨ ᠵᠠᠷᠴᠢᠮ    ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠨᠢ ᠠᠷᠠᠳ ᠤᠨ ᠠᠮᠢᠳᠤᠷᠠᠯ ᠪᠠ ᠠᠮᠤᠷ ᠲᠦᠪᠰᠢᠨ ᠢ ᠪᠠᠲᠤᠯᠠᠬᠤ ᠪᠠᠷ ᠤᠷᠢᠲᠠᠯ ᠪᠣᠯᠭᠠᠵᠤ᠂ ᠬᠤᠲᠠ ᠶᠢᠨ ᠬᠡᠪ ᠤᠨ ᠠᠵᠢᠯᠯᠠᠭᠠᠨ ᠢ ᠨᠥᠯᠥᠭᠡᠯᠡᠬᠦ ᠦᠭᠡᠢ ᠰᠠᠭᠤᠷᠢᠨ ᠳᠡᠭᠡᠷ᠎ᠡ᠂ ᠲᠥᠷᠥᠯ ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠣᠯᠠᠨ ᠨᠡᠶᠢᠲᠡ ᠶᠢᠨ ᠡᠷᠡᠭᠦᠯ ᠮᠡᠨᠳᠦ ᠶᠢ ᠪᠠᠲᠤᠯᠠᠨ᠎ᠠ᠃      1. ᠬᠥᠮᠦᠨ ᠢᠶᠠᠷ ᠦᠨᠳᠦᠰᠦ ᠪᠣᠯᠭᠠᠵᠤ᠂ ᠰᠡᠷᠭᠡᠶᠢᠯᠡᠬᠦ ᠪᠠᠷ ᠭᠤᠤᠯ ᠪᠣᠯᠭᠠᠬᠤ ᠬᠡᠷᠡᠭᠲᠡᠶ᠃      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠰᠢᠵᠢᠮ ᠢ ᠪᠠᠲᠤ ᠪᠠᠬᠢ ᠪᠤᠢ ᠪᠣᠯᠭᠠᠬᠤ ᠶᠢ ᠪᠠᠷᠢᠮᠲᠠᠯᠠᠵᠤ᠂ ᠤᠯᠠᠨ ᠨᠡᠶᠢᠲᠡ ᠶᠢᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠬᠤ ᠶᠢ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠤᠨ ᠭᠠᠷᠤᠭ᠎ᠠ ᠪᠣᠯᠭᠠᠵᠤ᠂ ᠤᠷᠢᠳᠴᠢᠯᠠᠨ ᠵᠢᠱᠢᠵᠦ ᠰᠡᠷᠡᠮᠵᠢᠯᠡᠭᠦᠯᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠠᠴᠠ ᠪᠣᠯᠤᠭᠰᠠᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃      2. ᠰᠢᠨᠵᠢᠯᠡᠬᠦ ᠤᠬᠠᠭᠠᠨᠴᠢ ᠪᠠᠷ ᠰᠡᠷᠡᠮᠵᠢᠯᠡᠭᠦᠯᠵᠦ᠂ ᠴᠠᠭ ᠲᠤᠬᠠᠶ ᠳᠤᠨᠢ ᠴᠤᠤᠷᠢᠶᠠᠲᠤᠨ ᠳᠠᠭᠠᠬᠤ ᠬᠡᠷᠡᠭᠲᠡᠶ᠃      ᠪᠥᠬᠦ ᠲᠣᠭᠤᠷᠢᠭ ᠤᠨ ᠠᠭᠠᠷ ᠮᠠᠨᠳᠠᠯ ᠤᠨ ᠪᠣᠬᠢᠷᠲᠤᠯ ᠤᠨ ᠡᠬᠢ ᠶᠢ ᠬᠢᠨᠠᠨ ᠡᠵᠡᠮᠳᠡᠬᠦ ᠶᠢ ᠴᠢᠩᠭᠠᠳᠬᠠᠵᠤ᠂ ᠠᠭᠠᠷ ᠤᠨ ᠶᠠᠰᠤ ᠴᠢᠨᠠᠷ ᠪᠠ ᠴᠠᠭ ᠠᠭᠤᠷ ᠤᠨ ᠨᠥᠬᠦᠴᠡᠯ ᠤᠨ ᠡᠳᠦᠷ ᠲᠤᠲᠤᠮ ᠤᠨ ᠮᠥᠷᠳᠡᠯᠲᠡ ᠶᠢ ᠰᠠᠶᠢᠲᠤᠷ ᠬᠢᠵᠦ᠂ ᠠᠭᠠᠷ ᠤᠨ ᠶᠠᠰᠤ ᠴᠢᠨᠠᠷ ᠪᠠ ᠴᠠᠭ ᠠᠭᠤᠷ ᠤᠨ ᠨᠥᠬᠦᠴᠡᠯ ᠤᠨ ᠬᠤᠪᠢᠷᠠᠯᠲᠠ ᠶᠢᠨ ᠬᠠᠨᠳᠤᠰᠢ ᠶᠢ ᠴᠠᠭ ᠲᠤᠬᠠᠶ ᠳᠤᠨᠢ ᠣᠨᠣᠪᠴᠢᠲᠠᠶ ᠡᠵᠡᠮᠳᠡᠵᠦ᠂ ᠪᠥᠬᠦ ᠬᠤᠲᠠ ᠶᠢᠨ ᠤᠷᠢᠳᠴᠢᠯᠠᠨ ᠰᠡᠷᠡᠮᠵᠢᠯᠡᠭᠦᠯᠵᠦ ᠨᠡᠶᠢᠲᠡᠯᠡᠬᠦ᠂ ᠬᠦᠴᠦᠨ ᠥᠬᠡᠶ ᠪᠣᠯᠭᠠᠭᠰᠠᠨ ᠪᠠᠶᠢᠳᠠᠯ ᠢ ᠠᠩᠬᠠᠷᠴᠤ᠂ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠳᠠᠭᠠᠵᠤ ᠬᠢᠬᠦ ᠰᠢᠰᠲ᠋ᠧᠮ ᠢ ᠲᠡᠭᠦᠯᠳᠡᠷᠵᠢᠭᠦᠯᠦᠨ᠂ ᠬᠦᠨᠳᠦ ᠪᠣᠬᠢᠷᠲᠤᠯ ᠲᠠᠢ ᠴᠠᠭ ᠠᠭᠤᠷ ᠢ ᠰᠢᠨᠵᠢᠯᠡᠬᠦ ᠤᠬᠠᠭᠠᠨᠴᠢ ᠪᠠᠷ ᠤᠷᠢᠳᠴᠢᠯᠠᠨ ᠰᠡᠷᠡᠮᠵᠢᠯᠡᠭᠦᠯᠬᠦ ᠶᠢᠨ ᠬᠠᠮᠲᠤ ᠴᠠᠭ ᠲᠤᠬᠠᠶ ᠳᠤᠨᠢ ᠪᠦᠲᠦᠮᠵᠢᠲᠡᠶ ᠠᠷᠭᠠᠴᠠᠭᠠᠨ᠎ᠠ᠃      3. ᠱᠠᠲᠤ ᠬᠤᠪᠢᠶᠠᠨ ᠬᠠᠮᠢᠶᠠᠷᠤᠨ ᠡᠵᠡᠮᠳᠡᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠨᠠᠷᠢᠯᠢᠭ ᠣᠨᠣᠴᠠᠲᠠᠶ ᠪᠠᠷ ᠪᠠᠭᠠᠰᠬᠠᠨ᠎ᠠ᠃      ᠵᠠᠰᠠᠬᠤ ᠬᠢᠷᠢ ᠬᠡᠮᠵᠢᠶ᠎ᠡ ᠨᠢ ᠳᠣᠤᠷ᠎ᠠ᠂ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠪᠠᠷ ᠶᠡᠭᠡ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠡᠩ ᠲᠡᠷᠢᠭᠦᠨ ᠳᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ ᠲᠤᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠡᠷᠡᠭᠴᠡᠭᠡ ᠪᠠᠨ ᠦᠨᠳᠦᠰᠦᠯᠡᠨ ᠪᠤᠰᠤᠳ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ ᠠᠵᠤ ᠠᠬᠤᠶᠢᠯᠠᠯ ᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠴᠤ ᠪᠠᠶᠢᠭᠠᠳ ᠭᠦᠨᠵᠡᠭᠡᠶ ᠵᠠᠰᠠᠬᠤ ᠪᠠ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠥᠷᠨᠢᠭᠦᠯᠬᠦ ᠬᠡᠷᠡᠭᠲᠡᠶ᠃ ᠰᠢᠨ᠎ᠡ ᠪᠠᠷ ᠪᠤᠶ ᠪᠣᠯᠤᠭᠰᠠᠨ ᠠᠵᠤ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠵᠤ ᠦᠢᠯᠡᠰ᠂ ᠭᠤᠤᠯᠳᠠᠯᠭ᠎ᠠ ᠲᠠᠢ ᠢᠨᠵᠧᠨᠧᠷᠢᠩ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠠᠵᠤ ᠠᠬᠤᠶᠢᠯᠠᠯ ᠳᠤ ᠪᠣᠳᠠᠲᠤ ᠪᠠᠶᠢᠳᠠᠯ ᠢᠶᠠᠨ ᠦᠨᠳᠦᠰᠦᠯᠡᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠠᠪᠴᠤ᠂ ᠬᠡᠪ ᠤᠨ ᠦᠢᠯᠡᠳᠪᠦᠷᠢᠯᠡᠯ ᠠᠮᠢᠳᠤᠷᠠᠯ ᠳᠤ ᠨᠥᠯᠥᠭᠡ ᠲᠠᠢ ᠪᠣᠯᠬᠤ ᠠᠴᠠ ᠠᠯᠢ ᠪᠣᠯᠬᠤᠶᠢᠴᠠ ᠵᠠᠶᠢᠯᠠᠰᠬᠢᠯᠭᠡᠬᠦ ᠬᠡᠷᠡᠭᠲᠡᠶ᠃      4. ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ᠂ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠬᠤ ᠬᠡᠷᠡᠭᠲᠡᠶ      ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠨ᠂ ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠤᠰ ᠲᠤᠰ ᠤᠨ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃     ᠬᠤᠶᠠᠷ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ      ︵ᠨᠢᠭᠡ︶ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ      ᠳ᠋ᠦᠩ ᠾᠧ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ︵ᠳᠣᠷᠣᠭᠰᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠭᠡᠵᠦ ᠲᠣᠪᠴᠢᠯᠠᠨ᠎ᠠ︶ ᠢ ᠪᠠᠶᠢᠭᠤᠯᠵᠤ᠂ ᠪᠥᠬᠦ ᠲᠤᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠨᠢᠭᠡᠳᠦᠯᠲᠡᠶ ᠤᠳᠤᠷᠢᠳᠤᠨ ᠵᠢᠯᠣᠭᠤᠳᠤᠨ᠎ᠠ᠃ ᠶᠡᠷᠦᠩᠬᠡᠶ ᠵᠢᠯᠤᠭᠤᠳᠤᠭᠴᠢ ᠶᠢᠨ ᠲᠤᠰᠢᠶᠠᠯ ᠢ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠡᠭᠦᠷᠭᠡᠯᠡᠵᠦ᠂ ᠳᠡᠳ᠋ ᠶᠡᠷᠦᠩᠬᠡᠶ ᠵᠢᠯᠤᠭᠤᠳᠤᠭᠴᠢ ᠶᠢᠨ ᠲᠤᠰᠢᠶᠠᠯ ᠢ ᠲᠣᠭᠤᠷᠢᠭ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠳᠠᠷᠤᠭ᠎ᠠ ᠡᠭᠦᠷᠭᠡᠯᠡᠵᠦ᠂ ᠪᠦᠷᠢᠯᠳᠦᠬᠦᠨ ᠢ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠡᠭᠦᠷᠭᠡᠯᠡᠨ᠎ᠡ᠃     ︵ᠬᠤᠶᠠᠷ︶ ᠲᠤᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ      ᠲᠤᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠢ ᠲᠤᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠳᠤ ᠭᠠᠷᠭᠠᠵᠤ᠂ ᠡᠷᠬᠢᠯᠡᠭᠴᠢ ᠶᠢᠨ ᠲᠤᠰᠢᠶᠠᠯ ᠢ ᠲᠤᠭᠤᠷᠢᠭ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠳᠠᠷᠤᠭ᠎ᠠ ᠡᠭᠦᠷᠭᠡᠯᠡᠵᠦ᠂ ᠳᠡᠳ᠋ ᠡᠷᠬᠢᠯᠡᠭᠴᠢ ᠶᠢᠨ ᠲᠤᠰᠢᠶᠠᠯ ᠢ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠲᠤᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠳᠠᠷᠤᠭ᠎ᠠ ᠡᠭᠦᠷᠭᠡᠯᠡᠨ᠎ᠡ᠃      ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠲᠤᠭᠤᠷᠢᠭ ᠤᠨ ᠪᠣᠬᠢᠷᠲᠤᠯ ᠶᠡᠬᠡᠲᠡᠶ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠲᠣᠭᠲᠠᠭᠠᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠵᠥᠪᠳᠡᠯᠴᠡᠬᠦ᠂ ᠨᠡᠶᠢᠲᠡᠯᠡᠬᠦ ᠵᠢᠴᠢ ᠳᠡᠭᠡᠭᠰᠢ ᠮᠡᠳᠡᠭᠦᠯᠬᠦ ᠶᠢ ᠵᠣᠬᠢᠶᠠᠨ ᠪᠠᠶᠢᠭᠤᠯᠤᠨ᠎ᠠ᠃ ᠡᠯ᠎ᠡ ᠪᠦᠷᠢᠯᠳᠦᠬᠦᠨ ᠨᠢᠭᠡᠴᠡ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠳᠤ ᠵᠠᠳᠠᠯᠤᠯᠲᠠ ᠬᠢᠵᠦ᠂ ᠳ᠋ᠦᠩᠨᠡᠬᠦ ᠶᠢ ᠵᠣᠬᠢᠶᠠᠨ ᠪᠠᠶᠢᠭᠤᠯᠤᠨ᠎ᠠ᠃ ᠡᠯ᠎ᠡ ᠪᠦᠷᠢᠯᠳᠦᠬᠦᠨ ᠨᠢᠭᠡᠴᠡ ᠶᠢᠨ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠢ ᠵᠢᠯᠣᠭᠤᠳᠤᠨ᠎ᠠ᠃ ᠲᠤᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠲᠤᠰᠢᠶᠠᠭᠰᠠᠨ ᠪᠤᠰᠤᠳ ᠠᠵᠢᠯ ᠢ ᠡᠭᠦᠷᠭᠡᠯᠡᠨ᠎ᠡ᠃      ᠭᠤᠷᠪᠠ᠂ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ     ︵ᠨᠢᠭᠡ︶ ᠤᠷᠢᠳᠴᠢᠯᠠᠨ ᠰᠡᠷᠡᠮᠵᠢᠯᠡᠭᠦᠯᠬᠦ ᠳᠡᠰ ᠬᠤᠪᠢᠶᠠᠬᠤ      ︽ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠵᠢᠭᠠᠯᠲᠠ ᠲᠤᠭ᠎ᠠ ︵AQI︶ ᠮᠡᠷᠭᠡᠵᠢᠯ ᠤᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ︵HJ633 - 2012︶ ᠤᠨ ᠲᠠᠰ ᠬᠤᠪᠢᠶᠠᠬᠤ ᠠᠷᠭ᠎ᠠ ᠶᠢ ᠦᠨᠳᠦᠰᠦᠯᠡᠨ᠂ ᠬᠦᠨᠳᠦ ᠪᠣᠬᠢᠷᠲᠤᠯ ᠲᠠᠢ ᠴᠠᠭ ᠠᠭᠤᠷ ᠤᠨ ᠲᠤᠬᠠᠶ ᠠᠮᠢ ᠠᠬᠤᠶ ᠶᠢᠨ ᠣᠷᠴᠢᠨ ᠲᠣᠭᠤᠷᠢᠨ ᠤ ᠶᠠᠮᠤᠨ ᠤ ᠰᠡᠷᠡᠮᠵᠢᠯᠡᠭᠦᠯᠬᠦ ᠲᠠᠰ ᠬᠤᠪᠢᠶᠠᠬᠤ ᠪᠠᠷᠢᠮᠵᠢᠶ᠎ᠠ ᠶᠢᠨ ᠲᠤᠬᠠᠶ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠪᠥᠬᠦ ᠲᠣᠭᠤᠷᠢᠭ ᠤᠨ ᠠᠭᠠᠷ ᠤᠨ ᠶᠠᠰᠤ ᠴᠢᠨᠠᠷ ᠤᠨ ᠵᠢᠭᠠᠯᠲᠠ ᠲᠤᠭ᠎ᠠ ︵AQI︶ ᠪᠠᠷ ᠨᠢᠭᠡᠳᠦᠯᠲᠡᠶ ᠰᠡᠷᠡᠮᠵᠢᠯᠡᠭᠦᠯᠬᠦ ᠲᠠᠰ ᠬᠤᠪᠢᠶᠠᠬᠤ ᠭᠦᠢᠴᠡᠳᠬᠡᠯ ᠲᠤᠭ᠎ᠠ ᠪᠣᠯᠭᠠᠵᠤ᠂ 24 ᠴᠠᠭ ︵ᠪᠠᠶᠢᠭᠠᠯᠢ ᠡᠳᠦᠷ ᠠᠯᠤᠰᠯᠠᠨ ᠲᠤᠭ᠎ᠠ︶ ᠤᠨ ᠳᠤᠮᠳᠠᠴᠢ ᠥᠷᠲᠡᠭ ᠢᠶᠠᠷ ᠨᠢᠭᠡᠳᠦᠯᠲᠡᠶ ᠪᠤᠳᠤᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠤᠨ ᠬᠥᠭᠵᠢᠯᠲᠡ ᠶᠢᠨ ᠬᠠᠨᠳᠤᠰᠢ ᠪᠠ ᠬᠦᠨᠳᠦ ᠨᠣᠴᠢᠲᠠᠶ ᠬᠡᠮᠵᠢᠶ᠎ᠡ ᠶᠢ ᠦᠨᠳᠦᠰᠦᠯᠡᠨ᠂ ᠠᠭᠠᠷ ᠤᠨ ᠬᠦᠨᠳᠦ ᠪᠣᠬᠢᠷᠲᠤᠯ ᠤᠨ ᠰᠡᠷᠡᠮᠵᠢᠯᠡᠭᠦᠯᠦᠯ ᠢ ᠭᠤᠷᠪᠠᠨ ᠲᠠᠰ ᠬᠤᠪᠢᠶᠠᠵᠤ᠂ ᠳᠣᠤᠷ᠎ᠠ ᠠᠴᠠ ᠥᠨᠳᠥᠷ ᠪᠣᠯᠵᠣ ᠲᠠᠰ ᠳᠠᠷᠠᠭᠠᠯᠠᠨ ᠰᠢᠷ᠎ᠠ ᠥᠩᠭᠡ ᠶᠢᠨ ᠰᠡᠷᠡᠮᠵᠢᠯᠡᠭᠦᠯᠦᠯ ︵Ⅲ ᠲᠠᠰ︶᠂ ᠤᠯᠠᠪᠤᠷ ᠥᠩᠭᠡ ᠶᠢᠨ ᠰᠡᠷᠡᠮᠵᠢᠯᠡᠭᠦᠯᠦᠯ ︵Ⅱ ᠲᠠᠰ︶᠂ ᠤᠯᠠᠭᠠᠨ ᠥᠩᠭᠡ ᠶᠢᠨ ᠰᠡᠷᠡᠮᠵᠢᠯᠡᠭᠦᠯᠦᠯ ︵Ⅰ ᠲᠠᠰ︶᠂ ᠲᠠᠰ ᠬᠤᠪᠢᠶᠠᠬᠤ ᠪᠠᠷᠢᠮᠵᠢᠶ᠎ᠠ ᠨᠢ᠄      ᠰᠢᠷ᠎ᠠ ᠥᠩᠭᠡ ᠶᠢᠨ ᠰᠡᠷᠡᠮᠵᠢᠯᠡᠭᠦᠯᠦᠯ᠄ ᠲᠥᠰᠦᠭᠡᠯᠡᠭᠰᠡᠨ ᠡᠳᠦᠷ ᠤᠨ AQI﹀ 200 ᠪᠤᠶᠤ ᠡᠳᠦᠷ ᠤᠨ AQI ﹀ 150 2 ᠡᠳᠦᠷ ︵48 ᠴᠠᠭ︶ ᠠᠴᠠ ᠳᠡᠭᠡᠭᠰᠢ ᠦᠷᠭᠦᠯᠵᠢᠯᠡᠬᠦ ᠪᠥᠭᠡᠳ ᠳᠡᠭᠡᠳᠦ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠬᠦᠷᠴᠦ ᠳᠡᠶᠢᠯᠦᠭᠰᠡᠨ ᠥᠬᠡᠶ᠃      ᠤᠯᠠᠪᠤᠷ ᠥᠩᠭᠡ ᠶᠢᠨ ᠰᠡᠷᠡᠮᠵᠢᠯᠡᠭᠦᠯᠦᠯ᠄ ᠲᠥᠰᠦᠭᠡᠯᠡᠭᠰᠡᠨ ᠡᠳᠦᠷ ᠤᠨ AQI﹀ 200 2 ᠡᠳᠦᠷ ︵48 ᠴᠠᠭ︶ ᠪᠤᠶᠤ ᠡᠳᠦᠷ ᠤᠨ AQI﹀ 150 ᠡᠳᠦᠷ 3 ᠡᠳᠦᠷ ︵72 ᠴᠠᠭ︶ ᠵᠢᠴᠢ ᠲᠡᠭᠦᠨ ᠠᠴᠠ ᠳᠡᠭᠡᠭᠰᠢ ᠦᠷᠭᠦᠯᠵᠢᠯᠡᠬᠦ ᠪᠥᠭᠡᠳ ᠳᠡᠭᠡᠳᠦ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠬᠦᠷᠴᠦ ᠳᠡᠶᠢᠯᠦᠭᠰᠡᠨ ᠥᠬᠡᠶ᠃      ᠤᠯᠠᠭᠠᠨ ᠥᠩᠭᠡ ᠶᠢᠨ ᠰᠡᠷᠡᠮᠵᠢᠯᠡᠭᠦᠯᠦᠯ᠄ ᠲᠥᠰᠦᠭᠡᠯᠡᠭᠰᠡᠨ ᠡᠳᠦᠷ ᠤᠨ AQI﹀ 200 ᠭᠤᠷᠪᠠᠨ ᠡᠳᠦᠷ ︵72 ᠴᠠᠭ︶ ᠦᠷᠭᠦᠯᠵᠢᠯᠡᠭᠰᠡᠨ ᠪᠦᠭᠡᠳ ᠡᠳᠦᠷ ᠤᠨ AQI﹀ 300᠂ 24 ᠴᠠᠭ ᠵᠢᠴᠢ ᠲᠡᠭᠦᠨ ᠠᠴᠠ ᠳᠡᠭᠡᠭᠰᠢ ᠦᠷᠭᠦᠯᠵᠢᠯᠡᠨ᠎ᠡ᠃      ︵ᠬᠤᠶᠠᠷ︶ ᠤᠷᠢᠳᠴᠢᠯᠠᠨ ᠰᠡᠷᠡᠮᠵᠢᠯᠡᠭᠦᠯᠬᠦ ᠶᠢ ᠨᠡᠶᠢᠲᠡᠯᠡᠬᠦ ᠪᠠ ᠬᠦᠴᠦᠨ ᠦᠭᠡᠢ ᠪᠣᠯᠭᠠᠬᠤ      1. ᠰᠡᠷᠡᠮᠵᠢᠯᠡᠭᠦᠯᠦᠯ ᠢ ᠨᠡᠶᠢᠲᠡᠯᠡᠨ᠎ᠡ      ︵1︶ ᠨᠡᠶᠢᠲᠡᠯᠡᠬᠦ ᠴᠠᠭ      ᠢᠷᠡᠭᠡᠳᠦᠶ ᠶᠢᠨ ᠠᠭᠠᠷ ᠤᠨ ᠶᠠᠰᠤ ᠴᠢᠨᠠᠷ ᠨᠢ ᠰᠡᠷᠡᠮᠵᠢᠯᠡᠭᠦᠯᠦᠯ ᠢ ᠡᠬᠢᠯᠡᠭᠦᠯᠬᠦ ᠨᠥᠬᠦᠴᠡᠯ ᠳᠤ ᠬᠦᠷᠴᠦ ᠮᠡᠳᠡᠬᠦ ᠦᠶ᠎ᠡ ᠳᠤ᠂ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠠᠴᠠ ᠤᠷᠢᠳᠴᠢᠯᠠᠨ ᠰᠡᠷᠡᠮᠵᠢᠯᠡᠭᠦᠯᠬᠦ ᠱᠠᠲᠤ ᠬᠤᠪᠢᠶᠠᠨ 48 ᠴᠠᠭ ᠠᠴᠠ ᠳᠡᠭᠡᠭᠰᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠨ᠎ᠡ᠃ ᠬᠡᠷᠪᠡ ᠣᠨᠴᠠᠭᠠᠶ ᠴᠠᠭ ᠠᠭᠤᠷ ᠤᠨ ᠪᠠᠶᠢᠳᠠᠯ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠤᠷᠢᠳᠴᠢᠯᠠᠨ ᠨᠡᠶᠢᠲᠡᠯᠡᠵᠦ ᠳᠡᠶᠢᠯᠦᠭᠰᠡᠨ ᠥᠬᠡᠶ ᠪᠣᠯ᠂ ᠰᠡᠷᠡᠮᠵᠢᠯᠡᠭᠦᠯᠬᠦ ᠨᠥᠬᠦᠴᠡᠯ ᠢ ᠬᠠᠩᠭᠠᠭᠰᠠᠨ ᠡᠰᠡᠬᠦ ᠶᠢ ᠴᠠᠭ ᠲᠤᠬᠠᠶ ᠳᠤᠨᠢ ᠮᠠᠭᠠᠳᠯᠠᠵᠤ᠂ ᠰᠡᠷᠡᠮᠵᠢᠯᠡᠭᠦᠯᠬᠦ ᠨᠥᠬᠦᠴᠡᠯ ᠢ ᠬᠠᠩᠭᠠᠪᠠᠯ ᠳᠠᠷᠤᠶ ᠲᠦᠷᠭᠡᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠬᠡᠷᠡᠭᠲᠡᠶ᠃ ᠬᠢᠨᠠᠨ ᠬᠡᠮᠵᠢᠬᠦ ᠡᠳᠦᠷ AQI ᠰᠡᠷᠡᠮᠵᠢᠯᠡᠭᠦᠯᠬᠦ ᠲᠠᠰ ᠬᠤᠪᠢᠶᠠᠬᠤ ᠪᠠᠷᠢᠮᠵᠢᠶ᠎ᠠ ᠳᠤ ᠬᠦᠷᠦᠭᠰᠡᠨ ᠪᠥᠭᠡᠳ ᠢᠷᠡᠭᠡᠳᠦᠶ ᠶᠢᠨ 24 ᠴᠠᠭ ᠤᠨ ᠳᠣᠲᠣᠷ᠎ᠠ ᠠᠭᠠᠷ ᠤᠨ ᠶᠠᠰᠤ ᠴᠢᠨᠠᠷ ᠢᠯᠡᠳᠲᠡ ᠰᠠᠶᠢᠵᠢᠷᠠᠬᠤ ᠥᠬᠡᠶ ᠭᠡᠵᠦ ᠲᠥᠰᠦᠭᠡᠯᠡᠭᠰᠡᠨ ᠦᠶ᠎ᠡ ᠳᠤ᠂ ᠪᠣᠳᠠᠲᠠᠶ ᠪᠣᠬᠢᠷᠲᠤᠯ ᠤᠨ ᠪᠠᠶᠢᠳᠠᠯ ᠢ ᠦᠨᠳᠦᠰᠦᠯᠡᠨ᠂ ᠵᠣᠬᠢᠴᠠᠩᠭᠤᠶ ᠲᠠᠰ ᠤᠨ ᠰᠡᠷᠡᠮᠵᠢᠯᠡᠭᠦᠯᠦᠯ ᠢ ᠡᠷᠲᠡᠬᠡᠨ ᠡᠬᠢᠯᠡᠭᠦᠯᠬᠦ ᠬᠡᠷᠡᠭᠲᠡᠶ᠃      ᠵᠠᠷᠴᠢᠮ ᠳᠡᠭᠡᠷ᠎ᠡ ᠪᠠᠨ ᠳ᠋ᠦᠩ ᠾᠧ ᠲᠣᠭᠤᠷᠢᠭ ᠤᠨ ᠪᠤᠭᠤᠲᠤ ᠬᠤᠲᠠ ᠳᠤ ᠬᠠᠷᠢᠶᠠᠯᠠᠭᠳᠠᠬᠤ ᠨᠢᠭᠡᠳᠦᠯᠲᠡᠶ ᠬᠠᠮᠢᠶᠠᠷᠤᠯᠲᠠ᠂ ᠰᠡᠷᠡᠮᠵᠢᠯᠡᠭᠦᠯᠬᠦ ᠠᠵᠢᠯ ᠢ ᠵᠡᠷᠭᠡᠪᠡᠷ ᠡᠬᠢᠯᠡᠭᠦᠯᠬᠦ ᠪᠤᠶᠤ ᠬᠦᠴᠦᠨ ᠥᠬᠡᠶ ᠪᠣᠯᠭᠠᠨ᠎ᠠ᠃      ︵2︶ ᠨᠡᠶᠢᠲᠡᠯᠡᠬᠦ ᠫᠷᠣᠭ᠍ᠭ᠍ᠷᠠᠮ ᠪᠣᠯᠣᠨ ᠬᠡᠯᠪᠡᠷᠢ      ᠤᠷᠢᠳᠴᠢᠯᠠᠨ ᠲᠥᠰᠦᠭᠡᠯᠡᠵᠦ ᠰᠡᠷᠡᠮᠵᠢᠯᠡᠭᠦᠯᠬᠦ ᠨᠥᠬᠦᠴᠡᠯ ᠳᠤ ᠬᠦᠷᠬᠦ ᠦᠶ᠎ᠡ ᠳᠤ᠂ ᠵᠢᠯᠣᠭᠤᠳᠬᠤ ᠭᠠᠵᠠᠷ ᠤᠨ ᠠᠯᠪᠠᠨ ᠭᠡᠷ ᠠᠴᠠ ᠬᠦᠨᠳᠦ ᠪᠣᠬᠢᠷᠲᠤᠯ ᠲᠠᠢ ᠴᠠᠭ ᠠᠭᠤᠷ ᠤᠨ ᠰᠡᠷᠡᠮᠵᠢᠯᠡᠭᠦᠯᠦᠯ ᠢ ᠨᠠᠶᠢᠷᠠᠭᠤᠯᠤᠨ ᠵᠣᠬᠢᠶᠠᠵᠤ ᠡᠬᠢᠯᠡᠭᠦᠯᠬᠦ ᠮᠡᠳᠡᠭᠦᠯᠦᠯᠲᠡ ᠬᠢᠨ᠎ᠡ᠃ ᠵᠢᠭᠠᠪᠤᠷᠢ ᠠᠪᠬᠤ ᠤᠳᠤᠷᠢᠳᠤᠯᠭ᠎ᠠ ᠪᠠᠷ 2 ᠴᠠᠭ ᠤᠨ ᠳᠣᠲᠣᠷ᠎ᠠ ᠨᠡᠶᠢᠳᠡᠯᠡᠨ᠎ᠡ᠃ ᠡᠭᠦᠨ ᠳᠤ᠂ ᠰᠢᠷ᠎ᠠ ᠥᠩᠭᠡ ᠶᠢᠨ ᠰᠡᠷᠡᠮᠵᠢᠯᠡᠭᠦᠯᠦᠯ ᠪᠠ ᠤᠯᠠᠪᠤᠷ ᠥᠩᠭᠡ ᠶᠢᠨ ᠰᠡᠷᠡᠮᠵᠢᠯᠡᠭᠦᠯᠦᠯ ᠢ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠵᠢᠯᠣᠭᠤᠳᠬᠤ ᠭᠠᠵᠠᠷ ᠤᠨ ᠳᠡᠳ᠋ ᠵᠢᠯᠣᠭᠤᠳᠬᠤ ᠳᠠᠷᠤᠭ᠎ᠠ ︵ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠣᠭᠤᠷᠢᠭ ᠤᠨ ᠳᠠᠷᠤᠭ᠎ᠠ︶ ᠪᠠᠷ ᠵᠥᠪᠰᠢᠶᠡᠷᠡᠭᠦᠯᠦᠭᠡᠳ᠂ ᠤᠯᠠᠭᠠᠨ ᠥᠩᠭᠡ ᠶᠢᠨ ᠰᠡᠷᠡᠮᠵᠢᠯᠡᠭᠦᠯᠦᠯ ᠢ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠵᠢᠯᠣᠭᠤᠳᠬᠤ ᠳᠠᠷᠤᠭ᠎ᠠ ︵ᠲᠣᠭᠤᠷᠢᠭ ᠤᠨ ᠳᠠᠷᠤᠭ᠎ᠠ︶ ᠵᠥᠪᠰᠢᠶᠡᠷᠡᠨ᠎ᠡ᠃      ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠡᠲᠡᠭᠡᠳ ᠪᠣᠯ ᠳᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠴᠢᠬᠤᠯᠠᠲᠠᠶ ᠪᠦᠷᠢᠯᠳᠦᠬᠦᠨ ᠨᠢᠭᠡᠴᠡ ᠪᠠ ᠰᠠᠯᠠᠭ᠎ᠠ ᠮᠥᠴᠢᠷ ᠪᠣᠯᠤᠨ᠎ᠠ᠃ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠠᠭᠤᠯᠭ᠎ᠠ ᠳᠤ᠄ ᠬᠦᠨᠳᠦ ᠪᠣᠬᠢᠷᠲᠤᠯ ᠲᠠᠢ ᠴᠠᠭ ᠠᠭᠤᠷ ᠲᠤ ᠢᠯᠡᠷᠡᠭᠰᠡᠨ ᠴᠠᠭ᠂ ᠬᠡᠪᠴᠢᠶ᠎ᠡ᠂ ᠪᠣᠬᠢᠷᠲᠤᠯ ᠤᠨ ᠬᠡᠮᠵᠢᠶ᠎ᠡ᠂ ᠰᠡᠷᠡᠮᠵᠢᠯᠡᠭᠦᠯᠬᠦ ᠳᠡᠰ ᠬᠢᠭᠡᠳ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠠᠷᠭ᠎ᠠ ᠬᠡᠮᠵᠢᠶ᠎ᠡ ᠵᠡᠷᠭᠡ ᠪᠠᠭᠲᠠᠨ᠎ᠠ᠃      2. ᠰᠡᠷᠡᠮᠵᠢᠯᠡᠭᠦᠯᠬᠦ ᠲᠠᠰ ᠤᠨ ᠲᠣᠬᠢᠷᠠᠭᠤᠯᠤᠯᠲᠠ ᠬᠢᠬᠦ ᠪᠠ ᠬᠦᠴᠦᠨ ᠦᠭᠡᠶ ᠪᠣᠯᠭᠠᠬᠤ ᠬᠡᠷᠡᠭᠲᠡᠶ      ᠵᠢᠯᠣᠭᠤᠳᠬᠤ ᠭᠠᠵᠠᠷ ᠤᠨ ᠠᠯᠪᠠᠨ ᠬᠡᠷ ᠨᠢ ᠬᠤᠲᠠ ᠶᠢᠨ ᠠᠭᠠᠷ ᠤᠨ ᠶᠠᠰᠤ ᠴᠢᠨᠠᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠥᠪ ᠤᠨ ᠮᠡᠳᠡᠭᠡ ᠵᠠᠩᠭᠢ ᠶᠢ ᠦᠨᠳᠦᠰᠦᠯᠡᠨ᠂ ᠠᠭᠠᠷ ᠤᠨ ᠶᠠᠰᠤ ᠴᠢᠨᠠᠷ ᠢᠶᠠᠨ ᠰᠠᠶᠢᠵᠢᠷᠠᠭᠤᠯᠤᠭᠠᠳ ᠵᠣᠬᠢᠴᠠᠩᠭᠤᠶ ᠲᠠᠰ ᠤᠨ ᠰᠡᠷᠡᠮᠵᠢᠯᠡᠭᠦᠯᠦᠯ ᠢ ᠡᠬᠢᠯᠡᠭᠦᠯᠬᠦ ᠪᠠᠷᠢᠮᠵᠢᠶ᠎ᠠ ᠶᠢᠨ ᠳᠣᠤᠷ᠎ᠠ ᠪᠣᠯᠤᠭᠰᠠᠨ ᠪᠥᠭᠡᠳ ᠪᠠᠷᠤᠭ 36 ᠴᠠᠭ ᠠᠴᠠ ᠳᠡᠭᠡᠭᠰᠢ ᠦᠷᠭᠦᠯᠵᠢᠯᠡᠬᠦ ᠦᠶ᠎ᠡ ᠳᠤ᠂ ᠰᠡᠷᠡᠮᠵᠢᠯᠡᠭᠦᠯᠬᠦ ᠲᠠᠰ ᠢ ᠪᠠᠭᠤᠷᠠᠭᠤᠯᠬᠤ ᠪᠤᠶᠤ ᠰᠡᠷᠡᠮᠵᠢᠯᠡᠭᠦᠯᠦᠯ ᠢ ᠬᠦᠴᠦᠨ ᠥᠬᠡᠶ ᠪᠣᠯᠭᠠᠬᠤ ᠶᠢᠨ ᠬᠠᠮᠲᠤ ᠮᠡᠳᠡᠭᠡ ᠵᠠᠩᠭᠢ ᠶᠢ ᠤᠷᠢᠳᠴᠢᠯᠠᠨ ᠨᠡᠶᠢᠲᠡᠯᠡᠵᠦ ᠪᠣᠯᠤᠨ᠎ᠠ᠃      ᠡᠮᠦᠨ᠎ᠡ ᠬᠤᠶᠢᠨ᠎ᠠ ᠬᠤᠶᠠᠷ ᠤᠳᠠᠭ᠎ᠠ ᠬᠦᠨᠳᠦ ᠪᠣᠬᠢᠷᠲᠤᠯ ᠡᠭᠦᠰᠬᠦ ᠶᠠᠪᠤᠴᠠ ᠶᠢ ᠲᠥᠰᠦᠬᠡᠯᠡᠭᠰᠡᠨ ᠮᠥᠷᠲᠡᠭᠡᠨ ᠠᠯᠤᠰᠯᠠᠬᠤ ᠴᠠᠭ ᠨᠢ 36 ᠴᠠᠭ ᠬᠦᠷᠦᠭᠡᠳᠦᠢ ᠪᠠᠶᠢᠵᠤ᠂ ᠨᠢᠭᠡ ᠤᠳᠠᠭ᠎ᠠ ᠬᠦᠨᠳᠦ ᠪᠣᠬᠢᠷᠲᠤᠭᠰᠠᠨ ᠶᠠᠪᠤᠴᠠ ᠪᠠᠷ ᠪᠤᠳᠤᠵᠤ᠂ ᠳᠡᠭᠡᠳᠦ ᠱᠠᠲᠤᠨ ᠠᠴᠠ ᠤᠷᠢᠳᠴᠢᠯᠠᠨ ᠰᠡᠷᠡᠮᠵᠢᠯᠡᠭᠦᠯᠬᠦ ᠶᠢ ᠡᠬᠢᠯᠡᠭᠦᠯᠦᠨ᠎ᠡ᠃ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ᠂ ᠰᠡᠷᠡᠮᠵᠢᠯᠡᠭᠦᠯᠦᠯ ᠢ ᠡᠬᠢᠯᠡᠭᠦᠯᠬᠦ ᠠᠴᠠ ᠡᠮᠦᠨ᠎ᠡ᠂ ᠠᠭᠠᠷ ᠤᠨ ᠶᠠᠰᠤ ᠴᠢᠨᠠᠷ ᠢ ᠲᠥᠰᠦᠭᠡᠯᠡᠭᠰᠡᠨ ᠦᠷ᠎ᠡ ᠳ᠋ᠦᠩ ᠳᠤ ᠬᠤᠪᠢᠷᠠᠯᠲᠠ ᠭᠠᠷᠴᠤ᠂ ᠰᠡᠷᠡᠮᠵᠢᠯᠡᠭᠦᠯᠬᠦ ᠮᠡᠳᠡᠭᠡ ᠵᠠᠩᠭᠢ ᠯᠤᠭ᠎ᠠ ᠨᠡᠶᠢᠴᠡᠬᠦ ᠦᠭᠡᠶ ᠪᠣᠯ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠡᠷᠡᠮᠵᠢᠯᠡᠭᠦᠯᠬᠦ ᠳᠡᠰ ᠲᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠬᠦ ᠪᠤᠶᠤ ᠰᠡᠷᠡᠮᠵᠢᠯᠡᠭᠦᠯᠦᠯ ᠢ ᠦᠭᠡᠶᠢᠰᠬᠡᠬᠦ ᠬᠡᠷᠡᠭᠲᠡᠶ᠃ ᠠᠭᠠᠷ ᠤᠨ ᠶᠠᠰᠤ ᠴᠢᠨᠠᠷ ᠨᠢ ᠨᠡᠩ ᠳᠡᠭᠡᠳᠦ ᠲᠠᠰ ᠤᠨ ᠰᠡᠷᠡᠮᠵᠢᠯᠡᠭᠦᠯᠬᠦ ᠨᠥᠬᠦᠴᠡᠯ ᠳᠤ ᠬᠦᠷᠦᠭᠰᠡᠨ ᠢ ᠲᠥᠰᠦᠭᠡᠯᠡᠬᠦ ᠪᠤᠶᠤ ᠬᠢᠨᠠᠨ ᠬᠡᠮᠵᠢᠬᠦ ᠦᠶ᠎ᠡ ᠳᠤ᠂ ᠳᠡᠰ ᠳᠡᠪᠰᠢᠭᠦᠯᠬᠦ ᠠᠷᠭ᠎ᠠ ᠬᠡᠮᠵᠢᠶ᠎ᠡ ᠶᠢ ᠦᠳᠲᠡᠷ ᠲᠦᠷᠭᠡᠨ ᠠᠪᠬᠤ ᠬᠡᠷᠡᠭᠲᠡᠶ᠃      ᠬᠤᠲᠠ ᠶᠢᠨ ᠰᠡᠷᠡᠮᠵᠢᠯᠡᠭᠦᠯᠦᠯ ᠢ ᠬᠦᠴᠦᠨ ᠥᠬᠡᠶ ᠪᠣᠯᠭᠠᠵᠤ᠂ ᠰᠢᠷ᠎ᠠ ᠥᠩᠭᠡ᠂ ᠤᠯᠠᠪᠤᠷ ᠥᠩᠭᠡ᠂ ᠤᠯᠠᠭᠠᠨ ᠥᠩᠭᠡ ᠶᠢᠨ ᠰᠡᠷᠡᠮᠵᠢᠯᠡᠭᠦᠯᠦᠯ ᠢ ᠲᠠᠰ ᠳᠠᠷᠠᠭᠠᠯᠠᠯ ᠤᠨ ᠶᠣᠰᠣᠭᠠᠷ ᠬᠦᠴᠦᠨ ᠥᠬᠡᠶ ᠪᠣᠯᠭᠠᠵᠤ᠂ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠠᠯᠪᠠᠨ ᠬᠡᠷ ᠠᠴᠠ ᠰᠡᠷᠡᠮᠵᠢᠯᠡᠭᠦᠯᠦᠯ ᠢ ᠬᠦᠴᠦᠨ ᠥᠬᠡᠶ ᠪᠣᠯᠭᠠᠭᠰᠠᠨ ᠮᠡᠳᠡᠭᠡ ᠵᠠᠩᠭᠢ ᠶᠢ ᠨᠡᠶᠢᠲᠡᠯᠡᠨ᠎ᠡ᠃      ᠳᠥᠷᠪᠡ᠂ ᠪᠠᠴᠢᠮ ᠪᠠᠶᠢᠳᠠᠯ ᠢ ᠠᠷᠭᠠᠴᠠᠬᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ      ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠪᠣᠯ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠳᠠᠪᠤᠷᠢᠵᠢᠭᠤᠯᠬᠤ ᠠᠵᠢᠯᠯᠠᠭᠠᠨ ᠤ ᠴᠢᠨᠠᠷᠲᠠᠶ ᠪᠢᠴᠢᠭ ᠮᠠᠲ᠋ᠧᠷᠢᠶᠠᠯ ᠮᠥᠨ᠂ ᠡᠭᠦᠨ ᠳᠤ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠰᠠᠭᠤᠷᠢ ᠨᠠᠷᠢᠨ ᠬᠠᠭᠤᠳᠠᠰᠤ᠂ ᠠᠵᠤ ᠦᠢᠯᠡᠳᠪᠦᠷᠢ ᠶᠢᠨ ᠢᠷᠡᠯᠲᠡ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠵᠡᠷᠭᠡ ᠠᠭᠤᠯᠭ᠎ᠠ ᠪᠠᠭᠲᠠᠨ᠎ᠠ᠃      ︵ᠨᠢᠭᠡ︶ ᠶᠡᠷᠦᠩᠬᠡᠢ ᠱᠠᠭᠠᠷᠳᠠᠯᠭ᠎ᠠ      ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠬᠤᠭᠤᠴᠠᠭᠠᠨ ᠳᠤ᠂ ᠬᠦᠬᠦᠷ ᠤᠨ ᠳᠠᠪᠬᠤᠷ ᠢᠰᠦᠯ ︵SO2︶᠂ ᠠᠽᠣᠲ ᠤᠨ ᠢᠰᠦᠯ ︵NOx︶᠂ ᠮᠥᠬᠦᠯᠢᠭᠲᠦ ᠪᠣᠳᠠᠰ ︵PMx︶ ᠪᠣᠯᠤᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ︵VOCS︶ ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠴᠠᠯ ᠢ Ⅲ ᠲᠠᠰ᠂ Ⅱ ᠲᠠᠰ᠂ Ⅰ ᠲᠠᠰ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠬᠤᠭᠤᠴᠠᠭᠠᠨ ᠳᠤ᠂ ᠲᠣᠰ ᠲᠣᠰ ᠪᠥᠬᠦ ᠨᠡᠶᠢᠭᠡᠮ ᠤᠨ ᠭᠠᠳᠠᠭᠰᠢᠯᠠᠭᠤᠯᠬᠤ ᠬᠡᠮᠵᠢᠶ᠎ᠡ ᠶᠢᠨ ᠡᠵᠡᠯᠡᠬᠦ ᠬᠠᠷᠢᠴᠠᠯ ᠢ 10%᠂ 20%᠂ 30% ᠠᠴᠠ ᠳᠡᠭᠡᠭᠰᠢ ᠳᠤ ᠬᠦᠷᠦᠭᠦᠯᠦᠨ᠎ᠡ᠃ ᠪᠣᠬᠢᠷᠲᠤᠯ ᠪᠣᠳᠠᠰ ᠭᠠᠳᠠᠭᠰᠢᠯᠠᠭᠤᠯᠬᠤ ᠪᠦᠲᠦᠴᠡ ᠶᠢ ᠦᠨᠳᠦᠰᠦᠯᠡᠨ SO2 ᠪᠠ NOx ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠴᠠᠯ ᠢ ᠲᠣᠬᠢᠷᠠᠭᠤᠯᠵᠤ ᠪᠣᠯᠤᠨ᠎ᠠ᠂ ᠭᠡᠪᠡᠴᠦ ᠬᠤᠶᠠᠭᠤᠯᠠ ᠶᠢᠨ ᠬᠠᠷᠢᠴᠠᠯ ᠨᠢ ᠳᠡᠭᠡᠷ᠎ᠡ ᠳᠤᠷᠠᠳᠤᠭᠰᠠᠨ ᠶᠡᠷᠦᠩᠬᠡᠢ ᠱᠠᠭᠠᠷᠳᠠᠯᠭ᠎ᠠ ᠠᠴᠠ ᠳᠣᠣᠷ᠎ᠠ ᠪᠠᠶᠢᠵᠤ ᠪᠣᠯᠬᠤ ᠦᠭᠡᠢ᠃     ︵ᠬᠤᠶᠠᠷ︶ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠᠴᠢᠮ ᠲᠣᠳᠣᠷᠬᠠᠶ ᠬᠠᠭᠤᠳᠠᠰᠤ      ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠬᠤᠭᠤᠴᠠᠭᠠᠨ ᠳᠤ᠂ ᠠᠭᠠᠷ ᠮᠠᠨᠳᠠᠯ ᠳᠤ ᠪᠣᠬᠢᠷᠲᠤᠯ ᠪᠣᠳᠠᠰ ᠭᠠᠳᠠᠭᠰᠢᠯᠠᠭᠤᠯᠵᠤ ᠪᠠᠶᠢᠭ᠎ᠠ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠶᠢᠨ ᠱᠠᠭᠠᠷᠳᠠᠯᠭ᠎ᠠ ᠶᠣᠰᠣᠭᠠᠷ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠬᠡᠷᠡᠭᠵᠢᠭᠦᠯᠦᠨ᠎ᠡ᠃      ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠨᠢ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠶᠣᠰᠣᠭᠠᠷ ︽ᠨᠢᠭᠡ ᠦᠢᠯᠡᠳᠪᠦᠷᠢ ᠳᠤ ᠨᠢᠭᠡ ᠠᠷᠭ᠎ᠠ ᠪᠣᠳᠣᠯᠭ᠎ᠠ︾ ᠶᠢ ᠲᠣᠭᠲᠠᠭᠠᠵᠤ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠲᠥᠷᠥᠯ ᠬᠤᠪᠢᠶᠠᠬᠤ᠂ ᠠᠵᠤ ᠠᠬᠤᠶᠢᠯᠠᠯ ᠬᠤᠪᠢᠶᠠᠬᠤ᠂ ᠲᠣᠨᠤᠭ ᠲᠥᠬᠦᠭᠡᠷᠦᠮᠵᠢ ᠬᠤᠪᠢᠶᠠᠬᠤ᠂ ᠦᠢᠯᠡᠳᠪᠦᠷᠢᠯᠡᠯ ᠤᠨ ᠱᠤᠭᠤᠮ ᠬᠤᠪᠢᠶᠠᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠬᠡᠷᠡᠭᠵᠢᠭᠦᠯᠵᠦ᠂ ︽ᠡᠭᠡᠭᠡ ᠠᠳᠠᠯᠢ ᠪᠠᠶᠢᠯᠭᠠᠬᠤ︾ ᠠᠴᠠ ᠵᠠᠶᠢᠯᠠᠰᠬᠢᠨ᠎ᠡ᠃ ᠭᠤᠤᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠤ ᠠᠬᠤᠶᠢᠯᠠᠯ ᠤᠳ ︽ᠨᠢᠭᠡ ᠦᠢᠯᠡᠳᠪᠦᠷᠢ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠶᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠨᠡᠶᠢᠲᠡᠯᠡᠬᠦ ᠫᠠᠶᠢᠰᠠ ᠲᠣᠭᠲᠠᠭᠠᠵᠤ ᠦᠢᠯᠡᠳᠪᠦᠷᠢ ᠶᠢᠨ ᠲᠣᠭᠤᠷᠢᠭ ᠤᠨ ᠣᠷᠣᠬᠤ ᠡᠭᠦᠳᠡ ᠵᠡᠷᠭᠡ ᠴᠢᠬᠤᠯᠠ ᠣᠷᠣᠨ ᠪᠠᠶᠢᠷᠢ ᠳᠤ ᠤᠭᠰᠠᠷᠠᠬᠤ ᠬᠡᠷᠡᠭᠲᠡᠶ᠃ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠶᠢ ᠣᠷᠣᠨ ᠪᠦᠰᠡ ᠨᠢᠭᠡᠳᠦᠯᠲᠡᠶ ᠲᠥᠯᠥᠪᠯᠡᠬᠦ᠂ ᠶᠡᠷᠦᠩᠬᠡᠶ ᠬᠡᠮᠵᠢᠶ᠎ᠡ ᠶᠢ ᠡᠵᠡᠮᠳᠡᠬᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠠᠵᠢᠯ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠪᠠᠲᠤᠯᠠᠬᠤ ᠶᠢ ᠨᠢ ᠪᠠᠲᠤᠯᠠᠵᠤ ᠬᠢᠵᠠᠭᠠᠷᠯᠠᠬᠤ ᠶᠢ ᠨᠢ ᠪᠠᠭᠠᠰᠬᠠᠬᠤ ᠵᠠᠷᠴᠢᠮ ᠶᠣᠰᠣᠭᠠᠷ᠂ ᠠᠵᠢᠯ ᠲᠥᠷᠥᠯ ᠤᠨ ᠠᠵᠤ ᠠᠬᠤᠶᠢᠯᠠᠯ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠠᠵᠢᠯ ᠤᠨ ᠠᠮᠵᠢᠯᠲᠠ ᠪᠦᠲᠦᠮᠵᠢ ᠶᠢᠨ ᠳ᠋ᠤᠭᠠᠷᠯᠠᠬᠤ ᠳᠦᠷᠢᠮ ᠢ ᠬᠡᠷᠡᠭᠵᠢᠭᠦᠯᠦᠨ᠎ᠡ᠃ ᠬᠡᠢ ᠳᠤ ᠬᠤᠯᠪᠣᠭᠳᠠᠭᠰᠠᠨ ᠠᠵᠤ ᠠᠬᠤᠶᠢᠯᠠᠯ ᠳᠤ ᠭᠠᠳᠠᠭᠰᠢᠯᠠᠭᠤᠯᠤᠯᠲᠠ ᠶᠢᠨ ᠠᠮᠵᠢᠯᠲᠠ ᠪᠦᠲᠦᠮᠵᠢ ᠶᠢ ᠶᠡᠷᠦᠩᠬᠡᠶᠢᠯᠡᠨ ᠳᠡᠰ ᠲᠣᠭᠲᠠᠭᠠᠵᠤ᠂ ᠣᠷᠣᠨ ᠪᠦᠰᠡ᠂ ᠠᠵᠢᠯ ᠲᠥᠷᠥᠯ᠂ ᠠᠵᠤ ᠠᠬᠤᠶᠢᠯᠠᠯ ᠪᠠ ᠲᠣᠨᠤᠭ ᠲᠥᠬᠦᠭᠡᠷᠦᠮᠵᠢ ᠶᠢᠨ ᠵᠥᠷᠢᠶ᠎ᠡ ᠶᠢ ᠳᠣᠪᠤᠶᠢᠯᠭᠠᠨ᠂ ᠠᠵᠢᠯ ᠲᠥᠷᠥᠯ ᠬᠤᠪᠢᠶᠠᠨ ᠭᠠᠳᠠᠭᠰᠢᠯᠠᠭᠤᠯᠤᠯᠲᠠ ᠶᠢᠨ ᠠᠮᠵᠢᠯᠲᠠ ᠪᠦᠲᠦᠮᠵᠢ ᠶᠢ ᠦᠨᠡᠯᠡᠨ ᠲᠣᠭᠲᠠᠭᠠᠬᠤ ᠪᠠᠷᠢᠮᠵᠢᠶ᠎ᠠ ᠶᠢ ᠲᠣᠭᠲᠠᠭᠠᠵᠤ᠂ ᠠᠵᠤ ᠠᠬᠤᠶᠢᠯᠠᠯ᠂ ᠲᠥᠬᠦᠭᠡᠷᠦᠮᠵᠢ ᠳᠠᠷᠠᠭᠠᠯᠠᠨ ᠭᠠᠳᠠᠭᠰᠢᠯᠠᠭᠤᠯᠤᠯᠲᠠ ᠶᠢᠨ ᠠᠮᠵᠢᠯᠲᠠ ᠪᠦᠲᠦᠮᠵᠢ ᠶᠢᠨ ᠳᠡᠰ ᠢ ᠦᠨᠡᠯᠡᠬᠦ ᠶᠢ ᠥᠷᠨᠢᠭᠦᠯᠦᠨ᠂ ᠭᠠᠳᠠᠭᠰᠢᠯᠠᠭᠤᠯᠤᠯᠲᠠ ᠶᠢᠨ ᠠᠮᠵᠢᠯᠲᠠ ᠪᠦᠲᠦᠮᠵᠢ ᠪᠠᠷ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠠᠵᠢᠯ ᠲᠥᠷᠥᠯ ᠤᠨ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠦᠨᠡᠨ ᠬᠦ ᠪᠠᠲᠤᠯᠠᠬᠤ ᠶᠢᠨ ᠬᠠᠮᠲᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠢ ᠬᠢᠵᠠᠭᠠᠷᠯᠠᠵᠤ ᠭᠠᠳᠠᠭᠰᠢᠯᠠᠭᠤᠯᠬᠤ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃     ︵ᠭᠤᠷᠪᠠ︶ ᠬᠦᠳᠡᠯᠦᠩᠬᠦᠢ ᠲᠤᠬᠢᠷᠠᠭᠤᠯᠤᠯᠳᠠ      ᠪᠠᠴᠢᠮ ᠪᠠᠶᠢᠳᠠᠯ ᠢ ᠠᠷᠭᠠᠴᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠶᠢ ᠵᠠᠷᠴᠢᠮ ᠳᠡᠭᠡᠷ᠎ᠡ ᠪᠠᠨ ᠵᠢᠯ ᠪᠦᠷᠢ ᠨᠢᠭᠡ ᠤᠳᠠᠭ᠎ᠠ ᠲᠣᠬᠢᠷᠠᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ ᠪᠠ ᠰᠢᠯᠭᠠᠨ ᠠᠪᠬᠤ ᠳᠤ ᠬᠢᠷᠢ ᠲᠡᠩᠴᠡᠭᠰᠡᠨ ᠬᠡᠢ ᠳᠤ ᠬᠤᠯᠪᠣᠭᠳᠠᠭᠰᠠᠨ ᠠᠵᠤ ᠠᠬᠤᠶᠢᠯᠠᠯ ᠢ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠠᠴᠠ ᠲᠤᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠲᠤ ᠨᠡᠮᠡᠵᠦ ᠨᠥᠬᠦᠪᠥᠷᠢᠯᠡᠬᠦ ᠪᠤᠶᠤ ᠲᠣᠬᠢᠷᠠᠭᠤᠯᠤᠯᠲᠠ ᠬᠢᠬᠦ ᠭᠤᠶᠤᠴᠢᠯᠠᠯ ᠭᠠᠷᠭᠠᠵᠤ᠂ ᠴᠠᠭ ᠲᠤᠬᠠᠶ ᠳᠤᠨᠢ ᠣᠷᠣᠭᠤᠯᠬᠤ ᠪᠤᠶᠤ ᠳᠣᠭᠢᠷᠠᠭᠤᠯᠬᠤ ᠬᠡᠷᠡᠭᠲᠡᠶ᠃     ᠲᠠᠪᠤ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ      ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠦᠶ᠎ᠡ ᠳᠤ᠂ ᠡᠯ᠎ᠡ ᠪᠦᠷᠢᠯᠳᠦᠬᠦᠨ ᠨᠢᠭᠡᠴᠡ ᠪᠣᠯᠤᠨ ᠬᠠᠮᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠰᠡᠷᠡᠮᠵᠢᠯᠡᠭᠦᠯᠬᠦ ᠮᠡᠳᠡᠭᠳᠡᠯ ᠢ ᠣᠯᠤᠭᠰᠠᠨ ᠤ ᠳᠠᠷᠠᠭ᠎ᠠ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ᠂ ᠲᠤᠰᠬᠠᠶ ᠬᠡᠷᠡᠭᠵᠢᠭᠦᠯᠬᠦ ᠲᠥᠰᠦᠯ ᠪᠣᠯᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠵᠡᠷᠭᠡ ᠶᠢᠨ ᠶᠣᠰᠣᠭᠠᠷ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ ᠤᠷᠢᠳᠴᠢᠯᠠᠨ ᠰᠡᠷᠡᠮᠵᠢᠯᠡᠭᠦᠯᠬᠦ ᠶᠢ ᠬᠦᠴᠦᠨ ᠥᠬᠡᠶ ᠪᠣᠯᠭᠠᠭᠰᠠᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠠᠵᠢᠯ ᠳᠠᠭᠤᠰᠪᠠ᠃     ︵ᠨᠢᠭᠡ︶ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠣᠯ ᠢ ᠳᠡᠰ ᠬᠤᠪᠢᠶᠠᠬᠤ ᠵᠢᠴᠢ ᠡᠬᠢᠯᠡᠭᠦᠯᠬᠦ      ᠬᠦᠨᠳᠦ ᠪᠣᠬᠢᠷᠲᠤᠯ ᠲᠠᠢ ᠴᠠᠭ ᠠᠭᠤᠷ ᠤᠨ ᠬᠦᠨᠳᠦ ᠨᠣᠴᠢᠲᠠᠶ ᠬᠡᠮᠵᠢᠶ᠎ᠡ ᠪᠠ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠬᠤᠪᠢᠶᠠᠷᠢᠯᠠᠯ ᠢ ᠦᠨᠳᠦᠰᠦᠯᠡᠨ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠲᠠᠰ ᠢ ᠭᠤᠷᠪᠠᠨ ᠲᠠᠰ ᠬᠤᠪᠢᠶᠠᠵᠤ᠂ ᠳᠣᠤᠷ᠎ᠠ ᠠᠴᠠ ᠥᠨᠳᠥᠷ ᠪᠣᠯᠵᠣ ᠲᠠᠰ ᠳᠠᠷᠠᠭᠠᠯᠠᠯ ᠨᠢ᠄ ᠰᠢᠷ᠎ᠠ ︵Ⅲ ᠲᠠᠰ︶᠂ ᠤᠯᠠᠪᠤᠷ ︵Ⅱ ᠲᠠᠰ︶ ᠪᠠ ᠤᠯᠠᠭᠠᠨ ︵Ⅰ ᠲᠠᠰ︶ ᠲᠠᠰ ᠬᠤᠪᠢᠶᠠᠨ᠎ᠠ ᠃ ᠬᠡᠷᠡᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠰᠡᠷᠡᠮᠵᠢᠯᠡᠭᠦᠯᠬᠦ ᠨᠢ ᠳᠡᠰ ᠳᠡᠪᠰᠢᠬᠦ᠂ ᠳᠡᠰ ᠪᠠᠭᠤᠷᠠᠭᠤᠯᠬᠤ ᠪᠤᠶᠤ ᠬᠦᠴᠦᠨ ᠦᠭᠡᠶ ᠪᠣᠯᠭᠠᠵᠤ ᠪᠣᠯᠤᠨ᠎ᠠ᠃      ᠰᠢᠷ᠎ᠠ ᠥᠩᠭᠡ ᠶᠢᠨ ᠰᠡᠷᠡᠮᠵᠢᠯᠡᠭᠦᠯᠦᠯ ᠢ ᠭᠥᠯᠢᠶᠡᠨ ᠠᠪᠬᠤ ᠦᠶ᠎ᠡ ᠳᠤ᠂ Ⅲ ᠲᠠᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠬᠡᠷᠡᠭᠵᠢᠭᠦᠯᠦᠨ᠎ᠡ᠃      ᠤᠯᠠᠪᠤᠷ ᠥᠩᠭᠡ ᠶᠢᠨ ᠰᠡᠷᠡᠮᠵᠢ ᠶᠢᠨ ᠳᠣᠬᠢᠶ᠎ᠠ ᠶᠢ ᠬᠦᠯᠢᠶᠡᠨ ᠠᠪᠬᠤ ᠦᠶ᠎ᠡ ᠳᠤ᠂ Ⅱ ᠲᠠᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠬᠡᠷᠡᠭᠵᠢᠭᠦᠯᠦᠨ᠎ᠡ᠃      ᠤᠯᠠᠭᠠᠨ ᠥᠩᠭᠡ ᠶᠢᠨ ᠰᠡᠷᠡᠮᠵᠢᠯᠡᠭᠦᠯᠦᠯ ᠢ ᠭᠥᠯᠢᠶᠡᠨ ᠠᠪᠬᠤ ᠦᠶ᠎ᠡ ᠳᠤ᠂ Ⅰ ᠲᠠᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠦᠨ᠎ᠡ᠃     ︵ᠬᠤᠶᠠᠷ︶ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠣᠨ ᠲᠠᠭᠠᠬᠤ ᠠᠷᠭ᠎ᠠ ᠬᠡᠮᠵᠢᠶ᠎ᠡ      1. Ⅲ ᠲᠠᠰ ᠤᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠣᠯ ᠤᠨ ᠠᠷᠭ᠎ᠠ ᠬᠡᠮᠵᠢᠶ᠎ᠡ      ᠰᠡᠷᠡᠮᠵᠢᠯᠡᠭᠦᠯᠬᠦ ᠮᠡᠳᠡᠭᠡ ᠵᠠᠩᠭᠢ ᠶᠢ ᠣᠯᠤᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠨᠢ ᠵᠣᠬᠢᠴᠠᠩᠭᠤᠶ ᠲᠠᠰ ᠤᠨ ᠳᠠᠭᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ ᠡᠭᠦᠨ ᠳᠤ ᠳᠣᠣᠷᠠᠬᠢ ᠠᠷᠭ᠎ᠠ ᠬᠡᠮᠵᠢᠶ᠎ᠡ ᠨᠦᠭᠦᠳ ᠲᠤ ᠪᠠᠭᠲᠠᠬᠤ ᠪᠣᠯᠪᠠᠴᠤ ᠬᠢᠵᠠᠭᠠᠷᠯᠠᠭᠳᠠᠬᠤ ᠦᠭᠡᠢ᠄      ︵1︶ ᠡᠷᠡᠭᠦᠯ ᠮᠡᠨᠳᠦ ᠶᠢ ᠬᠠᠮᠠᠭᠠᠯᠠᠬᠤ ᠠᠷᠭ᠎ᠠ ᠬᠡᠮᠵᠢᠶ᠎ᠡ      ① ᠤᠬᠠᠭᠤᠯᠬᠤ ᠰᠠᠯᠠᠭ᠎ᠠ ᠮᠥᠴᠢᠷ ᠨᠢ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠣᠯ ᠤᠨ ᠣᠷᠣᠨ ᠪᠦᠰᠡ ᠳᠤ ᠳᠣᠣᠷᠠᠬᠢ ᠮᠡᠲᠦ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠰᠠᠨᠠᠭᠤᠯᠤᠮᠵᠢ ᠨᠡᠶᠢᠲᠡᠯᠡᠬᠦ ᠶᠢ ᠬᠠᠷᠢᠭᠤᠴᠠᠨ᠎ᠠ᠄ ᠬᠡᠦᠬᠡᠳ᠂ ᠨᠠᠰᠤᠲᠠᠶᠢᠴᠤᠳ ᠪᠠ ᠵᠢᠷᠦᠬᠡ ᠲᠠᠷᠢᠬᠢᠨ ᠤ ᠴᠢᠰᠤᠨ ᠰᠤᠳᠠᠯ᠂ ᠠᠮᠢᠰᠬᠤᠯ ᠤᠨ ᠰᠢᠰᠲ᠋ᠧᠮ ᠵᠡᠷᠭᠡ ᠡᠪᠡᠳᠴᠢᠨ ᠳᠤ ᠨᠡᠷᠪᠡᠭᠳᠡᠬᠦ ᠠᠮᠠᠷᠬᠠᠨ ᠬᠠᠯᠳᠠᠪᠤᠷᠢᠯᠠᠭᠳᠠᠬᠤ ᠬᠥᠮᠦᠰ ᠢ ᠠᠯᠢ ᠴᠢᠳᠠᠬᠤ ᠪᠠᠷ ᠭᠡᠷ ᠳᠣᠲᠣᠷ᠎ᠠ ᠪᠠᠶᠢᠯᠭᠠᠵᠤ᠂ ᠭᠡᠷ ᠤᠨ ᠭᠠᠳᠠᠨᠠᠬᠢ ᠬᠥᠳᠡᠯᠭᠡᠭᠡᠨ ᠠᠴᠠ ᠵᠠᠶᠢᠯᠠᠰᠬᠢᠨ᠎ᠡ᠃ ᠡᠩ ᠤᠨ ᠬᠥᠮᠦᠰ ᠭᠡᠷ ᠤᠨ ᠭᠠᠳᠠᠨᠠᠬᠢ ᠠᠵᠢᠯᠯᠠᠭ᠎ᠠ ᠪᠠ ᠠᠵᠢᠯᠯᠠᠬᠤ ᠴᠠᠭ ᠢ ᠪᠠᠭᠠᠰᠬᠠᠬᠤ ᠪᠤᠶᠤ ᠲᠡᠭᠦᠨ ᠠᠴᠠ ᠵᠠᠶᠢᠯᠠᠰᠬᠢᠵᠦ᠂ ᠦᠨᠡᠬᠡᠷ ᠵᠠᠶᠢᠯᠠᠭᠤᠯᠵᠤ ᠪᠣᠯᠤᠰᠢ ᠦᠭᠡᠢ ᠪᠠᠶᠢᠪᠠᠯ᠂ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃      ② ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢᠭᠡᠨᠲᠡ ᠠᠭᠠᠷ ᠴᠡᠪᠡᠷᠰᠢᠭᠦᠯᠬᠦ ᠲᠥᠬᠦᠭᠡᠷᠦᠮᠵᠢ ᠤᠭᠰᠠᠷᠠᠭᠰᠠᠨ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠴᠠᠭ ᠲᠤᠬᠠᠢ ᠳᠤᠨᠢ ᠠᠭᠠᠷ ᠴᠡᠪᠡᠷᠰᠢᠭᠦᠯᠬᠦ ᠲᠥᠬᠦᠭᠡᠷᠦᠮᠵᠢ ᠶᠢ ᠨᠡᠭᠡᠭᠡᠵᠦ᠂ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶᠢ ᠵᠣᠬᠢᠶᠠᠨ ᠪᠠᠶᠢᠭᠤᠯᠵᠤ ᠭᠡᠷ ᠤᠨ ᠭᠠᠳᠠᠨᠠᠬᠢ ᠬᠢᠴᠢᠶᠡᠯ ᠵᠢᠴᠢ ᠠᠵᠢᠯᠯᠠᠭ᠎ᠠ ᠶᠢ ᠵᠣᠭᠰᠣᠭᠠᠨ᠎ᠠ᠃      ③ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠡᠮᠴᠢᠯᠡᠭᠡᠨ ᠤ ᠪᠠᠶᠢᠭᠤᠯᠤᠮᠵᠢ ᠶᠢ ᠱᠠᠭᠠᠷᠳᠠᠨ ᠵᠢᠯᠣᠭᠤᠳᠴᠤ ᠪᠠᠶᠢᠭᠠᠳ ᠬᠤᠯᠪᠣᠭᠳᠠᠯ ᠪᠦᠬᠦᠢ ᠡᠪᠡᠳᠴᠢᠨ ᠡᠮᠭᠡᠭ ᠤᠨ ᠡᠭᠦᠳᠡᠨ ᠡᠮᠨᠡᠯᠭᠡ᠂ ᠲᠦᠷᠭᠡᠨ ᠡᠮᠴᠢᠯᠡᠭᠡ ᠬᠢᠯᠭᠡᠵᠦ᠂ ᠡᠮᠴᠢ ᠰᠤᠪᠢᠯᠠᠭᠴᠢ ᠶᠢ ᠨᠡᠮᠡᠭᠳᠡᠭᠦᠯᠦᠨ᠎ᠡ᠃      ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶      ︵2︶ ᠰᠠᠨᠠᠭᠠᠴᠢᠯᠠᠭ᠎ᠠ ᠶᠢᠨ ᠴᠢᠨᠠᠷᠲᠠᠢ ᠪᠣᠬᠢᠷᠳᠣᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ      ① ᠨᠢᠭᠡᠴᠢ ᠪᠠ ᠤᠯᠠᠨ ᠨᠡᠶᠢᠲᠡ ᠳᠤ ᠳᠡᠭᠳᠡᠮᠡᠬᠡᠶ ᠴᠢᠨᠠᠷ ᠲᠠᠢ ᠣᠷᠭᠠᠨᠢᠭ ᠪᠣᠳᠠᠰ ᠠᠭᠤᠯᠤᠭᠰᠠᠨ ᠰᠢᠷ᠂ ᠠᠭᠤᠰᠬᠠᠭᠴᠢ ᠵᠡᠷᠭᠡ ᠲᠦᠭᠦᠬᠡᠢ ᠮᠠᠲ᠋ᠧᠷᠢᠶᠠᠯ ᠵᠢᠴᠢ ᠦᠢᠯᠡᠳᠬᠦᠨ ᠤ ᠬᠡᠷᠡᠭᠯᠡᠯᠲᠡ ᠶᠢ ᠠᠯᠢ ᠴᠢᠳᠠᠬᠤ ᠪᠠᠷ ᠪᠠᠭᠠᠰᠬᠠᠬᠤ ᠶᠢ ᠤᠷᠢᠶᠠᠯᠠᠪᠠ᠃      ② ᠣᠯᠠᠨ ᠨᠡᠶᠢᠲᠡ ᠶᠢᠨ ᠪᠣᠬᠢᠷᠲᠤᠯ ᠥᠬᠡᠶ ᠪᠠᠷ ᠶᠠᠪᠤᠵᠤ ᠰᠠᠭᠤᠬᠤ ᠶᠢ ᠵᠣᠷᠢᠭᠵᠢᠭᠤᠯᠵᠤ᠂ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠪᠤᠶᠤ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠳᠤ ᠰᠠᠭᠤᠬᠤ ᠵᠡᠷᠭᠡ ᠠᠷᠭ᠎ᠠ ᠮᠠᠶ᠋ᠢᠭ ᠢᠶᠠᠷ ᠭᠠᠳᠠᠭᠰᠢ ᠭᠠᠷᠤᠨ᠎ᠠ᠃ ᠲᠡᠷᠭᠡᠨ ᠳᠤ ᠰᠠᠭᠤᠪᠠᠯ ᠴᠠᠭ ᠲᠤᠬᠠᠶ ᠳᠤᠨᠢ ᠤᠨᠲᠠᠷᠠᠵᠤ᠂ ᠲᠡᠷᠭᠡ ᠬᠥᠰᠬᠡ ᠶᠢᠨ ᠤᠤᠯ ᠣᠷᠣᠨ ᠳᠤ ᠪᠠᠨ ᠬᠤᠶᠢᠷᠭᠤᠰᠢᠨ ᠠᠶᠠᠯᠠᠬᠤ ᠴᠠᠭ ᠢ ᠪᠠᠭᠠᠰᠬᠠᠨ᠎ᠠ᠃      ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ︶      ︵3︶ ᠪᠣᠬᠢᠷᠳᠣᠯ ᠢ ᠠᠯᠪᠠᠳᠠᠨ ᠪᠠᠭᠠᠰᠬᠠᠬᠤ ᠠᠷᠭ᠎ᠠ ᠬᠡᠮᠵᠢᠶ᠎ᠡ      ① ᠠᠵᠤ ᠦᠢᠯᠡᠳᠪᠦᠷᠢ ᠶᠢᠨ ᠢᠷᠡᠯᠲᠡ ᠶᠢᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠶᠢ ᠦᠨᠳᠦᠰᠦᠯᠡᠨ᠂ ᠠᠮᠢ ᠠᠬᠤᠶ ᠣᠷᠴᠢᠨ ᠲᠣᠭᠤᠷᠢᠨ᠂ ᠠᠵᠤ ᠦᠢᠯᠡᠳᠪᠦᠷᠢ ᠶᠢᠨ ᠰᠠᠯᠠᠭ᠎ᠠ ᠮᠥᠴᠢᠷ ᠵᠡᠷᠭᠡ ᠰᠠᠯᠠᠭ᠎ᠠ ᠮᠥᠴᠢᠷ ᠤᠳ ᠠᠵᠤ ᠠᠬᠤᠶᠢᠯᠠᠯ ᠢ ᠰᠢᠮᠳᠠᠭᠤᠯᠤᠨ ᠵᠢᠯᠣᠭᠤᠳᠴᠤ ᠪᠠᠶᠢᠭᠠᠳ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠄ ︽ᠨᠢᠭᠡ ᠦᠢᠯᠡᠳᠪᠦᠷᠢ ᠳᠤ ᠨᠢᠭᠡ ᠠᠷᠭ᠎ᠠ ᠪᠣᠳᠣᠯᠭ᠎ᠠ︾ ᠶᠢᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠤᠨ ᠳᠠᠭᠠᠭᠠᠴᠠ ᠶᠢ ᠪᠠᠭᠤᠷᠠᠭᠤᠯᠬᠤ᠂ ᠦᠢᠯᠡᠳᠪᠦᠷᠢᠯᠡᠯ ᠢ ᠵᠣᠭᠰᠣᠭᠠᠬᠤ᠂ ᠪᠣᠬᠢᠷᠲᠤᠯ ᠢ ᠵᠠᠰᠠᠬᠤ ᠶᠢ ᠴᠢᠩᠭᠠᠳᠬᠠᠬᠤ᠂ ᠶᠡᠭᠡ ᠬᠡᠮᠵᠢᠶᠡᠨ ᠤ ᠪᠣᠳᠠᠰ ᠤᠨ ᠮᠠᠲ᠋ᠧᠷᠢᠶᠠᠯ ᠢ ᠵᠥᠷᠢᠭᠦᠯᠦᠨ ᠲᠡᠭᠡᠭᠡᠪᠦᠷᠢᠯᠡᠬᠦ ᠵᠡᠷᠭᠡ ᠠᠷᠭ᠎ᠠ ᠬᠡᠮᠵᠢᠶ᠎ᠡ ᠠᠪᠴᠤ᠂ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠨ᠎ᠠ᠃ ᠪᠠᠲᠤᠯᠠᠭ᠎ᠠ ᠶᠢᠨ ᠲᠥᠷᠥᠯ ᠤᠨ ᠠᠵᠤ ᠠᠬᠤᠶᠢᠯᠠᠯ ᠤᠳ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ︽ᠢᠯᠴᠢ ᠪᠠᠷ ᠦᠢᠯᠡᠳᠪᠦᠷᠢᠯᠡᠬᠦ ︵ᠴᠠᠬᠢᠯᠭᠠᠨ︶ ᠪᠤᠶᠤ ︽ᠬᠡᠮᠵᠢᠶ᠎ᠡ ᠪᠠᠷ ᠭᠠᠷᠤᠯᠲᠠ ᠶᠢ ᠲᠣᠭᠲᠠᠭᠠᠬᠤ︾ ᠶᠢ ᠪᠠᠲᠤᠯᠠᠨ᠎ᠠ᠃ ᠴᠠᠬᠢᠯᠭᠠᠨ ᠵᠠᠳᠠᠯᠤᠯ ᠤᠨ ᠬᠦᠩᠭᠡᠨᠴᠠᠭᠠᠨ᠂ ᠢᠯᠴᠢ ᠶᠢᠨ ᠴᠠᠬᠢᠯᠭᠠᠨ᠂ ᠲᠣᠨᠤᠭ ᠲᠥᠬᠦᠭᠡᠷᠦᠮᠵᠢ ᠦᠢᠯᠡᠳᠬᠦ᠂ ᠠᠵᠤ ᠦᠢᠯᠡᠳᠪᠦᠷᠢ ᠶᠢᠨ ᠲᠦᠷᠬᠢᠵᠦ ᠤᠭᠰᠠᠷᠠᠬᠤ ᠵᠡᠷᠭᠡ ᠠᠵᠤ ᠠᠬᠤᠶᠢᠯᠠᠯ ᠢ ᠬᠠᠮᠢᠶᠠᠷᠤᠨ ᠡᠵᠡᠮᠳᠡᠬᠦ ᠶᠢ ᠳᠣᠪᠤᠶᠢᠯᠭᠠᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠠᠶᠠᠭᠳᠠᠮᠠᠯ ᠬᠡᠢ ᠶᠢ ᠵᠠᠰᠠᠬᠤ ᠪᠡᠯᠡᠳᠬᠡᠮᠵᠢ ᠶᠢᠨ ᠠᠵᠢᠯᠯᠠᠭᠠᠨ ᠢ ᠴᠢᠩᠭᠠᠷᠠᠭᠤᠯᠵᠤ᠂ ᠣᠷᠭᠠᠨᠢᠭ ᠠᠭᠤᠰᠬᠠᠮᠠᠯ ᠡᠮ ᠤᠨ ᠬᠡᠷᠡᠭᠯᠡᠯᠲᠡ ᠶᠢ ᠪᠠᠭᠠᠰᠬᠠᠨ᠂ ᠠᠭᠠᠷ ᠮᠠᠨᠳᠠᠯ ᠤᠨ ᠪᠣᠬᠢᠷᠲᠤᠯ ᠤᠨ ᠡᠬᠢ ᠰᠤᠷᠪᠤᠯᠵᠢ ᠶᠢᠨ ᠲᠤᠬᠠᠶ ᠬᠠᠤᠯᠢ ᠬᠡᠷᠡᠭᠵᠢᠭᠦᠯᠵᠦ ᠪᠠᠶᠢᠴᠠᠭᠠᠬᠤ ᠤᠳᠠᠭ᠎ᠠ ᠶᠢ ᠨᠡᠮᠡᠭᠳᠡᠭᠦᠯᠦᠨ᠎ᠡ᠃      ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ︶᠃      ② ᠰᠢᠯᠵᠢᠮᠡᠯ ᠢᠷᠡᠯᠲᠡ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠬᠡᠮᠵᠢᠶ᠎ᠡ᠃ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠷᠢᠯᠭ᠎ᠠ ᠶᠢᠨ ᠭᠠᠵᠠᠷ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠨᠢᠰᠬᠡᠯ ᠤᠨ ᠪᠠᠭᠤᠳᠠᠯ᠂ ᠲᠡᠮᠦᠷ ᠵᠠᠮ ᠤᠨ ᠪᠠᠷᠠᠭᠠᠨ ᠤ ᠲᠠᠯᠠᠪᠤᠷ ᠲᠤ ᠤᠯᠤᠰ ᠤᠨ ᠬᠤᠶᠠᠳᠤᠭᠠᠷ ᠵᠢᠴᠢ ᠲᠡᠭᠦᠨ ᠠᠴᠠ ᠳᠣᠷᠣᠭᠰᠢᠬᠢ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠲᠡᠷᠭᠡ ᠬᠡᠷᠡᠭᠯᠡᠬᠦ ᠶᠢ ᠴᠠᠭᠠᠵᠠᠯᠠᠨ᠎ᠠ᠃ ᠵᠠᠷᠴᠢᠮ ᠳᠡᠭᠡᠷ᠎ᠡ ᠪᠠᠨ ᠬᠤᠲᠠ ᠶᠢᠨ ᠠᠵᠢᠯᠯᠠᠭᠠᠨ ᠤ ᠪᠠᠲᠤᠯᠠᠭ᠎ᠠ ᠶᠢᠨ ᠲᠡᠷᠭᠡ ᠬᠥᠰᠬᠡ ᠪᠠ ᠡᠭᠦᠷᠭᠡ ᠭᠦᠢᠴᠡᠳᠬᠡᠬᠦ ᠣᠨᠴᠠ ᠲᠥᠷᠥᠯ ᠤᠨ ᠲᠡᠷᠭᠡ ᠬᠥᠰᠬᠡ ᠶᠢ ᠭᠠᠷᠭᠠᠪᠠᠯ᠂ ᠰᠡᠷᠡᠮᠵᠢᠯᠡᠭᠦᠯᠬᠦ ᠣᠷᠣᠨ ᠪᠦᠰᠡ ᠳᠤ ᠶᠠᠪᠤᠬᠤ ᠶᠢ ᠴᠠᠭᠠᠵᠠᠯᠠᠬᠤ ᠣᠷᠣᠨ ᠳᠤ ᠬᠦᠨᠳᠦ ᠬᠡᠯᠪᠡᠷᠢ ᠶᠢᠨ ᠪᠠ ᠳᠤᠮᠳᠠ ᠬᠡᠯᠪᠡᠷᠢ ᠶᠢᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ︵ᠰᠢᠲᠠᠮᠠᠬᠠᠶ ᠬᠡᠢ ᠪᠠᠭᠲᠠᠨ᠎ᠠ︶᠂ ᠭᠤᠷᠪᠠᠨ ᠬᠦᠷᠳᠦᠲᠦ ᠮᠠᠰᠢᠨ ᠲᠡᠷᠭᠡ᠂ ᠳᠣᠤᠷ᠎ᠠ ᠬᠤᠷᠳᠤᠴᠠᠲᠤ ᠪᠠᠷᠠᠭ᠎ᠠ ᠲᠡᠭᠡᠭᠡᠬᠦ ᠮᠠᠰᠢᠨ ᠲᠡᠷᠭᠡ ᠪᠠ ᠲᠷᠠᠺᠲ᠋ᠣᠷ ᠨᠡᠪᠲᠡᠷᠡᠬᠦ ᠶᠢ ᠴᠠᠭᠠᠵᠠᠯᠠᠨ᠎ᠠ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠰᠠᠭ ᠤᠨ ᠣᠷᠳᠣᠨ ᠤ ᠨᠡᠶᠢᠲᠡᠯᠡᠭᠰᠡᠨ ᠬᠦᠨᠳᠦ ᠪᠣᠬᠢᠷᠲᠤᠯ ᠲᠠᠢ ᠴᠠᠭ ᠠᠭᠤᠷ ᠢᠶᠠᠷ ᠶᠠᠪᠤᠬᠤ ᠶᠢ ᠬᠢᠵᠠᠭᠠᠷᠯᠠᠬᠤ ᠵᠠᠷᠯᠠᠯ ᠶᠣᠰᠣᠭᠠᠷ᠂ ᠬᠦᠨᠳᠦ ᠬᠡᠯᠪᠡᠷᠢ᠂ ᠳᠤᠮᠳᠠ ᠬᠡᠯᠪᠡᠷᠢ ᠶᠢᠨ ᠪᠠᠷᠠᠭᠠᠨ ᠤ ᠲᠡᠷᠭᠡ ᠵᠢᠴᠢ ᠪᠠᠷᠢᠯᠭ᠎ᠠ ᠶᠢᠨ ᠲᠡᠷᠭᠡ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠵᠦ᠂ ᠬᠢᠯᠢ ᠪᠠᠷ ᠥᠩᠭᠡᠷᠡᠬᠦ ᠲᠡᠷᠭᠡ ᠬᠥᠰᠬᠡ ᠶᠢ ᠬᠥᠲᠥᠯᠥᠨ ᠵᠢᠯᠣᠭᠤᠳᠴᠤ ᠪᠠᠶᠢᠭᠠᠳ ᠭᠤᠣᠯ ᠬᠤᠲᠠ ᠶᠢᠨ ᠲᠣᠭᠤᠷᠢᠭ ᠲᠤ ᠶᠠᠪᠤᠭᠤᠯᠬᠤ ᠠᠴᠠ ᠵᠠᠶᠢᠯᠠᠭᠤᠯᠤᠨ᠎ᠠ᠃      ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠳ᠋ᠦᠩ ᠾᠧ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠳ᠋ᠦᠩ ᠰᠢᠩ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ︶      ③ ᠬᠤᠭ ᠲᠣᠭᠤᠰᠣᠨ ᠤ ᠡᠬᠢ ᠶᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠃ ᠠᠭᠤᠷᠬᠠᠶ᠂ ᠬᠠᠶᠢᠷ ᠴᠢᠯᠠᠭᠤᠨ ᠮᠠᠲ᠋ᠧᠷᠢᠶᠠᠯ ᠤᠨ ᠦᠢᠯᠡᠳᠪᠦᠷᠢ᠂ ᠴᠢᠯᠠᠭᠤᠨ ᠬᠠᠪᠲᠠᠰᠤ ᠶᠢᠨ ᠦᠢᠯᠡᠳᠪᠦᠷᠢ ᠵᠡᠷᠭᠡ ᠨᠢ ᠵᠠᠳᠠᠭᠠᠶ ᠠᠵᠢᠯ ᠢ ᠵᠣᠭᠰᠣᠭᠠᠵᠤ᠂ ᠪᠠᠷᠢᠯᠭ᠎ᠠ ᠶᠢᠨ ᠭᠠᠵᠠᠷ ᠨᠢ ᠰᠢᠷᠣᠶ ᠴᠢᠯᠠᠭᠤᠨ ᠤ ᠠᠵᠢᠯ ᠢ ᠵᠣᠭᠰᠣᠭᠠᠬᠤ ︵ᠪᠠᠷᠢᠯᠭ᠎ᠠ ᠨᠤᠷᠠᠭᠠᠬᠤ᠂ ᠰᠢᠷᠣᠶ ᠴᠢᠯᠠᠭᠤ ᠶᠢ ᠮᠠᠯᠲᠠᠵᠤ ᠭᠠᠷᠭᠠᠬᠤ᠂ ᠡᠭᠡᠭᠦᠯᠦᠨ ᠪᠥᠭᠯᠡᠬᠦ᠂ ᠲᠠᠯᠠᠪᠠᠶ ᠳᠤ ᠪᠤᠴᠠᠭᠠᠵᠤ ᠲᠡᠭᠡᠭᠡᠪᠦᠷᠢᠯᠡᠬᠦ᠂ ᠴᠣᠬᠤᠶ ᠬᠤᠯᠢᠬᠤ᠂ ᠪᠧᠲ᠋ᠣᠨᠣᠨ ᠮᠠᠯᠲᠠᠬᠤ ᠵᠡᠷᠭᠡ ᠠᠵᠢᠯ ᠢ ᠵᠣᠭᠰᠣᠭᠠᠵᠤ᠂ ᠪᠠᠷᠢᠯᠭ᠎ᠠ ᠶᠢᠨ ᠠᠵᠢᠯ ᠤᠨ ᠢᠵᠢ ᠪᠦᠷᠢᠳᠦᠭᠦᠯᠬᠦ ᠵᠠᠮ ᠪᠠ ᠬᠤᠭᠤᠯᠠᠶ ᠶᠢᠨ ᠭᠤᠤ ᠶᠢ ᠮᠠᠯᠲᠠᠵᠤ ᠭᠠᠷᠭᠠᠬᠤ ᠠᠵᠢᠯ ᠢ ᠵᠣᠭᠰᠣᠭᠠᠬᠤ︶᠂ ᠪᠠᠷᠢᠯᠭ᠎ᠠ ᠶᠢᠨ ᠬᠤᠭ ᠨᠣᠪᠰᠢ ᠴᠡᠪᠡᠷᠯᠡᠨ ᠲᠡᠭᠡᠭᠡᠪᠦᠷᠢᠯᠡᠬᠦ ᠲᠡᠷᠭᠡ ᠬᠥᠰᠬᠡ ᠪᠠ ᠬᠠᠶᠢᠷ ᠴᠢᠯᠠᠭᠤᠨ ᠲᠡᠭᠡᠭᠡᠪᠦᠷᠢ ᠶᠢᠨ ᠲᠡᠷᠭᠡ ᠬᠥᠰᠬᠡ ᠶᠢ ᠵᠠᠮ ᠳᠤ ᠭᠠᠷᠭᠠᠨ ᠶᠠᠪᠤᠭᠤᠯᠬᠤ ᠶᠢ ᠴᠠᠭᠠᠵᠠᠯᠠᠵᠤ᠂ ᠰᠢᠷᠣᠶ ᠴᠢᠯᠠᠭᠤ ᠮᠠᠯᠲᠠᠬᠤ ᠵᠡᠷᠭᠡ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ ᠢᠶᠠᠷ ᠠᠵᠢᠯᠯᠠᠭᠤᠯᠬᠤ ᠶᠢ ᠵᠣᠭᠰᠣᠭᠠᠬᠤ ᠬᠡᠷᠡᠭᠲᠡᠶ᠃ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠳᠦᠷ ᠲᠤᠲᠤᠮ ᠤᠨ ᠵᠠᠮ ᠤᠨ ᠠᠷᠢᠭᠤᠨ ᠴᠡᠪᠡᠷ ᠤᠨ ᠠᠵᠢᠯ ᠤᠨ ᠰᠠᠭᠤᠷᠢᠨ ᠳᠡᠭᠡᠷ᠎ᠡ᠂ ᠮᠠᠰᠢᠨ ᠢᠶᠠᠷ ᠱᠦᠭᠦᠷᠳᠡᠬᠦ᠂ ᠤᠰᠤ ᠰᠦᠷᠴᠢᠬᠦ᠂ ᠰᠦᠷᠴᠢᠬᠦ ᠵᠡᠷᠭᠡ ᠠᠵᠢᠯ ᠤᠨ ᠳᠠᠪᠲᠠᠮᠵᠢ ᠤᠳᠠᠭ᠎ᠠ ᠶᠢ ᠨᠡᠮᠡᠭᠳᠡᠭᠦᠯᠬᠦ ᠬᠡᠷᠡᠭᠲᠡᠶ ︵ᠬᠥᠯᠳᠡᠬᠦ ᠬᠤᠭᠤᠴᠠᠭ᠎ᠠ ᠶᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠡᠷᠡᠭᠵᠢᠭᠦᠯᠦᠨ᠎ᠡ︶᠃      ᠮᠠᠨ ᠤ ᠲᠣᠭᠤᠷᠢᠭ ᠤᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠠᠷᠠᠳ ᠤᠨ ᠠᠮᠢᠳᠤᠷᠠᠯ ᠤᠨ ᠢᠨᠵᠧᠨᠧᠷᠢᠩ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠪᠠᠷᠢᠯᠭ᠎ᠠ ᠪᠠᠷᠢᠬᠤ ᠵᠡᠷᠭᠡ ᠬᠡᠷᠡᠭᠴᠡᠭᠡ ᠪᠠᠨ ᠦᠨᠳᠦᠰᠦᠯᠡᠨ ᠦᠷᠭᠦᠯᠵᠢᠯᠡᠨ ᠠᠵᠢᠯᠯᠠᠵᠤ ᠪᠣᠯᠤᠨ᠎ᠠ᠂ ᠭᠡᠪᠡᠴᠦ ︽ᠵᠢᠷᠭᠤᠭᠠᠨ ᠵᠠᠭᠤᠨ ᠤ ᠵᠠᠭᠤ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠢᠴᠦᠭᠦᠨ ᠲᠠᠯᠠᠪᠤᠷ ᠭᠠᠵᠠᠷ ᠢ ᠪᠦᠬᠦᠨ ᠢ ᠪᠦᠲᠡᠭᠡᠵᠦ᠂ ᠤᠰᠤ ᠰᠦᠷᠴᠢᠵᠦ ᠲᠣᠭᠤᠰᠣ ᠳᠠᠷᠤᠬᠤ ᠤᠳᠠᠭ᠎ᠠ ᠶᠢ ᠨᠡᠮᠡᠭᠳᠡᠭᠦᠯᠬᠦ ᠬᠡᠷᠡᠭᠲᠡᠶ᠃      ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶      ④ ᠪᠤᠰᠤᠳ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠬᠡᠮᠵᠢᠶ᠎ᠡ᠃ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠦᠷᠦᠭᠦᠯᠡᠨ ᠲᠠᠷᠢᠮᠠᠯ ᠤᠨ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠬᠤᠶᠠᠷ ᠪᠠᠯᠭᠠᠰᠤ ᠵᠢᠴᠢ ᠬᠠᠤᠯᠢ ᠬᠡᠷᠡᠭᠵᠢᠭᠦᠯᠬᠦ ᠶᠡᠭᠡ ᠠᠩᠭᠢ ᠲᠠᠷᠢᠮᠠᠯ ᠤᠨ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠬᠤᠶᠠᠷ ᠪᠠᠯᠭᠠᠰᠤ ᠮᠣᠳᠣᠨ ᠨᠠᠪᠴᠢ᠂ ᠬᠤᠭ ᠨᠣᠪᠰᠢ ᠶᠢ ᠭᠠᠳᠠᠨ᠎ᠠ ᠰᠢᠲᠠᠭᠠᠬᠤ ᠶᠢ ᠴᠠᠭᠠᠵᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤᠮᠳᠠᠭᠠᠨ ᠤ ᠲᠣᠰᠣᠨ ᠣᠲᠤᠭ᠎ᠠ ᠰᠢᠢᠳᠪᠦᠷᠢᠯᠡᠬᠦ ᠪᠡᠯᠡᠳᠬᠡᠮᠵᠢ ᠶᠢᠨ ᠬᠡᠪ ᠤᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃      ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠾᠧ ᠳ᠋ᠦᠩ ᠪᠠᠯᠭᠠᠰᠤ᠂ ᠰᠠᠷᠠᠴᠢᠨ ᠪᠠᠯᠭᠠᠰᠤ︶      2. Ⅱ ᠲᠠᠰ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠠᠷᠭ᠎ᠠ ᠬᠡᠮᠵᠢᠶ᠎ᠡ      Ⅲ ᠲᠠᠰ ᠤᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠣᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠯᠪᠠᠳᠠᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠶᠢ ᠨᠡᠮᠡᠪᠡ᠄      ︵1︶ ᠡᠷᠡᠭᠦᠯ ᠮᠡᠨᠳᠦ ᠶᠢ ᠬᠠᠮᠠᠭᠠᠯᠠᠬᠤ ᠠᠷᠭ᠎ᠠ ᠬᠡᠮᠵᠢᠶ᠎ᠡ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠵᠡᠷᠭᠡ ᠭᠡᠷ ᠤᠨ ᠭᠠᠳᠠᠨᠠᠬᠢ ᠬᠢᠴᠢᠶᠡᠯ ᠵᠢᠴᠢ ᠠᠵᠢᠯᠯᠠᠭ᠎ᠠ ᠶᠢ ᠵᠣᠭᠰᠣᠭᠠᠬᠤ ᠶᠢ ᠰᠢᠮᠳᠠᠭᠤᠯᠤᠨ ᠵᠢᠯᠣᠭᠤᠳᠬᠤ ᠪᠠ ᠵᠣᠬᠢᠶᠠᠨ ᠪᠠᠶᠢᠭᠤᠯᠵᠤ᠂ ᠪᠡᠶ᠎ᠡ ᠶᠢᠨ ᠲᠠᠮᠢᠷ ᠤᠨ ᠰᠢᠯᠭᠠᠯᠲᠠ ᠪᠠ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠭᠡᠷ ᠤᠨ ᠭᠠᠳᠠᠨᠠᠬᠢ ᠲᠦᠷᠦᠯ ᠵᠦᠢᠯ ᠢ ᠬᠤᠶᠢᠰᠢᠯᠠᠭᠤᠯᠤᠨ ᠬᠢᠬᠦ ᠶᠢ ᠬᠠᠷᠢᠭᠤᠴᠠᠨ᠎ᠠ᠃      ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ︶      ︵2︶ ᠠᠵᠤ ᠦᠢᠯᠡᠳᠪᠦᠷᠢ ᠶᠢᠨ ᠢᠷᠡᠯᠲᠡ ᠶᠢᠨ ᠪᠣᠬᠢᠷᠳᠠᠯ ᠢ ᠪᠠᠭᠠᠰᠭᠠᠬᠤ ᠠᠷᠭ᠎ᠠ ᠬᠡᠮᠵᠢᠶ᠎ᠡ᠃ ᠠᠮᠢ ᠠᠬᠤᠶ ᠶᠢᠨ ᠣᠷᠴᠢᠨ ᠲᠣᠭᠤᠷᠢᠨ᠂ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠰᠠᠯᠠᠭ᠎ᠠ ᠮᠥᠴᠢᠷ ᠤᠳ ᠠᠵᠤ ᠦᠢᠯᠡᠳᠪᠦᠷᠢ ᠠᠵᠤ ᠠᠬᠤᠶᠢᠯᠠᠯ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠶᠢᠨ ᠶᠣᠰᠣᠭᠠᠷ᠂ ᠠᠵᠤ ᠠᠬᠤᠶᠢᠯᠠᠯ ᠢ ᠰᠢᠮᠳᠠᠭᠤᠯᠤᠨ ᠵᠢᠯᠣᠭᠤᠳᠴᠤ ᠪᠠᠶᠢᠭᠠᠳ ᠤᠯᠠᠪᠤᠷ ᠥᠩᠭᠡ ᠶᠢᠨ ᠰᠡᠷᠡᠮᠵᠢᠯᠡᠭᠦᠯᠬᠦ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠰᠠᠯᠠᠭ᠎ᠠ ᠮᠥᠴᠢᠷ ᠤᠳ ᠨᠡᠭᠦᠷᠡᠰᠦ ᠰᠢᠲᠠᠭᠠᠵᠤ ᠴᠠᠬᠢᠯᠭᠠᠨ ᠭᠠᠷᠭᠠᠬᠤ ᠠᠵᠤ ᠠᠬᠤᠶᠢᠯᠠᠯ ᠢ ᠰᠢᠮᠳᠠᠭᠤᠯᠤᠨ ᠵᠢᠯᠣᠭᠤᠳᠴᠤ ᠪᠠᠶᠢᠭᠠᠳ ᠴᠢᠨᠠᠷ ᠰᠠᠶᠢᠲᠠᠶ ᠨᠡᠭᠦᠷᠡᠰᠦ ᠬᠡᠷᠡᠭᠯᠡᠬᠦ ᠬᠠᠷᠢᠴᠠᠯ ᠢ ᠨᠡᠮᠡᠭᠳᠡᠭᠦᠯᠵᠦ᠂ ᠨᠡᠭᠦᠷᠡᠰᠦ ᠰᠢᠲᠠᠭᠠᠵᠤ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠱᠠᠲᠤ ᠬᠤᠪᠢᠶᠠᠨ ᠡᠭᠡᠯᠵᠢᠯᠡᠨ ᠴᠠᠬᠢᠯᠭᠠᠨ ᠭᠠᠷᠭᠠᠬᠤ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠦᠨ᠎ᠡ᠃      ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ︶      ︵3︶ ᠲᠣᠭᠤᠰᠣ ᠳᠡᠭᠳᠡᠬᠦ ᠡᠬᠢ ᠰᠤᠷᠪᠤᠯᠵᠢ ᠶᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠃ ᠪᠠᠷᠢᠯᠭ᠎ᠠ ᠶᠢᠨ ᠭᠠᠵᠠᠷ ᠤᠨ ᠭᠡᠷ ᠤᠨ ᠭᠠᠳᠠᠨ᠎ᠠ ᠰᠦᠷᠴᠢᠨ ᠰᠢᠷᠳᠡᠬᠦ᠂ ᠨᠠᠯᠠᠤ ᠶᠢ ᠬᠠᠮᠠᠭᠠᠯᠠᠨ ᠡᠭᠡᠳᠡᠩ ᠰᠦᠷᠴᠢᠬᠦ᠂ ᠬᠡᠷᠴᠢᠬᠦ᠂ ᠵᠠᠮ ᠪᠡᠯᠡᠳᠬᠡᠮᠵᠢ ᠶᠢᠨ ᠢᠯᠵᠢᠷᠡᠬᠦ ᠶᠢ ᠰᠡᠷᠭᠡᠶᠢᠯᠡᠬᠦ᠂ ᠵᠠᠮ ᠤᠨ ᠪᠠᠷᠤᠭᠰᠢᠨ ᠳᠡᠪᠢᠰᠬᠦ ᠵᠡᠷᠭᠡ ᠪᠠᠷᠢᠯᠭ᠎ᠠ ᠶᠢᠨ ᠠᠵᠢᠯ ᠢ ᠵᠣᠭᠰᠣᠭᠠᠬᠤ ᠬᠡᠷᠡᠭᠲᠡᠶ᠃ ᠲᠣᠭᠤᠰᠣ ᠳᠡᠭᠳᠡᠬᠦ᠂ ᠤᠲᠤᠭ᠎ᠠ ᠲᠣᠭᠤᠰᠣ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠤᠨ ᠨᠡᠭᠦᠷᠡᠰᠦ᠂ ᠬᠡᠦᠷᠡᠰᠦ᠂ ᠱᠠᠷᠤᠭ᠂ ᠬᠠᠶᠢᠷ ᠴᠢᠯᠠᠭᠤ ᠵᠡᠷᠭᠡ ᠣᠪᠣᠭᠠᠯᠠᠬᠤ ᠲᠠᠯᠠᠪᠠᠶ ᠶᠢ ᠪᠦᠷᠬᠦᠭᠰᠡᠨ ᠪᠤᠶᠤ ᠲᠠᠰᠤᠷᠠᠯᠲᠠ ᠥᠬᠡᠶ ᠰᠦᠷᠴᠢᠨ ᠨᠣᠷᠭᠠᠭᠰᠠᠨ ᠵᠡᠷᠭᠡ ᠲᠣᠭᠤᠰᠣ ᠬᠤᠷᠢᠭᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠬᠤ ᠬᠡᠷᠡᠭᠲᠡᠶ᠃ ᠪᠠᠷᠢᠯᠭ᠎ᠠ ᠶᠢᠨ ᠭᠠᠵᠠᠷ ᠨᠢ ᠮᠠᠲ᠋ᠧᠷᠢᠶᠠᠯ ᠤᠨ ᠣᠪᠣᠭ᠎ᠠ᠂ ᠰᠢᠷᠣᠶ ᠶᠢᠨ ᠣᠪᠣᠭ᠎ᠠ ᠳᠤ ᠤᠰᠤ ᠰᠦᠷᠴᠢᠬᠦ ᠪᠠ ᠰᠦᠷᠴᠢᠬᠦ ᠤᠳᠠᠭ᠎ᠠ ᠶᠢ ᠳᠡᠭᠡᠭᠰᠢᠯᠡᠭᠦᠯᠬᠦ ᠪᠤᠶᠤ ᠪᠦᠷᠬᠦᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃ ᠪᠠᠷᠢᠯᠭ᠎ᠠ ᠶᠢᠨ ᠲᠤᠬᠠᠶ ᠶᠢᠨ ᠲᠠᠯᠠᠪᠠᠶ ᠪᠠ ᠭᠤᠤᠯᠳᠠᠯᠭ᠎ᠠ ᠲᠠᠢ ᠠᠵᠤ ᠠᠬᠤᠶᠢᠯᠠᠯ ᠤᠨ ᠨᠡᠭᠦᠷᠡᠰᠦ᠂ ᠬᠡᠦᠷᠡᠰᠦ᠂ ᠱᠠᠷᠤᠭ᠂ ᠬᠠᠶᠢᠷ ᠴᠢᠯᠠᠭᠤ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠲᠤᠬᠠᠶ ᠶᠢᠨ ᠲᠠᠯᠠᠪᠤᠷ ᠲᠤ ᠤᠰᠤ ᠰᠦᠷᠴᠢᠨ ᠤᠬᠢᠶᠠᠬᠤ ᠤᠳᠠᠭ᠎ᠠ ᠶᠢ ᠡᠳᠦᠷ ᠪᠦᠷᠢ 4 ᠤᠳᠠᠭ᠎ᠠ ᠠᠴᠠ ᠳᠤᠲᠠᠭᠤ ᠪᠠᠶᠢᠯᠭᠠᠵᠤ ᠪᠣᠯᠬᠤ ᠥᠬᠡᠶ᠃ ᠬᠤᠲᠠ ᠶᠢᠨ ᠵᠠᠮ ᠳᠤ ᠤᠰᠤ ᠰᠦᠷᠴᠢᠨ ᠤᠬᠢᠶᠠᠬᠤ ᠤᠳᠠᠭ᠎ᠠ ᠶᠢ ᠡᠳᠦᠷ ᠪᠦᠷᠢ 4 ᠤᠳᠠᠭ᠎ᠠ ᠠᠴᠠ ᠳᠤᠲᠠᠭᠤ ᠪᠠᠶᠢᠯᠭᠠᠵᠤ ᠪᠣᠯᠬᠤ ᠥᠬᠡᠶ᠂ ᠰᠥᠨᠢ ᠤᠰᠤ ᠰᠦᠷᠴᠢᠨ ᠤᠬᠢᠶᠠᠬᠤ ᠠᠵᠢᠯ ᠢ ᠨᠡᠮᠡᠭᠳᠡᠭᠦᠯᠦᠨ᠎ᠡ᠃      ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶      ︵4︶ ᠰᠢᠯᠵᠢᠮᠡᠯ ᠡᠬᠢ ᠰᠤᠷᠪᠤᠯᠵᠢ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠃ ᠠᠭᠤᠷᠬᠠᠶ᠂ ᠨᠡᠭᠦᠷᠡᠰᠦ ᠤᠬᠢᠶᠠᠬᠤ ᠦᠢᠯᠡᠳᠪᠦᠷᠢ᠂ ᠪᠠᠷᠠᠭᠠᠨ ᠤ ᠭᠦᠢᠯᠭᠡᠭᠡ ᠵᠡᠷᠭᠡ ᠶᠡᠭᠡ ᠬᠡᠮᠵᠢᠶᠡᠨ ᠤ ᠲᠦᠭᠦᠬᠡᠶ ᠮᠠᠲ᠋ᠧᠷᠢᠶᠠᠯ ᠪᠠ ᠦᠢᠯᠡᠳᠬᠦᠨ ᠤ ᠲᠡᠭᠡᠭᠡᠪᠦᠷᠢ ︵ᠡᠳᠦᠷ ᠲᠤᠲᠤᠮ ᠤᠨ ᠲᠡᠷᠭᠡ ᠬᠥᠰᠬᠡ ᠶᠢᠨ ᠣᠷᠣᠵᠤ ᠭᠠᠷᠬᠤ ᠬᠡᠮᠵᠢᠶ᠎ᠡ 10 ᠮᠠᠰᠢᠨ ᠠᠴᠠ ᠬᠡᠲᠦᠷᠡᠭᠰᠡᠨ︶ ᠶᠢᠨ ᠨᠢᠭᠡᠴᠢ ᠨᠦᠭᠦᠳ ᠤᠯᠤᠰ ᠤᠨ ᠳᠥᠷᠪᠡᠨ ᠵᠢᠴᠢ ᠲᠡᠭᠦᠨ ᠠᠴᠠ ᠳᠣᠷᠣᠭᠰᠢᠬᠢ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡ ︵ᠰᠢᠲᠠᠮᠠᠬᠠᠶ ᠬᠡᠢ ᠪᠠᠭᠲᠠᠨ᠎ᠠ︶ ᠪᠠᠷ ᠲᠡᠭᠡᠭᠡᠪᠦᠷᠢᠯᠡᠬᠦ ᠶᠢ ᠴᠠᠭᠠᠵᠠᠯᠠᠬᠤ ᠬᠡᠷᠡᠭᠲᠡᠶ ︵ᠣᠨᠴᠠ ᠲᠥᠷᠥᠯ ᠤᠨ ᠲᠡᠷᠭᠡ ᠬᠥᠰᠬᠡ᠂ ᠠᠶᠤᠯᠲᠠᠢ ᠬᠢᠮᠢ ᠶᠢᠨ ᠪᠣᠳᠠᠰ ᠤᠨ ᠲᠡᠷᠭᠡ ᠬᠥᠰᠬᠡ ᠵᠡᠷᠭᠡ ᠪᠠᠭᠲᠠᠬᠤ ᠦᠭᠡᠢ︶᠃      ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠳ᠋ᠦᠩ ᠾᠧ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠳ᠋ᠦᠩ ᠰᠢᠩ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ︶      3᠂ Ⅰ ᠳᠡᠰ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠠᠷᠭ᠎ᠠ ᠬᠡᠮᠵᠢᠶ᠎ᠡ      Ⅱ ᠲᠠᠰ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠳᠣᠤᠷᠠᠬᠢ ᠮᠡᠲᠦ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠯᠪᠠᠳᠠᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠶᠢ ᠨᠡᠮᠡᠨ᠎ᠡ᠄      ︵1︶ ᠡᠷᠡᠭᠦᠯ ᠮᠡᠨᠳᠦ ᠶᠢ ᠬᠠᠮᠠᠭᠠᠯᠠᠬᠤ ᠠᠷᠭ᠎ᠠ ᠬᠡᠮᠵᠢᠶ᠎ᠡ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ ᠨᠥᠬᠦᠴᠡᠯ ᠲᠠᠢ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠢᠶᠠᠨ ᠵᠣᠭᠰᠣᠭᠠᠬᠤ ᠶᠢ ᠵᠢᠯᠣᠭᠤᠳᠬᠤ ᠶᠢᠨ ᠬᠠᠮᠲᠤ ᠬᠢᠴᠢᠶᠡᠯ ᠢᠶᠠᠨ ᠵᠣᠭᠰᠣᠬᠤ ᠬᠤᠭᠤᠴᠠᠭᠠᠨ ᠳᠠᠬᠢ ᠰᠤᠷᠤᠭᠴᠢᠳ ᠤᠨ ᠰᠤᠷᠤᠯᠭ᠎ᠠ ᠶᠢ ᠵᠦᠢ ᠵᠣᠬᠢᠰᠲᠠᠶ ᠲᠣᠬᠢᠷᠠᠭᠤᠯᠵᠤ᠂ ᠬᠢᠴᠢᠶᠡᠯ ᠢᠶᠠᠨ ᠵᠣᠭᠰᠣᠭᠠᠨ ᠰᠤᠷᠤᠯᠭ᠎ᠠ ᠪᠠᠨ ᠵᠣᠭᠰᠣᠭᠠᠬᠤ ᠦᠭᠡᠶ ᠪᠠᠶᠢᠬᠤ ᠬᠡᠷᠡᠭᠲᠡᠶ᠃      ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ︶      ︵2︶ ᠠᠵᠤ ᠦᠢᠯᠡᠳᠪᠦᠷᠢ ᠶᠢᠨ ᠢᠷᠡᠯᠲᠡ ᠶᠢᠨ ᠪᠣᠬᠢᠷᠳᠠᠯ ᠢ ᠪᠠᠭᠠᠰᠭᠠᠬᠤ ᠠᠷᠭ᠎ᠠ ᠬᠡᠮᠵᠢᠶ᠎ᠡ᠃ ᠠᠮᠢ ᠠᠬᠤᠶ ᠶᠢᠨ ᠣᠷᠴᠢᠨ ᠲᠣᠭᠤᠷᠢᠨ᠂ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠰᠠᠯᠠᠭ᠎ᠠ ᠮᠥᠴᠢᠷ ᠤᠳ ᠠᠵᠤ ᠦᠢᠯᠡᠳᠪᠦᠷᠢ ᠠᠵᠤ ᠠᠬᠤᠶᠢᠯᠠᠯ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠶᠢᠨ ᠶᠣᠰᠣᠭᠠᠷ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠵᠢᠯ ᠤᠨ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠰᠢᠭᠰᠢᠭᠳᠡᠭᠦᠯᠬᠦ ᠲᠥᠯᠥᠪᠯᠡᠭᠡ ᠳᠤ ᠵᠢᠭᠰᠠᠭᠠᠨ ᠣᠷᠣᠭᠤᠯᠤᠭᠰᠠᠨ ᠠᠭᠠᠷ ᠮᠠᠨᠳᠠᠯ ᠤᠨ ᠪᠣᠬᠢᠷ ᠪᠣᠳᠠᠰ ᠭᠠᠳᠠᠭᠰᠢᠯᠠᠭᠤᠯᠬᠤ ᠠᠵᠤ ᠠᠬᠤᠶᠢᠯᠠᠯ ᠪᠦᠬᠦᠨ ᠢ ᠬᠠᠤᠯᠢ ᠶᠣᠰᠣᠭᠠᠷ ᠦᠢᠯᠡᠳᠪᠦᠷᠢᠯᠡᠬᠦ ᠪᠠᠨ ᠵᠣᠭᠰᠣᠭᠠᠬᠤ ᠬᠡᠷᠡᠭᠲᠡᠶ᠃      ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ︶᠃      ︵3︶ ᠰᠢᠯᠵᠢᠮᠡᠯ ᠡᠬᠢ ᠰᠤᠷᠪᠤᠯᠵᠢ ᠶᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠮᠠᠰᠢᠨ ᠲᠡᠷᠭᠡ ᠶᠢ ᠬᠠᠮᠢᠶᠠᠷᠤᠨ ᠡᠵᠡᠮᠳᠡᠬᠦ ᠨᠡᠩ ᠴᠢᠩᠭ᠎ᠠ ᠠᠷᠭ᠎ᠠ ᠬᠡᠮᠵᠢᠶ᠎ᠡ ᠠᠪᠬᠤ ᠬᠡᠷᠡᠭᠲᠡᠢ᠃      ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠳ᠋ᠦᠩ ᠾᠧ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠳ᠋ᠦᠩ ᠰᠢᠩ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ︶      ᠵᠢᠷᠭᠤᠭ᠎ᠠ᠂ ᠪᠠᠲᠤᠯᠠᠬᠤ ᠠᠷᠭ᠎ᠠ ᠬᠡᠮᠵᠢᠶ᠎ᠡ     ︵ᠨᠢᠭᠡ︶ ᠵᠠᠷᠤᠳᠠᠯ ᠤᠨ ᠪᠠᠳᠤᠯᠠᠭ᠎ᠠ      ᠲᠤᠭᠤᠷᠢᠭ ᠤᠨ ᠡᠳ᠋ ᠤᠨ ᠵᠠᠰᠠᠭ ᠡᠳ᠋ ᠤᠨ ᠬᠦᠴᠦᠨ ᠤ ᠳᠠᠭᠠᠭᠠᠵᠤ ᠳᠡᠶᠢᠯᠬᠦ ᠬᠡᠪᠴᠢᠶᠡᠨ ᠳᠣᠲᠣᠷ᠎ᠠ ᠪᠠᠯᠠ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠶᠡᠬᠡᠲᠡᠶ ᠴᠠᠭ ᠠᠭᠤᠷ ᠢ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠠᠪᠤᠷᠠᠨ ᠲᠤᠰᠠᠯᠠᠬᠤ ᠂ ᠬᠢᠨᠠᠯᠲᠠ ᠲᠠᠯᠪᠢᠵᠤ ᠪᠠᠶᠢᠴᠠᠭᠠᠬᠤ ᠵᠢᠴᠢ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠠᠵᠢᠯᠯᠠᠭᠠᠨ ᠪᠠ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠬᠤ ᠮᠡᠷᠭᠡᠵᠢᠯ ᠤᠨ ᠳᠡᠮᠵᠢᠯᠭᠡ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠵᠡᠷᠭᠡ ᠡᠯ᠎ᠡ ᠵᠥᠢᠯ ᠤᠨ ᠠᠵᠢᠯ ᠳᠤ ᠪᠠᠯᠠ ᠮᠥᠩᠭᠦ ᠶᠢᠨ ᠪᠠᠲᠤᠯᠠᠭ᠎ᠠ ᠬᠠᠩᠭᠠᠨ᠎ᠠ᠃      ︵ᠬᠤᠶᠠᠷ︶ ᠠᠮᠤᠷ ᠲᠦᠪᠰᠢᠨ ᠤ ᠪᠠᠲᠤᠯᠠᠭ᠎ᠠ      ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠶᠢ ᠵᠣᠭᠰᠣᠭᠠᠬᠤ ︵ᠬᠢᠵᠠᠭᠠᠷᠯᠠᠬᠤ︶ ᠠᠷᠭ᠎ᠠ ᠬᠡᠮᠵᠢᠶ᠎ᠡ ᠶᠢ ᠡᠬᠢᠯᠡᠭᠦᠯᠬᠦ ᠠᠴᠠ ᠡᠮᠦᠨ᠎ᠡ᠂ ᠪᠠᠴᠢᠮ ᠪᠠᠶᠢᠳᠠᠯ ᠢ ᠠᠷᠭᠠᠴᠠᠬᠤ ᠶᠢᠨ ᠬᠠᠮᠢᠶᠠᠷᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠳ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠦᠢᠯᠡᠳᠪᠦᠷᠢᠯᠡᠬᠦ ︵ᠬᠢᠵᠠᠭᠠᠷᠯᠠᠬᠤ︶ ᠠᠵᠤ ᠠᠬᠤᠶᠢᠯᠠᠯ ᠤᠨ ᠠᠮᠤᠷ ᠲᠦᠪᠰᠢᠨ ᠤ ᠲᠦᠭᠰᠢᠭᠦᠷᠢ ᠶᠢᠨ ᠵᠡᠷᠭᠡ ᠳᠡᠰ ᠢ ᠬᠠᠤᠯᠢ ᠶᠣᠰᠣᠭᠠᠷ ᠲᠣᠭᠲᠠᠭᠠᠬᠤ ᠬᠡᠷᠡᠭᠲᠡᠶ᠃ ᠲᠦᠭᠰᠢᠭᠦᠷᠢ ᠨᠡᠯᠢᠶᠡᠳ ᠶᠡᠭᠡ ᠠᠵᠤ ᠠᠬᠤᠶᠢᠯᠠᠯ ᠳᠤ᠂ ᠬᠤᠲᠠ ᠶᠢᠨ ᠱᠠᠲᠤᠨ ᠤ ᠰᠠᠯᠠᠭ᠎ᠠ ᠮᠥᠴᠢᠷ ᠤᠨ ᠲᠤᠰᠬᠠᠶ ᠮᠡᠷᠭᠡᠵᠢᠯᠲᠡᠨ ᠵᠢᠴᠢ ᠬᠢᠨᠠᠨ ᠬᠠᠮᠢᠶᠠᠷᠬᠤ ᠠᠵᠢᠯᠲᠠᠨ ᠤ ᠵᠢᠯᠣᠭᠤᠳᠣᠯᠭ᠎ᠠ ᠶᠣᠰᠣᠭᠠᠷ ᠲᠦᠭᠰᠢᠭᠦᠷᠢ ᠶᠢ ᠢᠯᠭᠠᠨ ᠲᠠᠨᠢᠬᠤ ᠠᠵᠢᠯ ᠢ ᠥᠷᠨᠢᠭᠦᠯᠵᠦ᠂ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠦᠢᠯᠡᠳᠪᠦᠷᠢᠯᠡᠯ ᠢᠶᠠᠨ ᠵᠣᠭᠰᠣᠭᠠᠬᠤ ︵ᠬᠢᠵᠠᠭᠠᠷᠯᠠᠬᠤ︶ ᠬᠤᠭᠤᠴᠠᠭᠠᠨ ᠳᠤ ᠠᠮᠤᠷ ᠲᠦᠪᠰᠢᠨ᠂ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠪᠠ ᠣᠷᠴᠢᠨ ᠲᠣᠭᠤᠷᠢᠨ ᠤ ᠪᠣᠬᠢᠷᠲᠤᠯ ᠤᠨ ᠬᠡᠷᠡᠭ ᠭᠠᠷᠬᠤ ᠠᠴᠠ ᠵᠠᠶᠢᠯᠠᠰᠬᠢᠬᠦ ᠬᠡᠷᠡᠭᠲᠡᠶ᠃     ︵ᠭᠤᠷᠪᠠ︶ ᠤᠯᠤᠯᠴᠠᠭᠠᠨ ᠤ ᠪᠠᠳᠤᠯᠠᠭ᠎ᠠ      ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠳᠦᠷᠢᠮ ᠢ ᠪᠠᠶᠢᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠬᠠᠷᠢᠭᠤᠴᠠᠯᠭᠠᠲᠠᠨ ᠪᠣᠯᠤᠨ ᠬᠤᠯᠪᠣᠭᠠᠴᠢᠨ ᠢ ᠲᠣᠳᠣᠷᠬᠠᠶᠢᠯᠠᠵᠤ᠂ 24 ᠴᠠᠭ ᠤᠨ ᠴᠢᠮᠡᠭᠡ ᠬᠤᠯᠪᠣᠭᠠᠨ ᠤ ᠰᠠᠭᠠᠳ ᠦᠭᠡᠶ ᠨᠡᠪᠲᠡᠷᠡᠬᠦ ᠶᠢ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢ ᠪᠣᠯᠤᠨ ᠵᠠᠷᠯᠢᠭ ᠢ ᠴᠠᠭ ᠲᠤᠬᠠᠶ ᠳᠤᠨᠢ ᠪᠦᠲᠦᠮᠵᠢᠲᠡᠶ ᠳᠠᠮᠵᠢᠭᠤᠯᠬᠤ ᠶᠢ ᠪᠠᠲᠤᠯᠠᠬᠤ ᠬᠡᠷᠡᠭᠲᠡᠶ᠃      ᠳᠣᠯᠤᠭ᠎ᠠ᠂ ᠮᠡᠳᠡᠭᠡ ᠵᠠᠩᠭᠢ ᠶᠢᠨ ᠮᠡᠳᠡᠭᠦᠯᠦᠯᠲᠡ ᠪᠠ ᠳ᠋ᠦᠩᠨᠡᠯᠲᠡ ᠦᠨᠡᠯᠡᠯᠲᠡ      ᠡᠯ᠎ᠡ ᠪᠦᠷᠢᠯᠳᠦᠬᠦᠨ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ ᠶᠣᠰᠣᠭᠠᠷ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠳᠠᠷᠠᠭ᠎ᠠ ᠡᠳᠦᠷ ᠢ ᠡᠬᠢᠯᠡᠭᠦᠯᠵᠦ᠂ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠠᠯᠪᠠᠨ ᠭᠡᠷ ᠲᠤ ᠡᠮᠦᠨᠡᠬᠢ ᠨᠢᠭᠡ ᠡᠳᠦᠷ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠭᠰᠡᠨ ᠪᠠᠶᠢᠳᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠶ᠃ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠬᠦᠴᠦᠨ ᠦᠭᠡᠶ ᠪᠣᠯᠭᠠᠭᠰᠠᠨ ᠤ ᠳᠠᠷᠠᠭᠠᠬᠢ 1 ᠡᠳᠦᠷ ᠤᠨ ᠳᠣᠲᠣᠷ᠎ᠠ᠂ ᠡᠯ᠎ᠡ ᠪᠦᠷᠢᠯᠳᠦᠬᠦᠨ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ ᠶᠣᠰᠣᠭᠠᠷ᠂ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠠᠯᠪᠠᠨ ᠭᠡᠷ ᠲᠤ ᠲᠣᠰ ᠤᠳᠠᠭᠠᠨ ᠤ ᠠᠷᠭᠠᠴᠠᠬᠤ ᠠᠵᠢᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠬᠡᠷᠡᠭᠲᠡᠶ᠃ ᠤᠳᠠᠭ᠎ᠠ ᠪᠦᠷᠢ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠶᠢ ᠬᠦᠴᠦᠨ ᠦᠭᠡᠶ ᠪᠣᠯᠭᠠᠭᠰᠠᠨ ᠤ ᠳᠠᠷᠠᠭᠠᠬᠢ 2 ᠡᠳᠦᠷ ᠤᠨ ᠳᠣᠲᠣᠷ᠎ᠠ᠂ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠠᠯᠪᠠᠨ ᠭᠡᠷ ᠠᠴᠠ ᠲᠤᠰ ᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠭᠰᠡᠨ ᠪᠠᠶᠢᠳᠠᠯ ᠳᠤ ᠳ᠋ᠦᠩᠨᠡᠯᠲᠡ ᠬᠢᠵᠦ᠂ ᠠᠭᠤᠯᠭ᠎ᠠ ᠳᠤ ᠪᠠᠨ᠄ ᠬᠦᠨᠳᠦ ᠪᠣᠬᠢᠷᠲᠤᠯ ᠲᠠᠢ ᠴᠠᠭ ᠠᠭᠤᠷ ᠤᠨ ᠰᠡᠷᠡᠮᠵᠢᠯᠡᠭᠦᠯᠦᠯ ᠢ ᠨᠡᠶᠢᠲᠡᠯᠡᠭᠰᠡᠨ ᠪᠠᠶᠢᠳᠠᠯ᠂ ᠰᠡᠷᠡᠮᠵᠢᠯᠡᠭᠦᠯᠬᠦ ᠳᠡᠰ ᠵᠢᠴᠢ ᠦᠷᠭᠦᠯᠵᠢᠯᠡᠬᠦ ᠴᠠᠭ ᠬᠤᠭᠤᠴᠠᠭ᠎ᠠ᠂ ᠡᠯ᠎ᠡ ᠰᠠᠯᠠᠭ᠎ᠠ ᠮᠥᠴᠢᠷ ᠤᠨ ᠴᠤᠤᠷᠢᠶᠠᠲᠤᠨ ᠳᠠᠭᠠᠭᠰᠠᠨ ᠪᠠᠶᠢᠳᠠᠯ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠰᠠᠶᠢᠵᠢᠷᠠᠭᠤᠯᠬᠤ ᠠᠷᠭ᠎ᠠ ᠬᠡᠮᠵᠢᠶ᠎ᠡ ᠵᠡᠷᠭᠡ ᠶᠢ ᠪᠠᠭᠲᠠᠭᠠᠨ᠎ᠠ᠃      ᠨᠠᠢᠮᠠ᠂ ᠪᠡᠯᠡᠳᠬᠡᠯ ᠲᠥᠰᠦᠯ ᠤᠨ ᠬᠠᠮᠢᠶᠠᠷᠤᠯᠲᠠ     ︵ᠨᠢᠭᠡ︶ ᠪᠡᠯᠡᠳᠭᠡᠯ ᠲᠦᠰᠦᠯ ᠤᠨ ᠤᠬᠠᠭᠤᠯᠭ᠎ᠠ      ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠢᠨᠲ᠋ᠧᠷ ᠰᠦᠯᠵᠢᠶ᠎ᠡ᠂ ᠲᠧᠯᠸᠢᠰ᠂ ᠷᠠᠳᠢᠣ᠋ ᠨᠡᠪᠲᠡᠷᠡᠭᠦᠯᠭᠡ ᠂ ᠰᠣᠨᠢᠨ ᠰᠡᠳᠬᠦᠯ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠵᠢᠴᠢ ᠮᠡᠳᠡᠭᠡ ᠵᠠᠩᠭᠢ ᠶᠢᠨ ᠲᠣᠤᠷ ᠰᠦᠯᠵᠢᠶ᠎ᠡ ᠶᠢ ᠭᠦᠢᠴᠡᠳ ᠠᠰᠢᠭᠯᠠᠨ᠂ ᠪᠣᠬᠢᠷᠲᠤᠯ ᠶᠡᠬᠡᠲᠡᠶ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠵᠢᠴᠢ ᠡᠷᠡᠭᠦᠯ ᠮᠡᠨᠳᠦ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠬᠡᠷᠡᠭ ᠤᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤᠨᠢ᠂ ᠣᠨᠣᠪᠴᠢᠲᠠᠶ ᠨᠡᠶᠢᠲᠡᠯᠡᠵᠦ᠂ ᠶᠠᠷᠢᠶ᠎ᠠ ᠬᠡᠯᠡᠯᠴᠡᠭᠡ ᠶᠢ ᠵᠥᠪ ᠢᠶᠠᠷ ᠬᠥᠲᠥᠯᠥᠨ ᠵᠢᠯᠣᠭᠤᠳᠬᠤ ᠬᠡᠷᠡᠭᠲᠡᠶ᠃     ︵ᠬᠤᠶᠠᠷ︶ ᠪᠣᠯᠪᠠᠰᠤᠷᠠᠯ ᠰᠣᠷᠢᠯᠲᠠ      ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠪᠣᠯᠪᠠᠰᠤᠷᠠᠭᠤᠯᠤᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠦᠨᠳᠦᠰᠦᠯᠡᠨ᠂ ᠪᠣᠯᠪᠠᠰᠤᠷᠠᠭᠤᠯᠤᠯ ᠤᠨ ᠲᠥᠯᠥᠪᠯᠡᠭᠡ ᠲᠣᠭᠲᠠᠭᠠᠵᠤ᠂ ᠪᠣᠯᠪᠠᠰᠤᠷᠠᠭᠤᠯᠤᠯ ᠤᠨ ᠵᠢᠷᠤᠮᠵᠢᠭᠤᠨ ᠪᠥᠭᠡᠳ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ᠃ 3 ᠵᠢᠯ ᠪᠦᠷᠢ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠠᠳᠠᠭ ᠲᠠᠭᠠᠨ 1 ᠤᠳᠠᠭ᠎ᠠ ᠥᠷᠨᠢᠭᠦᠯᠵᠦ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠤᠨ ᠴᠢᠭᠯᠡᠭᠦᠯᠦᠯᠲᠦ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃      ︵ᠭᠤᠷᠪᠠ︶ ᠪᠡᠯᠡᠳᠭᠡᠯ ᠲᠦᠰᠦᠯ ᠤᠨ ᠪᠦᠷᠢᠳᠭᠡᠨ ᠳᠠᠩᠰᠠᠯᠠᠬᠤ      ᠡᠯ᠎ᠡ ᠪᠦᠷᠢᠯᠳᠦᠬᠦᠨ ᠨᠢᠭᠡᠴᠡ ᠨᠢ ᠲᠣᠰ ᠪᠡᠯᠡᠳᠬᠡᠯ ᠲᠥᠰᠦᠯ ᠢ ᠦᠨᠳᠦᠰᠦᠯᠡᠨ ᠲᠣᠰ ᠰᠠᠯᠠᠭ᠎ᠠ ᠮᠥᠴᠢᠷ ᠲᠣᠰ ᠨᠢᠭᠡᠴᠡ ᠶᠢᠨ ᠢᠶᠠᠨ ︽ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠪᠤᠶᠤ ︽ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠬᠤ ᠶᠢᠨ ᠬᠠᠮᠲᠤ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠠᠯᠪᠠᠨ ᠬᠡᠷ ᠲᠤ ᠳᠠᠩᠰᠠᠯᠠᠭᠤᠯᠬᠤ ᠬᠡᠷᠡᠭᠲᠡᠶ᠃ ᠲᠥᠰᠦᠯ ᠨᠢ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠦᠨᠡᠨ ᠬᠦ ᠬᠡᠷᠡᠭᠵᠢᠭᠦᠯᠵᠦ ᠪᠣᠯᠬᠤ᠂ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠪᠠᠶᠢᠬᠤ ᠶᠢ ᠪᠡᠶᠡᠯᠡᠭᠦᠯᠬᠦ ᠬᠡᠷᠡᠭᠲᠡᠶ᠃     ᠶᠢᠰᠦ᠂ ᠬᠠᠷᠢᠭᠤᠴᠠᠯᠭ᠎ᠠ ᠨᠡᠬᠡᠮᠵᠢᠯᠡᠬᠦ      ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠨᠢ ᠬᠦᠴᠦᠨ ᠦᠭᠡᠢ ᠪᠠᠶᠢᠪᠠᠯ᠂ ᠰᠠᠬᠢᠯᠭ᠎ᠠ ᠪᠠᠲᠤ ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃      ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠪᠠᠶᠢᠭ᠎ᠠ ᠬᠤᠭᠤᠴᠠᠭᠠᠨ ᠳᠤ ᠳᠠᠯᠳᠠᠭᠤᠷ ᠭᠠᠳᠠᠭᠰᠢᠯᠠᠭᠤᠯᠵᠤ ᠬᠤᠯᠠᠭᠠᠶᠢᠯᠠᠭᠰᠠᠨ᠂ ᠣᠯᠠᠨᠲᠠ ᠪᠠᠶᠢᠴᠠᠭᠠᠭᠰᠠᠨ ᠪᠠ ᠪᠠᠶᠢᠴᠠᠭᠠᠵᠤ ᠭᠠᠷᠭᠠᠭᠰᠠᠨ ᠠᠵᠤ ᠠᠬᠤᠶᠢᠯᠠᠯ ᠢ ᠬᠠᠤᠯᠢ ᠶᠣᠰᠣᠭᠠᠷ ᠵᠠᠷᠯᠢᠭᠳᠠᠵᠤ ᠪᠠᠶᠢᠭᠠᠳ ᠦᠢᠯᠡᠳᠪᠦᠷᠢᠯᠡᠬᠦ ᠶᠢ ᠨᠢ ᠵᠣᠭᠰᠣᠭᠠᠵᠤ᠂ ᠬᠠᠤᠯᠢ ᠶᠣᠰᠣᠭᠠᠷ ᠰᠢᠳᠬᠡᠨ ᠲᠣᠷᠭᠠᠬᠤ ᠠᠴᠠ ᠭᠠᠳᠠᠨ᠎ᠠ᠂ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠬᠦ ᠬᠥᠮᠦᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ᠃ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ᠂ ᠪᠠᠴᠢᠮ ᠪᠠᠶᠢᠳᠠᠯ ᠢ ᠠᠷᠭᠠᠴᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠥᠬᠡᠶ ︵ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠭᠤᠴᠠᠯᠭ᠎ᠠ ᠠᠴᠠ ᠵᠠᠶᠢᠯᠠᠭᠰᠠᠨ ᠪᠠᠭᠲᠠᠨ᠎ᠠ︶ ᠪᠤᠶᠤ ᠵᠣᠬᠢᠬᠤ ᠠᠮᠵᠢᠯᠲᠠ ᠪᠦᠲᠦᠮᠵᠢ ᠶᠢᠨ ᠲᠠᠰ ᠬᠤᠪᠢᠶᠠᠬᠤ ᠱᠠᠭᠠᠷᠳᠠᠯᠭ᠎ᠠ ᠳᠤ ᠥᠯᠥ ᠬᠦᠷᠦᠭᠰᠡᠨ ᠠᠮᠵᠢᠯᠲᠠ ᠪᠦᠲᠦᠮᠵᠢ ᠶᠢᠨ ᠲᠠᠰ ᠬᠤᠪᠢᠶᠠᠭᠰᠠᠨ ᠠᠵᠤ ᠠᠬᠤᠶᠢᠯᠠᠯ ᠢ ᠬᠠᠮᠢᠶ᠎ᠠ ᠪᠥᠬᠦᠶ ᠲᠠᠰ ᠳᠠᠷᠠᠭᠠᠯᠠᠯ ᠤᠨ ᠶᠣᠰᠣᠭᠠᠷ ᠲᠠᠰ ᠪᠠᠭᠤᠷᠠᠭᠤᠯᠤᠨ ᠰᠢᠢᠳᠪᠦᠷᠢᠯᠡᠨ᠎ᠡ᠃      ᠠᠷᠪᠠ᠂ ᠳᠠᠭᠠᠯᠳᠤᠭᠤᠯᠤᠭᠰᠠᠨ ᠳᠦᠷᠢᠮ      1. ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ᠂ ᠬᠡᠷᠡᠭᠵᠢᠭᠦᠯᠬᠦ ᠲᠥᠰᠦᠯ ᠳᠤ ᠴᠢᠬᠤᠯᠠ ᠶᠡᠭᠡ ᠲᠣᠬᠢᠷᠠᠭᠤᠯᠤᠯᠲᠠ ᠬᠢᠬᠦ ᠴᠢᠬᠤᠯᠠᠲᠠᠶ ᠪᠣᠯ᠂ ᠲᠣᠰ ᠵᠢᠯ ᠤᠨ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠵᠠᠰᠠᠪᠤᠷᠢ ᠣᠷᠣᠭᠤᠯᠬᠤ ᠪᠠ ᠮᠡᠳᠡᠭᠦᠯᠦᠨ ᠳᠠᠩᠰᠠᠯᠠᠭᠤᠯᠬᠤ ᠠᠵᠢᠯ ᠢ ᠳᠠᠭᠤᠰᠬᠠᠨ᠎ᠠ᠃      2. ᠪᠠᠴᠢᠮ ᠪᠠᠶᠢᠳᠠᠯ ᠢ ᠠᠷᠭᠠᠴᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠳᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠠᠵᠤ ᠦᠢᠯᠡᠳᠪᠦᠷᠢ ᠠᠵᠤ ᠠᠬᠤᠶᠢᠯᠠᠯ ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠶᠢ ᠵᠢᠯ ᠪᠦᠷᠢ ᠨᠢᠭᠡ ᠤᠳᠠᠭ᠎ᠠ ᠵᠠᠰᠠᠪᠤᠷᠢ ᠣᠷᠣᠭᠤᠯᠤᠨ᠎ᠠ᠃      3. ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠡᠶᠢᠭᠡᠮ ᠳᠤ ᠢᠯᠡ ᠪᠣᠯᠭᠠᠵᠤ᠂ ᠣᠯᠠᠨ ᠨᠡᠶᠢᠲᠡ ᠶᠢᠨ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃      ᠲᠣᠰ ᠪᠡᠯᠡᠳᠬᠡᠯ ᠲᠥᠰᠦᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ 5 ᠵᠢᠯ ᠪᠣᠯᠤᠨ᠎ᠠ᠃
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1