ᠥᠷᠭᠡᠨ ᠣᠯᠠᠨ ᠲᠦᠮᠡᠨ ᠤ ᠡᠮᠴᠢᠯᠡᠭᠡᠨ ᠤ ᠪᠠᠲᠤᠯᠠᠭ᠎ᠠ ᠶᠢᠨ ᠲᠤᠬᠠᠶ ᠮᠡᠳᠡᠷᠡᠮᠵᠢ ᠶᠢᠨ ᠬᠡᠮᠵᠢᠶ᠎ᠡ ᠪᠠ | ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠲᠥᠯᠥᠭᠡ᠂ ᠬᠥᠮᠦᠨ ᠪᠦᠬᠦᠨ ᠡᠮᠴᠢᠯᠡᠭᠡᠨ ᠤ ᠳᠠᠭᠠᠳᠬᠠᠯ ᠢ ᠠᠩᠬᠠᠷᠬᠤ᠂ ᠡᠮᠴᠢᠯᠡᠭᠡᠨ ᠤ | ᠳᠠᠭᠠᠳᠬᠠᠯ ᠢ ᠳᠡᠮᠵᠢᠬᠦ᠂ ᠡᠮᠴᠢᠯᠡᠭᠡᠨ ᠤ ᠳᠠᠭᠠᠳᠬᠠᠯ ᠢ ᠭᠥᠷᠳᠡᠬᠦ ᠰᠠᠶᠢᠨ ᠰᠠᠶᠢᠬᠠᠨ ᠨᠡᠶᠢᠭᠡᠮ ᠤᠨ ᠠᠭᠤᠷ | ᠠᠮᠢᠰᠬᠤᠯ ᠢ ᠪᠣᠶ ᠪᠣᠯᠭᠠᠨ᠎ᠠ᠃ ᠪᠠᠷᠠᠭᠤᠨ ᠣᠪᠣᠭ᠎ᠠ ᠵᠡᠭᠡᠯᠢ ᠭᠤᠳᠤᠮᠵᠢ ᠶᠢᠨ ᠵᠢᠩ ᠶᠤᠸᠠᠨ ᠨᠡᠶᠢᠭᠡᠮ ᠲᠣᠭᠤᠷᠢᠭ | ᠣᠯᠠᠨ ᠠᠷᠭ᠎ᠠ ᠬᠡᠮᠵᠢᠶ᠎ᠡ ᠠᠪᠴᠤ 2025 ᠣᠨ ᠤ ᠡᠮ ᠡᠮᠨᠡᠯᠭᠡ ᠶᠢᠨ ᠳᠠᠭᠠᠳᠭᠠᠯ ᠤᠨ ᠰᠦᠢᠳᠭᠡᠯ ᠲᠤᠰᠢᠶᠠᠬᠤ | ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ | ᠨᠢᠭᠡ ᠳᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠵᠡᠷᠭᠡ ᠪᠠᠷ ᠬᠦᠴᠦᠯᠡᠵᠦ᠂ ᠤᠯᠠᠨ | ᠰᠤᠪᠠᠭ ᠢ ᠥᠷᠭᠡᠳᠬᠡᠨ ᠤᠬᠠᠭᠤᠯᠪᠠ᠃ ᠨᠡᠶᠢᠭᠡᠮ ᠲᠣᠭᠤᠷᠢᠭ ᠨᠢ ︽ᠰᠦᠯᠵᠢᠶᠡᠨ ᠳᠡᠭᠡᠷ᠎ᠡ ᠪᠠ ᠰᠦᠯᠵᠢᠶᠡᠨ | ᠭᠠᠳᠠᠨᠠᠬᠢ︾ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ | ᠯᠠᠪᠳᠠᠭᠤᠨ ᠪᠠᠲᠤᠲᠠᠶ ᠥᠷᠨᠢᠭᠦᠯᠵᠦ᠂ ︽ᠰᠦᠯᠵᠢᠶᠡᠨ ᠳᠡᠭᠡᠷ᠎ᠡ︾ ᠨᠡᠶᠢᠭᠡᠮ ᠲᠣᠭᠤᠷᠢᠭ ᠤᠨ ᠰᠦᠯᠵᠢᠶᠡᠨ ᠤ | ᠰᠦᠷᠦᠭ ᠢ ᠠᠰᠢᠭᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠵᠤ ᠰᠦᠢᠳᠬᠡᠯ ᠲᠤᠰᠢᠶᠠᠬᠤ ᠴᠤᠪᠤᠷᠠᠯ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠯᠠᠮᠵᠢᠯᠠᠨ | ᠲᠠᠷᠬᠠᠭᠠᠬᠤ ᠪᠠ ᠬᠤᠪᠢᠶᠠᠯᠴᠠᠨ ᠡᠳ᠋ᠯᠡᠵᠦ᠂ ᠥᠷᠭᠡᠨ ᠣᠯᠠᠨ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ | ᠪᠠᠶᠢᠭᠠᠳ ᠢᠳᠡᠪᠬᠢᠲᠡᠶ ᠪᠠᠷ ᠳᠠᠭᠠᠳᠬᠠᠯ ᠳᠤ ᠣᠷᠣᠯᠴᠠᠭᠤᠯᠵᠤ ᠰᠦᠢᠳᠬᠡᠯ ᠲᠤᠰᠢᠶᠠᠨ᠎ᠠ᠃ ︽ᠰᠦᠯᠵᠢᠶᠡᠨ ᠭᠠᠳᠠᠨ᠎ᠠ | ︾ ᠨᠢ ᠡᠯᠭᠦᠭᠡ ᠪᠢᠴᠢᠭᠡᠰᠦ ᠨᠠᠭᠠᠬᠤ᠂ ᠳᠠᠭᠠᠳᠬᠠᠯ ᠳᠤ ᠣᠷᠣᠯᠴᠠᠬᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ | ᠨᠢᠭᠤᠷᠲᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠠᠭᠤᠭᠠᠯᠢ ᠠᠷᠠᠳ ᠲᠤ ᠡᠮ ᠡᠮᠨᠡᠯᠭᠡ ᠶᠢᠨ | ᠪᠠᠲᠤᠯᠠᠭ᠎ᠠ ᠶᠢᠨ ᠬᠠᠷᠠᠭᠠᠯᠵᠠᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠠᠷᠢᠨ ᠲᠠᠨᠢᠯᠴᠠᠭᠤᠯᠪᠠ᠃ | ᠬᠤᠶᠠᠷ ᠲᠤ᠂ ᠮᠠᠳᠠᠭ ᠲᠠᠢ ᠠᠰᠠᠭᠤᠳᠠᠯ ᠢ ᠲᠥᠪᠯᠡᠷᠡᠭᠦᠯᠦᠨ ᠤᠬᠠᠭᠤᠯᠵᠤ᠂ ᠠᠷᠠᠳ ᠲᠤ ᠲᠥᠬᠦᠮ | ᠦᠵᠡᠭᠦᠯᠵᠦ ᠠᠷᠠᠳ ᠲᠤ ᠠᠰᠢᠭ ᠬᠦᠷᠲᠡᠭᠡᠵᠦ ᠰᠦᠢᠳᠬᠡᠯ ᠲᠤᠰᠢᠶᠠᠬᠤ ᠶᠢ ᠠᠬᠢᠭᠤᠯᠪᠠ᠃ ᠨᠡᠶᠢᠭᠡᠮ ᠲᠣᠭᠤᠷᠢᠭ | ᠲᠣᠭᠲᠠᠮᠠᠯ ᠪᠤᠰᠤ ᠦᠶ᠎ᠡ ᠳᠤ ᠬᠠᠷᠢᠶᠠᠲᠤ ᠣᠷᠣᠨ ᠤ ᠪᠠᠨ ᠬᠥᠮᠦᠨ ᠣᠯᠠᠨ ᠴᠤᠭᠯᠠᠷᠠᠬᠤ ᠭᠠᠵᠠᠷ ᠲᠤ ᠲᠥᠪᠯᠡᠷᠡᠭᠦᠯᠦᠨ | ᠤᠬᠠᠭᠤᠯᠬᠤ ᠠᠵᠢᠯᠯᠠᠭ᠎ᠠ ᠥᠷᠨᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠪᠠ ᠲᠤᠬᠠᠶ ᠶᠢᠨ ᠲᠠᠯᠠᠪᠤᠷ ᠤᠨ ᠠᠰᠠᠭᠤᠨ ᠯᠠᠪᠯᠠᠬᠤ ᠠᠵᠢᠯᠯᠠᠭ᠎ᠠ ᠶᠢ ᠨᠢᠭᠤᠷᠳᠠᠨ ᠬᠢᠵᠦ᠂ ᠰᠦᠢᠳᠬᠡᠯ | ᠲᠤᠰᠢᠶᠠᠬᠤ ᠠᠷᠭ᠎ᠠ ᠮᠠᠶ᠋ᠢᠭ᠂ ᠮᠤᠵᠢ ᠠᠯᠤᠰᠯᠠᠨ ᠥᠭᠡᠷ᠎ᠡ ᠭᠠᠵᠠᠷ ᠲᠤ ᠡᠮᠴᠢᠯᠡᠭᠦᠯᠬᠦ ᠶᠢ ᠳᠠᠩᠰᠠᠯᠠᠬᠤ ᠲᠥᠷᠥ ᠶᠢᠨ | ᠪᠣᠳᠣᠯᠭ᠎ᠠ ᠶᠢ ᠤᠬᠠᠭᠤᠯᠵᠤ᠂ ᠣᠯᠠᠨ ᠲᠦᠮᠡᠨ ᠤ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠴᠦ᠂ ᠰᠦᠢᠳᠬᠡᠯ | ᠲᠤᠰᠢᠶᠠᠬᠤ ᠠᠵᠢᠯᠯᠠᠭᠠᠨ ᠤ ᠶᠠᠪᠤᠴᠠ ᠶᠢ ᠲᠤᠬᠠᠶ ᠶᠢᠨ ᠭᠠᠵᠠᠷ ᠲᠤᠨᠢ ᠵᠢᠯᠣᠭᠤᠳᠴᠤ᠂ ᠳᠠᠭᠠᠳᠬᠠᠯ ᠳᠤ ᠣᠷᠣᠯᠴᠠᠬᠤ | ᠬᠠᠯᠠᠭᠤᠨ ᠰᠡᠳᠬᠢᠯᠭᠡ ᠶᠢ ᠦᠨᠡᠨᠬᠦ ᠬᠥᠭᠵᠢᠭᠡᠪᠡ᠃ | ᠭᠤᠷᠪᠠ ᠳᠤ᠂ ᠲᠤᠰᠢᠶᠠᠨ ᠥᠭᠴᠦ ᠣᠷᠣᠯᠠᠨ ᠲᠤᠰᠢᠶᠠᠬᠤ ᠳᠤ ᠬᠠᠪᠰᠤᠷᠴᠤ᠂ ᠠᠷᠠᠳ ᠲᠦᠮᠡᠨ ᠳᠤ ︽ | ᠥᠴᠦᠬᠡᠨ ᠴᠦ ᠵᠠᠶ ᠦᠭᠡᠢ︾ ᠦᠢᠯᠡᠴᠢᠯᠡᠪᠡ᠃ ᠨᠡᠶᠢᠭᠡᠮ ᠲᠣᠭᠤᠷᠢᠭ ᠲᠤ ᠡᠮ ᠡᠮᠨᠡᠯᠭᠡ ᠶᠢᠨ ᠳᠠᠭᠠᠳᠬᠠᠯ ᠤᠨ | ᠦᠢᠯᠡᠴᠢᠯᠡᠭᠡᠨ ᠤ ᠴᠣᠩᠬᠤ ᠭᠠᠷᠭᠠᠵᠤ᠂ ᠣᠯᠠᠨ ᠲᠦᠮᠡᠨ ᠤ ᠮᠠᠳᠠᠭ ᠲᠠᠢ ᠠᠰᠠᠭᠤᠳᠠᠯ ᠳᠤ ᠨᠢᠭᠤᠷᠳᠠᠨ ᠬᠠᠷᠢᠭᠤᠯᠲᠠ | ᠥᠭᠴᠦ᠂ ᠰᠦᠢᠳᠬᠡᠯ ᠲᠤᠰᠢᠶᠠᠬᠤ ᠠᠵᠢᠯᠯᠠᠭ᠎ᠠ ᠶᠢ ᠭᠠᠷ ᠢᠶᠠᠷ ᠢᠶᠠᠨ ᠵᠢᠭᠠᠨ ᠵᠢᠯᠣᠭᠤᠳᠴᠤ᠂ ᠡᠮ ᠡᠮᠨᠡᠯᠭᠡ ᠶᠢᠨ | ᠳᠠᠭᠠᠳᠬᠠᠯ ᠤᠨ ᠪᠠᠷᠢᠮᠲᠠ ᠵᠡᠷᠭᠡ ᠶᠢ ᠣᠷᠣᠯᠠᠨ ᠭᠦᠢᠴᠡᠳᠬᠡᠪᠡ᠃ ᠡᠭᠦᠨ ᠤ ᠬᠠᠮᠲᠤ᠂ ᠬᠥᠳᠡᠯᠵᠦ ᠪᠠᠷᠢᠬᠤ ᠳᠤ | ᠳᠥᠭᠦᠮ ᠦᠭᠡᠢ᠂ ᠣᠶᠤᠨᠯᠢᠭ ᠭᠠᠷ ᠤᠲᠠᠰᠤ ᠬᠡᠷᠡᠭᠯᠡᠵᠦ ᠴᠢᠳᠠᠬᠤ ᠦᠭᠡᠢ ᠣᠨᠴᠠᠭᠠᠶ ᠬᠥᠮᠦᠰ ᠲᠤ ᠬᠡᠷ ᠲᠤᠨᠢ | ᠬᠦᠷᠴᠦ ᠬᠠᠪᠰᠤᠷᠤᠨ ᠭᠦᠢᠴᠡᠳᠭᠡᠬᠦ ᠥᠢᠯᠡᠴᠢᠯᠡᠭᠡ ᠬᠠᠩᠭᠠᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ | ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠵᠤ᠂ ᠳᠠᠭᠠᠳᠬᠠᠯ ᠳᠤ ᠣᠷᠣᠯᠴᠠᠬᠤ ᠪᠦᠷᠬᠦᠴᠡ ᠶᠢᠨ ᠨᠣᠷᠮ᠎ᠠ ᠶᠢ | ᠪᠦᠲᠦᠮᠵᠢᠲᠡᠶ ᠳᠡᠭᠡᠭᠰᠢᠯᠡᠭᠦᠯᠵᠦ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠲᠥᠷᠥ ᠶᠢᠨ ᠪᠣᠳᠣᠯᠭ᠎ᠠ ᠶᠢ ︽ | ᠬᠡᠷ ᠲᠤᠨᠢ ᠬᠦᠷᠬᠦ︾ ᠶᠢ ᠦᠨᠡᠨ ᠬᠦ ᠪᠡᠶᠡᠯᠡᠭᠦᠯᠪᠡ᠃ |