10 ᠰᠠᠷ᠎ᠠ ᠶᠢᠨ 28 ᠤ ᠡᠳᠦᠷ᠂ ︽ᠳᠤᠮᠳᠠᠳᠤ ᠤᠯᠤᠰ ᠤᠨ ᠰᠣᠨᠢᠨ ᠮᠡᠳᠡᠭᠡᠨ ᠤ ᠰᠦᠯᠵᠢᠶ᠎ᠡ︾ ᠳ᠋ᠦᠩ | ᠾᠧ ᠲᠣᠭᠤᠷᠢᠭ ᠲᠤ ᠠᠩᠬᠠᠷᠤᠯ ᠢᠶᠠᠨ ᠲᠥᠪᠯᠡᠷᠡᠭᠦᠯᠵᠦ᠂ ︽︿ᠪᠣᠭᠤᠮᠲᠠ ᠶᠢᠨ ᠭᠠᠳᠠᠨᠠᠬᠢ ᠰᠢ ᠬᠤ᠋ ᠨᠠᠭᠤᠷ﹀ ᠤᠨ | ᠬᠠᠮ ᠤᠩᠭᠤᠴᠠ ᠬᠢᠭᠡᠳ ᠤᠯᠠᠭᠠᠨ ᠬᠤᠰᠢᠭᠤᠲᠤ ᠴᠠᠬᠤᠯᠠᠢ ᠶᠢᠨ ᠳᠣᠲᠣᠨᠣᠰᠤᠭ ᠲᠡᠮᠳᠡᠭᠯᠡᠯ︾ ᠢ ᠨᠡᠶᠢᠲᠡᠯᠡᠨ᠂ | ᠪᠤᠭᠤᠲᠤ ᠶᠢᠨ ᠨᠠᠨ ᠬᠠᠢ ᠦᠵᠡᠮᠵᠢ ᠶᠢᠨ ᠣᠷᠣᠨ ᠤ ᠥᠪᠡᠷᠮᠢᠴᠡ ᠭᠤᠶᠢᠳᠠ ᠰᠠᠶᠢᠬᠠᠨ ᠠᠮᠢ ᠠᠬᠤᠶ ᠶᠢᠨ ᠣᠷᠴᠢᠨ | ᠲᠣᠭᠤᠷᠢᠨ ᠢ ᠮᠡᠳᠡᠭᠡᠯᠡᠵᠦ᠂ ᠤᠯᠠᠭᠠᠨ ᠬᠤᠰᠢᠭᠤᠲᠤ ᠴᠠᠬᠤᠯᠠᠢ ᠵᠢᠴᠢ ᠪᠤᠰᠤᠳ ᠨᠡᠭᠦᠳᠡᠯ ᠤᠨ ᠰᠢᠪᠠᠭᠤᠳ ᠤᠨ | ᠣᠷᠣᠰᠢᠨ ᠠᠮᠢᠳᠤᠷᠠᠬᠤ ᠭᠠᠵᠠᠷ ᠪᠣᠯᠵᠣ᠂ ᠶᠡᠭᠡ ᠬᠡᠮᠵᠢᠶᠡᠨ ᠤ ᠬᠤᠲᠠ ᠶᠢᠨ ᠠᠷᠠᠳ ᠤᠨ ᠵᠤᠭᠠᠴᠠᠭᠰᠠᠳ ᠤᠨ | ᠰᠣᠨᠢᠷᠬᠠᠯ ᠢ ᠲᠠᠲᠠᠭᠰᠠᠨ ᠬᠤᠯᠪᠣᠭᠳᠠᠯ ᠪᠥᠬᠦᠶ ᠪᠠᠶᠢᠳᠠᠯ ᠢ ᠮᠡᠳᠡᠭᠡᠯᠡᠪᠡ᠃ ᠣᠳᠣ ᠪᠣᠯᠲᠠᠯ᠎ᠠ ᠤᠩᠰᠢᠯᠭ᠎ᠠ ᠶᠢᠨ | ᠬᠡᠮᠵᠢᠶ᠎ᠡ ᠨᠢᠭᠡᠨᠲᠡ 20 ᠲᠦᠮᠡ ᠶᠢ ᠳᠠᠪᠠᠵᠠᠶ᠃ | | ᠣᠩᠭᠤᠴᠠᠴᠢᠨ ᠳᠠᠯᠠᠢ ᠶᠢᠨ ᠬᠥᠪᠡᠭᠡᠨ ᠠᠴᠠ ᠬᠠᠯᠢᠭᠤᠷᠴᠤ ᠠᠭᠤᠳᠠᠮ ᠨᠠᠭᠤᠷ ᠲᠤ ᠣᠷᠣᠬᠤ ᠦᠶ᠎ᠡ ᠳᠤ᠂ | ᠭᠡᠨᠡᠳᠲᠡ ᠬᠡᠳᠦᠨ ᠠᠷᠪᠠᠨ ᠤᠯᠠᠭᠠᠨ ᠬᠤᠰᠢᠭᠤᠲᠤ ᠴᠠᠬᠤᠯᠠᠢ ᠣᠩᠭᠤᠴᠠᠨ ᠤ ᠲᠣᠯᠣᠭᠠᠢ ᠤᠷᠤᠭᠤ ᠨᠢᠰᠴᠡᠢ᠃ ᠡᠨᠡ | ᠦᠶ᠎ᠡ ᠳᠤ ᠭᠠᠷᠠᠮ ᠳᠡᠭᠡᠷ᠎ᠡ ᠵᠣᠭᠰᠣᠵᠤ ᠪᠠᠶᠢᠭᠰᠠᠨ ᠵᠢᠭᠤᠯᠴᠢᠯᠠᠭᠴᠢᠳ ᠭᠠᠷ ᠤᠲᠠᠰᠤ ᠪᠠᠷ ᠢᠶᠠᠨ ᠡᠨᠡ ᠬᠦ ᠭᠤᠶᠤ | ᠰᠠᠶᠢᠬᠠᠨ ᠦᠵᠡᠮᠵᠢ ᠶᠢ ᠰᠡᠭᠦᠳᠡᠷᠯᠡᠪᠡ᠃ | ᠨᠠᠮᠤᠷ ᠤᠨ ᠰᠡᠭᠦᠯᠴᠢ ᠳᠤ ᠣᠷᠣᠭᠰᠠᠨ ᠨᠠᠨ ᠬᠠᠢ ᠨᠤᠭᠤ ᠭᠠᠵᠠᠷ ᠨᠢ ᠠᠭᠠᠷ ᠤᠨ ᠳᠤᠯᠠᠭᠠᠨ ᠠᠭᠠᠵᠢᠮ ᠢᠶᠠᠷ | ᠬᠦᠢᠲᠡᠷᠡᠬᠦ ᠶᠢ ᠳᠠᠭᠠᠯᠳᠤᠨ᠂ ᠨᠠᠭᠤᠷ ᠳᠡᠭᠡᠷ᠎ᠡ ︽ᠠᠯᠪᠠ ᠬᠠᠭᠠᠵᠤ︾ ᠪᠠᠶᠢᠭᠰᠠᠨ ᠣᠯᠠᠩᠬᠢ ᠵᠤᠭᠠᠴᠠᠯ ᠤᠨ | ᠣᠩᠭᠤᠴᠠ ᠨᠢᠭᠡᠨᠲᠡ ᠡᠷᠭᠢ ᠳᠤ ᠭᠠᠷᠴᠤ᠂ ᠬᠠᠮ ᠣᠩᠭᠤᠴᠠ ᠨᠢ ᠴᠥᠬᠡᠨ ᠪᠤᠰᠤ ᠵᠢᠭᠤᠯᠴᠢᠯᠠᠯ ᠤᠨ ᠲᠥᠬᠦᠭᠡᠷᠦᠮᠵᠢ | ᠪᠣᠯᠵᠠᠢ᠃ ᠭᠡᠲᠡᠯ᠎ᠡ ᠰᠠᠨᠠᠭᠠᠨ ᠠᠴᠠ ᠭᠠᠳᠠᠭᠤᠷ ᠲᠤᠰ ᠭᠠᠵᠠᠷ ᠤᠨ ᠴᠠᠬᠤᠯᠠᠢ ᠰᠢᠪᠠᠭᠤ ᠬᠠᠷᠢᠨ ᠨᠠᠨ ᠬᠠᠢ ᠨᠤᠭᠤ | ᠭᠠᠵᠠᠷ ᠢ ᠳᠠᠬᠢᠨᠲᠠ ᠠᠮᠢᠵᠢᠷᠠᠯ ᠤᠨ ᠬᠦᠴᠦᠨ ᠲᠠᠢ ᠪᠣᠯᠭᠠᠪᠠ᠃ | | 26 ᠤ ᠡᠳᠦᠷ ᠪᠣᠯᠲᠠᠯ᠎ᠠ᠂ ᠰᠤᠷᠪᠤᠯᠵᠢᠯᠠᠭᠴᠢ ᠲᠤᠬᠠᠢ ᠶᠢᠨ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ | ᠬᠢᠬᠦ ᠳᠡᠭᠡᠨ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠨᠢᠭᠡ ᠪᠦᠯᠦᠭ ᠵᠢᠭᠤᠯᠴᠢᠯᠠᠭᠴᠢᠳ ᠭᠠᠷᠠᠭ ᠤᠨ | ᠰᠡᠭᠦᠯᠴᠢ ᠶᠢᠨ ᠠᠮᠠᠷᠠᠯᠲᠠ ᠶᠢᠨ ᠡᠳᠦᠷ ᠢ ᠠᠰᠢᠭᠯᠠᠨ᠂ ᠨᠠᠰᠤᠲᠠᠨ ᠢ ᠳᠠᠭᠠᠭᠤᠯᠤᠨ ᠨᠠᠨ ᠬᠠᠢ ᠨᠤᠭᠤ ᠭᠠᠵᠠᠷ ᠤᠨ | ᠨᠠᠭᠤᠷ ᠤᠨ ᠤᠰᠤ ᠶᠢ ᠰᠣᠨᠢᠷᠬᠠᠬᠤ ᠶᠢᠨ ᠳᠠᠭᠠᠤ᠂ ᠣᠩᠭᠤᠴᠠᠨ ᠤ ᠳᠡᠷᠭᠡᠲᠡ ᠤᠯᠠᠭᠠᠨ ᠬᠤᠰᠢᠭᠤᠲᠤ ᠴᠠᠬᠤᠯᠠᠢ | ᠨᠢᠰᠦᠨ ᠥᠩᠭᠡᠷᠡᠭᠰᠡᠨ ᠢ ᠦᠵᠡᠬᠦ ᠳᠤ ᠪᠠᠶᠠᠷ ᠬᠦᠷ ᠲᠠᠢ ᠪᠠᠶᠢᠪᠠ᠃ | ᠶᠡᠷᠦᠩᠬᠡᠢ ᠲᠠᠯᠠᠪᠠᠢ ᠨᠢ 2992 ᠾᠧᠺᠲ᠋ᠠᠷ ᠨᠠᠨ ᠬᠠᠢ ᠨᠤᠭᠤ ᠭᠠᠵᠠᠷ ᠲᠤ᠂ ᠬᠤᠶᠢᠲᠤ ᠲᠠᠯ᠎ᠠ ᠳᠤ ᠬᠥᠬᠡ | ᠠᠭᠤᠯᠠ ᠪᠦᠷᠦᠭ ᠪᠠᠷᠤᠭ ᠬᠠᠷᠠᠬᠳᠠᠵᠣ᠂ ᠡᠮᠦᠨ᠎ᠡ ᠲᠠᠯ᠎ᠠ ᠨᠢ ᠬᠠᠳᠤᠨ ᠭᠤᠤᠯ ᠤᠨ ᠬᠠᠰ ᠤᠨ ᠪᠦᠰᠡ ᠪᠠᠷ | ᠬᠦᠷᠢᠶᠡᠯᠡᠵᠦ᠂ ᠬᠤᠳᠠ᠂ ᠬᠠᠳᠤᠨ ᠭᠤᠤᠯ᠂ ᠨᠤᠭᠤ ᠭᠠᠵᠠᠷ ᠢ ᠨᠢᠭᠡ ᠴᠤᠭᠴᠠᠵᠢᠭᠤᠯᠤᠨ᠂ « ᠪᠤᠭᠤᠮᠳᠠ ᠶᠢᠨ | ᠭᠠᠳᠠᠨᠠᠬᠢ ᠰᠢ ᠬᠣ᠋ ᠨᠠᠭᠤᠷ » ᠭᠡᠬᠦ ᠰᠠᠶᠢᠬᠠᠨ ᠠᠯᠳᠠᠷ ᠲᠠᠢ ᠶᠤᠮ᠃ | | ᠨᠠᠨ ᠬᠠᠢ ᠨᠤᠭᠤ ᠭᠠᠵᠠᠷ ᠤᠨ ᠦᠵᠡᠮᠵᠢ ᠶᠢᠨ ᠣᠷᠣᠨ ᠤ ᠲᠠᠶᠢᠯᠪᠤᠷᠢᠯᠠᠭᠴᠢ ᠵᠠᠩ ᠮᠢᠩ ᠢᠦᠢ ᠶᠢᠨ | ᠲᠠᠨᠢᠯᠴᠠᠭᠤᠯᠤᠭᠰᠠᠨ ᠢᠶᠠᠷ᠂ ᠡᠨᠡ ᠵᠢᠯ ᠤᠨ ᠵᠤᠨ ᠨᠠᠮᠤᠷ ᠠᠴᠠ ᠨᠠᠰᠢ᠂ ᠨᠠᠨ ᠬᠠᠢ ᠨᠤᠭᠤ ᠭᠠᠵᠠᠷ ᠤᠨ ᠡᠳᠦᠷ | ᠳᠤᠮᠳᠠᠴᠢ ᠶᠢᠨ ᠬᠥᠮᠥᠨ ᠤ ᠲᠤᠭ᠎ᠠ 3500 ᠬᠥᠮᠥᠨ ᠳᠤ ᠬᠦᠷᠴᠡᠢ᠃ ᠬᠡᠳᠦ᠋ᠢᠪᠡᠷ ᠡᠨᠡ ᠬᠡᠳᠦᠨ ᠡᠳᠦᠷ | ᠵᠤᠭᠠᠴᠠᠭᠰᠠᠳ ᠤᠨ ᠲᠤᠭ᠎ᠠ ᠪᠠᠭᠠᠰᠤᠭᠰᠠᠨ ᠪᠤᠯᠪᠠᠴᠦ ᠤᠯᠠᠭᠠᠨ ᠬᠤᠰᠢᠭᠤᠳᠤ ᠴᠠᠬᠤᠯᠠᠢ ᠶᠢᠨ ᠢᠷᠡᠯᠳᠡ ᠠᠴᠠ ᠪᠤᠯᠵᠤ | ᠪᠠᠰᠠ ᠤᠯᠠᠨ ᠠᠷᠪᠢᠨ ᠵᠤᠭᠠᠴᠠᠭᠰᠠᠳ ᠢᠷᠡᠪᠡ᠃ | ︽ᠪᠣᠭᠤᠮᠲᠠ ᠶᠢᠨ ᠭᠠᠳᠠᠨᠠᠬᠢ ᠰᠢ ᠬᠣ᠋ ᠨᠠᠭᠤᠷ︾ ᠬᠡᠮᠡᠭᠳᠡᠭᠰᠡᠨ ᠨᠠᠨ ᠬᠠᠢ ᠨᠤᠭᠤ ᠭᠠᠵᠠᠷ ᠪᠣᠯ ᠬᠠᠲᠤᠨ | ᠭᠤᠤᠯ ᠤᠨ ᠣᠯᠣᠮ ᠪᠠ ᠭᠠᠷᠠᠮ ᠤᠨ ᠡᠳ᠋ ᠪᠣᠳᠠᠰ ᠢ ᠲᠥᠪᠯᠡᠷᠡᠭᠦᠯᠦᠨ ᠲᠠᠷᠬᠠᠭᠠᠬᠤ ᠭᠠᠵᠠᠷ ᠪᠠᠶᠢᠵᠤ ᠥᠩᠭᠡᠷᠡᠭᠰᠡᠨ | ᠪᠥᠭᠡᠳ ᠪᠠᠰᠠ ᠴᠤ ᠪᠤᠭᠤᠲᠤ ᠶᠢᠨ ᠨᠡᠯᠢᠶᠡᠳ ᠡᠷᠲᠡ ᠭᠠᠷᠠᠮ ᠤᠨ ᠨᠢᠭᠡ ᠪᠣᠯᠤᠨ᠎ᠠ᠃ ᠵᠠᠩ ᠮᠢᠩ ᠢᠦᠢ | ᠢᠯᠡᠷᠬᠡᠶᠢᠯᠡᠬᠦ ᠳᠡᠭᠡᠨ᠂ ᠣᠳᠣᠬᠠᠨ ᠳᠤ ᠢᠷᠡᠭᠰᠡᠨ ᠵᠤᠭᠠᠴᠠᠭᠰᠠᠳ ᠬᠠᠮᠤᠭ ᠤᠨ ᠭᠤᠣᠯ ᠨᠢ ᠠᠳᠡᠬᠢ ︽ᠲᠡᠦᠬᠡ ᠶᠢᠨ | ᠬᠤᠪᠢᠷᠠᠯᠲᠠ ᠶᠢᠨ ᠳᠤᠮᠳᠠ ᠦᠯᠡᠳᠡᠭᠡᠭᠰᠡᠨ ᠥᠪᠡᠷᠮᠢᠴᠡ ᠳᠤᠷᠠᠰᠤᠮᠵᠢ︾ ᠶᠢ ᠣᠶᠢᠯᠠᠭᠠᠬᠤ ᠪᠠᠷ ᠢᠷᠡᠭᠰᠡᠨ ᠪᠠᠶᠢᠨ᠎ᠠ᠃ | | ᠬᠠᠭᠠᠰ ᠰᠠᠷ᠎ᠠ ᠶᠢᠨ ᠡᠮᠦᠨ᠎ᠡ᠂ ᠡᠷᠲᠡ ᠪᠣᠯᠪᠠᠰᠤᠷᠠᠬᠤ ᠶᠢ ᠪᠠᠷᠢᠮᠲᠠᠯᠠᠭᠰᠠᠨ ᠵᠠᠩ ᠮᠢᠩ ᠢᠦᠢ ᠭᠡᠨᠡᠳᠲᠡ ᠨᠠᠨ | ᠬᠠᠢ ᠨᠤᠭᠤ ᠭᠠᠵᠠᠷ ᠲᠤ ᠮᠠᠰᠢ ᠣᠯᠠᠨ ᠤᠯᠠᠭᠠᠨ ᠬᠤᠰᠢᠭᠤᠲᠤ ᠴᠠᠬᠤᠯᠠᠢ ᠢᠷᠡᠭᠰᠡᠨ ᠢ ᠣᠯᠵᠤ ᠦᠵᠡᠵᠦ᠂ ᠲᠡᠷᠡ | ᠭᠠᠷ ᠤᠨ ᠠᠯᠠᠭ᠎ᠠ ᠪᠠᠷ ᠢᠶᠠᠨ ᠤᠯᠠᠭᠠᠨ ᠬᠤᠰᠢᠭᠤᠲᠤ ᠴᠠᠬᠤᠯᠠᠢ ᠶᠢ ᠳᠠᠭᠠᠭᠤᠯᠬᠤ ᠪᠠᠷ ᠣᠷᠣᠯᠳᠣᠵᠤ ᠦᠵᠡᠭᠡᠳ ︽ | ᠲᠡᠭᠦᠨ ᠠᠴᠠ ᠠᠶᠤᠬᠤ ᠦᠭᠡᠢ ᠮᠥᠷᠲᠡᠭᠡᠨ ᠭᠠᠷ ᠤᠨ ᠠᠯᠠᠭᠠᠨ ᠳᠡᠭᠡᠷ᠎ᠡ ᠰᠠᠭᠤᠬᠤ︾ ᠭᠡᠪᠡ᠃ | | ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ | ᠲᠥᠪ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠢᠨᠠᠨ ᠬᠡᠮᠵᠢᠯᠲᠡ ᠶᠢᠨ ᠠᠵᠢᠯ ᠤᠨ ᠬᠠᠷᠢᠭᠤᠴᠠᠯᠭᠠᠲᠠᠨ ᠳ᠋ᠠᠢ | ᠬᠤᠩ ᠯᠢᠶᠠᠩ ᠤᠨ ᠲᠠᠨᠢᠯᠴᠠᠭᠤᠯᠤᠭᠰᠠᠨ ᠢᠶᠠᠷ᠂ ᠣᠶᠢᠷ᠎ᠠ ᠶᠢᠨ ᠵᠢᠯ ᠳᠤ᠂ ᠨᠠᠨ ᠬᠠᠢ ᠨᠤᠭᠤ ᠭᠠᠵᠠᠷ ᠨᠢ ᠠᠮᠢ | ᠠᠬᠤᠶ ᠶᠢ ᠰᠡᠷᠭᠦᠭᠡᠬᠦ᠂ ᠤᠰᠤᠨ ᠤ ᠠᠮᠢ ᠠᠬᠤᠶ ᠶᠢ ᠵᠠᠰᠠᠬᠤ ᠪᠠ ᠨᠤᠭᠤ ᠭᠠᠵᠠᠷ ᠢ ᠵᠠᠰᠠᠨ ᠰᠡᠷᠭᠦᠭᠡᠬᠦ ᠢᠨᠵᠧᠨᠧᠷᠢᠩ | ᠵᠡᠷᠭᠡ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠣᠯᠠᠨ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ | ᠨᠢᠭᠡᠨᠲᠡ 4 ᠵᠤᠷᠪᠤᠰ ᠪᠣᠬᠢᠷᠲᠤᠯ ᠤᠨ ᠡᠬᠢ ᠶᠢ ᠲᠠᠰᠤᠯᠵᠤ᠂ 17 ᠨᠡᠭᠦᠷᠡᠰᠦᠨ ᠲᠠᠯᠠᠪᠠᠶ ᠶᠢ ᠴᠡᠪᠡᠷᠯᠡᠵᠦ᠂ ᠭᠤᠤᠯ | ᠲᠣᠭᠤᠷᠢᠭ ᠤᠨ ᠲᠠᠷᠢᠶᠠᠨ ᠭᠠᠵᠠᠷ ᠤᠨ ᠬᠡᠷ ᠪᠠᠶᠢᠰᠢᠩ᠂ ᠬᠥᠪᠪᠦᠮᠡᠯ ᠵᠠᠮ ᠵᠢᠴᠢ ᠲᠡᠭᠦᠨ ᠤ ᠬᠠᠮᠢᠶ᠎ᠠ ᠪᠥᠬᠦᠶ | ᠪᠠᠷᠢᠯᠭ᠎ᠠ ᠶᠢ ᠨᠤᠷᠠᠭᠠᠵᠤ᠂ ᠬᠠᠮᠠᠭᠠᠯᠠᠯᠲᠠ ᠶᠢᠨ ᠣᠷᠣᠨ ᠤ ᠭᠤᠤᠯ ᠣᠷᠣᠨ ᠳᠤ ᠲᠣᠭᠲᠠᠭᠠᠯ ᠠᠴᠠ ᠵᠥᠷᠢᠴᠡᠨ | ᠪᠠᠶᠢᠭᠤᠯᠤᠭᠰᠠᠨ ᠶᠠᠪᠤᠳᠠᠯ ᠢ ᠲᠡᠭ ᠪᠣᠯᠭᠠᠬᠤ ᠶᠢ ᠪᠡᠶᠡᠯᠡᠭᠦᠯᠵᠡᠶ᠃ ︽ᠡᠨᠡ ᠨᠢ ᠮᠥᠨ ᠴᠦ ᠨᠠᠨ ᠬᠠᠢ ᠨᠤᠭᠤ | ᠭᠠᠵᠠᠷ ᠨᠢ ᠵᠢᠭᠤᠯᠴᠢᠯᠠᠯ ᠤᠨ ᠤᠯᠠᠷᠢᠯ ᠪᠢᠰᠢ ᠪᠠᠶᠢᠳᠠᠯ ᠳᠣᠤᠷ᠎ᠠ ᠳᠠᠬᠢᠨ ᠠᠮᠢᠵᠢᠷᠠᠯ ᠤᠨ ᠬᠦᠴᠦᠨ ᠲᠠᠢ ᠪᠣᠯᠭᠠᠵᠤ | ᠳᠡᠶᠢᠯᠬᠦ ᠨᠢᠭᠤᠴᠠ ᠶᠠᠪᠤᠳᠠᠯ ᠪᠣᠯᠤᠨ᠎ᠠ︾ ᠭᠡᠵᠡᠶ᠃ | ︽ᠠᠮᠢ ᠠᠬᠤᠢ ᠶᠢᠨ ᠬᠠᠮᠠᠭᠠᠯᠠᠯᠲᠠ ᠶᠢᠨ ᠲᠠᠯ᠎ᠠ ᠪᠠᠷ᠂ ᠨᠠᠨ ᠬᠠᠢ ᠨᠤᠭᠤ ᠭᠠᠵᠠᠷ ᠴᠤ ᠠᠯᠢ ᠣᠯᠠᠨ ᠦᠷ᠎ᠡ | ᠪᠦᠲᠦᠭᠡᠯ ᠣᠯᠪᠠ︾᠃ ᠳ᠋ᠠᠢ ᠬᠤᠩ ᠯᠢᠶᠠᠩ ᠤᠨ ᠬᠡᠯᠡᠬᠦ ᠪᠠᠷ᠂ ᠣᠳᠣᠬᠠᠨ ᠳᠤ ᠨᠠᠨ ᠬᠠᠢ ᠨᠤᠭᠤ ᠭᠠᠵᠠᠷ ᠤᠨ | ᠲᠠᠯᠠᠪᠠᠢ ᠨᠢ ᠬᠡᠳᠦᠨ ᠵᠢᠯ ᠤᠨ ᠡᠮᠦᠨᠡᠬᠢ 1585 ᠾᠧᠺᠲ᠋ᠠᠷ ᠪᠠᠢᠭᠰᠠᠨ ᠠᠴᠠ ᠪᠠᠨ 2992 ᠾᠧᠺᠲ᠋ᠠᠷ ᠪᠣᠯᠤᠨ | ᠨᠡᠮᠡᠭᠳᠡᠵᠦ᠂ ᠨᠤᠭᠤ ᠭᠠᠵᠠᠷ ᠤᠨ ᠰᠢᠪᠠᠭᠤᠨ ᠤ ᠲᠥᠷᠥᠯ ᠨᠢ ᠥᠩᠭᠡᠷᠡᠭᠰᠡᠨ ᠤ 77 ᠵᠦᠢᠯ ᠪᠠᠢᠭᠰᠠᠨ ᠠᠴᠠ ᠪᠠᠨ | ᠨᠡᠮᠡᠭᠳᠡᠭᠡᠳ ᠣᠳᠣ 242 ᠵᠦᠢᠯ ᠪᠣᠯᠵᠤ᠂ ᠨᠠᠭᠤᠷ ᠤᠨ ᠲᠠᠯᠠᠪᠠᠢ ᠨᠢ ᠥᠩᠭᠡᠷᠡᠭᠰᠡᠨ ᠤ 333 ᠾᠧᠺᠲ᠋ᠠᠷ | ᠪᠠᠢᠭᠰᠠᠨ ᠠᠴᠠ ᠪᠠᠨ ᠨᠡᠮᠡᠭᠳᠡᠭᠡᠳ 713 ᠾᠧᠺᠲ᠋ᠠᠷ ᠪᠣᠯᠵᠤ᠂ ᠪᠤᠭᠤᠲᠤ ᠬᠤᠲᠠ ᠶᠢᠨ ᠲᠦᠮᠡᠨ ᠮᠦ ᠭᠠᠵᠠᠷ ᠲᠠᠢ | ᠨᠠᠭᠤᠷ ᠪᠣᠯᠵᠤ᠂ ᠨᠤᠭᠤ ᠭᠠᠵᠠᠷ ᠤᠨ ᠠᠮᠢ ᠠᠬᠤᠢ ᠶᠢᠨ ᠦᠢᠯᠡᠴᠢᠯᠡᠭᠡᠨ ᠤ ᠴᠢᠳᠠᠮᠵᠢ ᠨᠢ ᠢᠯᠡᠳᠲᠡ ᠰᠠᠢᠵᠢᠷᠠᠵᠤ᠂ | ᠲᠤᠰᠭᠠᠢ ᠮᠡᠷᠭᠡᠵᠢᠯᠲᠡᠳ ᠤᠨ ᠪᠤᠭᠤᠲᠤ ᠬᠤᠲᠠ ᠶᠢᠨ ︽ᠲᠠᠪᠤᠨ ᠬᠥᠮᠥᠷᠭᠡ︾ - ᠨᠡᠭᠦᠷᠡᠰᠦᠲᠥ᠋ᠷᠥᠭᠴᠢ ᠶᠢᠨ | ᠬᠥᠮᠥᠷᠭᠡ᠂ ᠤᠰᠤᠨ ᠴᠥᠭᠦᠷᠥᠮ᠂ ᠢᠳᠡᠭᠡᠨ ᠤ ᠬᠥᠮᠥᠷᠭᠡ᠂ ᠭᠧᠨ ᠤ ᠬᠥᠮᠥᠷᠭᠡ ᠪᠣᠯᠪᠠ᠃ | | ︽ᠤᠳᠤ ᠨᠠᠨ ᠬᠠᠢ ᠨᠤᠭᠤ ᠭᠠᠵᠠᠷ ᠲᠤ ᠪᠠᠰᠠ ᠪᠦᠬᠦ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ᠂ ᠪᠦᠬᠦ ᠤᠯᠤᠰ ᠤᠨ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ᠂ ᠤᠯᠤᠰ ᠤᠨ ᠲᠡᠰ ᠤᠨ | ᠪᠠᠶᠢᠭᠠᠯᠢ ᠶᠢᠨ ᠰᠤᠷᠭᠠᠭᠤᠯᠢ᠂ ᠤᠯᠤᠰ ᠤᠨ ᠲᠡᠰ ᠤᠨ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ᠂ | ᠤᠯᠤᠰ ᠤᠨ AAAA ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠢᠷᠠᠭᠤ ᠠᠯᠳᠠᠷ ᠤᠨ ᠴᠣᠯᠠ | ᠣᠯᠭᠤᠪᠠ︾᠃ ᠴᠠᠭ ᠠᠭᠤᠷ ᠲᠡᠶᠢᠮᠦ ᠬᠦᠢᠲᠡᠨ ᠦᠭᠡᠢ ᠪᠠᠶᠢᠳᠠᠯ ᠳᠣᠣᠷ᠎ᠠ᠂ ᠨᠢᠭᠡ ᠰᠦᠷᠦᠭ ᠤᠯᠠᠭᠠᠨ | ᠬᠤᠰᠢᠭᠤᠲᠤ ᠴᠠᠬᠤᠯᠠᠢ᠂ ᠨᠢᠭᠡ ᠪᠦᠯᠦᠭ ᠬᠠᠮ ᠤᠩᠭᠤᠴᠠ ᠨᠢ ᠲᠤᠬᠠᠢ ᠶᠢᠨ ᠭᠠᠵᠠᠷ ᠲᠤ ᠬᠤᠲᠠ ᠶᠢᠨ ᠠᠮᠢ | ᠠᠬᠤᠢ ᠶᠢᠨ ᠥᠩᠭᠡ ᠦᠵᠡᠮᠵᠢ ᠠᠪᠴᠢᠷᠠᠵᠠᠢ᠃ | ᠳ᠋ᠠᠢ ᠬᠤᠩ ᠯᠢᠶᠠᠩ ᠪᠠᠰᠠ ᠲᠤᠬᠠᠢ ᠶᠢᠨ ᠭᠠᠵᠠᠷ ᠤᠨ ᠬᠢᠨ ᠤᠷᠢᠳ ᠬᠤᠵᠢᠳ ᠬᠡᠪᠯᠡᠭᠰᠡᠨ ︽ᠨᠤᠭᠤ | ᠭᠠᠵᠠᠷ ᠤᠨ ᠨᠠᠨ ᠬᠠᠢ︾ ︽ᠦᠯᠡᠳᠡᠭᠳᠡᠯ ᠴᠠᠬᠤᠯᠠᠢ ᠰᠤᠳᠤᠯᠬᠤ ᠪᠠ ᠬᠠᠮᠠᠭᠠᠯᠠᠬᠤ︾ ︽ᠥᠪᠥᠷ ᠮᠣᠩᠭᠤᠯ ᠤᠨ ᠨᠠᠨ | ᠬᠠᠢ ᠨᠤᠭᠤ ᠭᠠᠵᠠᠷ ᠤᠨ ᠤᠷᠭᠤᠮᠠᠯ︾ ︽ᠥᠪᠥᠷ ᠮᠣᠩᠭᠤᠯ ᠤᠨ ᠨᠠᠨ ᠬᠠᠢ ᠨᠤᠭᠤ ᠭᠠᠵᠠᠷ ᠤᠨ ᠰᠢᠪᠠᠭᠤᠨ ᠤ | ᠲᠥᠷᠥᠯ︾ ᠵᠡᠷᠭᠡ 6 ᠨᠣᠮ ᠪᠠᠶᠢᠵᠤ᠂ ᠨᠡᠶᠢᠭᠡᠮ ᠳᠠᠶᠠᠭᠠᠷ ᠲᠤ ᠠᠮᠢ ᠠᠬᠤᠢ ᠶᠢᠨ ᠣᠷᠴᠢᠨ ᠲᠣᠭᠤᠷᠢᠨ ᠢ | ᠬᠠᠮᠠᠭᠠᠯᠠᠬᠤ ᠬᠠᠮᠲᠤ ᠶᠢᠨ ᠲᠠᠨᠢᠯᠲᠠ ᠶᠢ ᠪᠦᠷᠢᠯᠳᠦᠭᠦᠯᠵᠦ᠂ ︽ᠤᠷᠢᠳᠠᠯ ᠳᠣᠣᠷ᠎ᠠ ᠬᠠᠷ᠎ᠠ ᠬᠦᠯᠦᠭ ᠣᠩᠭᠤᠴᠠ | ᠪᠣᠯᠤᠨ ᠤᠯᠠᠭᠠᠨ ᠬᠤᠰᠢᠭᠤᠲᠤ ᠴᠠᠬᠤᠯᠠᠢ ᠠᠳᠡ ᠦᠷᠭᠦᠯᠵᠢᠯᠡᠨ ᠨᠢᠭᠲᠠ ᠬᠠᠷᠢᠯᠴᠠᠵᠤ ᠳᠡᠶᠢᠯᠬᠦ︾ ᠪᠣᠯᠤᠨ᠎ᠠ᠃ | ᠳ᠋ᠠᠢ ᠬᠤᠩ ᠯᠢᠶᠠᠩ ᠬᠠᠪᠤᠷ ᠴᠠᠭ ᠢ ᠬᠦᠰᠡᠵᠦ᠂ ᠲᠡᠷᠡ ᠣᠢᠶ᠎ᠠ ᠳᠤ ᠠᠳᠡ ᠤᠯᠠᠭᠠᠨ ᠬᠤᠰᠢᠭᠤᠲᠤ ᠴᠠᠬᠤᠯᠠᠢ | ᠪᠠᠶᠢᠬᠤ ᠪᠠᠷ ᠪᠠᠷᠠᠬᠤ ᠦᠭᠡᠢ᠂ ᠪᠠᠰᠠ ᠬᠤᠨ ᠴᠠᠭᠠᠨ ᠭᠠᠯᠠᠭᠤ ᠨᠤᠭᠤ ᠭᠠᠵᠠᠷ ᠲᠤ ᠬᠠᠯᠢᠨ ᠨᠢᠰᠬᠦ ᠠᠮᠢᠳᠤᠯᠢᠭ | ᠦᠵᠡᠭᠳᠡᠯ ᠭᠠᠷᠴᠤ ᠮᠡᠳᠡᠨ᠎ᠡ᠂ ︽ᠨᠠᠨ ᠬᠠᠢ ᠨᠤᠭᠤ ᠭᠠᠵᠠᠷ ᠤᠨ ᠠᠮᠢ ᠠᠬᠤᠢ ᠶᠢᠨ ᠰᠠᠶᠢᠨ ᠢ ᠣᠯᠠᠨ ᠢᠶᠠᠷ ᠢᠶᠠᠨ | ᠭᠡᠷᠡᠴᠢᠯᠡᠶ᠎ᠡ︾ ᠭᠡᠪᠡ᠃ |