ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠡᠮ ᠤᠨ ᠵᠦᠢᠯ ᠬᠤᠳᠠᠯᠳᠤᠨ ᠠᠪᠬᠤ ᠠᠷᠭ᠎ᠠ ᠵᠠᠮ ᠢ ᠴᠢᠩᠭ᠎ᠠ ᠰᠢᠮᠳᠠᠭᠤᠯᠤᠨ ᠪᠠᠶᠢᠴᠠᠭᠠᠵᠤ᠂ ᠠᠷᠠᠳ ᠣᠯᠠᠨ ᠤ ᠡᠮ ᠡᠮᠨᠡᠯᠭᠡ ᠶᠢᠨ ᠳᠠᠭᠠᠳᠬᠠᠯ ᠤᠨ ︽ᠠᠰᠢᠭ ᠬᠦᠷᠲᠡᠭᠡᠬᠦ︾ ᠶᠢ  ᠪᠠᠲᠤᠯᠠᠪᠠ
ᠨᠡᠶᠢᠲᠡᠯᠡᠭᠰᠡᠨ ᠴᠠᠭ᠄
2024/11/12
   ᠬᠠᠷᠢᠶᠠᠲᠤ ᠣᠷᠣᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠬᠤᠳᠠᠯᠳᠤᠨ ᠠᠪᠬᠤ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠪᠠ ᠡᠮ ᠤᠨ ᠵᠦᠢᠯ ᠢ ᠵᠦᠶ ᠵᠣᠬᠢᠰ ᠥᠬᠡᠶ ᠬᠡᠷᠡᠭᠯᠡᠬᠦ ᠶᠢ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠳᠤ᠂ ᠲᠤᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠬᠠᠮᠲᠤᠷᠠᠭᠰᠠᠨ ᠪᠠᠶᠢᠴᠠᠭᠠᠯᠲᠠ ᠥᠷᠨᠢᠭᠦᠯᠪᠡ᠃
   ᠲᠣᠰ ᠤᠳᠠᠭ᠎ᠠ ᠭᠤᠤᠯᠳᠠᠭᠤ ᠡᠮᠴᠢᠯᠡᠭᠡᠨ ᠤ ᠪᠠᠶᠢᠭᠤᠯᠤᠮᠵᠢ ᠶᠢᠨ ᠮᠡᠳᠡᠷᠡᠯ ᠤᠨ ᠡᠮ ᠤᠨ  ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠠᠶᠢᠩᠭᠤ ᠬᠡᠷᠡᠭᠯᠡᠬᠦ ᠡᠮ ᠤᠨ  ᠵᠦᠢᠯ ᠳᠤ ᠰᠦᠯᠵᠢᠶᠡᠨ ᠭᠠᠳᠠᠨ᠎ᠠ ᠬᠤᠳᠠᠯᠳᠤᠨ ᠠᠪᠤᠭᠰᠠᠨ ᠡᠰᠡᠬᠦ᠂ ᠡᠮ ᠬᠡᠷᠡᠭᠯᠡᠬᠦ ᠶᠢ ᠬᠢᠵᠠᠭᠠᠷᠯᠠᠭᠰᠠᠨ ᠵᠡᠷᠭᠡ ᠪᠠᠶᠢᠳᠠᠯ ᠳᠤ ᠨᠠᠷᠢᠨ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠤᠨ ᠲᠤᠬᠠᠶ ᠶᠢᠨ ᠲᠠᠯᠠᠪᠠᠶ ᠳᠤ ᠡᠮᠴᠢᠯᠡᠭᠡᠨ ᠤ ᠪᠠᠶᠢᠭᠤᠯᠤᠮᠵᠢ ᠯᠤᠭ᠎ᠠ ᠨᠡᠪᠲᠡᠷᠡᠯᠴᠡᠨ ᠬᠠᠷᠢᠭᠤ ᠲᠤᠰᠬᠠᠵᠤ᠂ ᠵᠢᠯᠣᠭᠤᠳᠤᠨ ᠴᠡᠭᠴᠡᠯᠡᠨ ᠰᠠᠶᠢᠵᠢᠷᠠᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ  ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠬᠠᠮᠢᠶᠠᠷᠤᠯᠲᠠ ᠬᠡᠷᠡᠭᠯᠡᠯᠲᠡ ᠶᠢ ᠨᠠᠩ ᠰᠢᠨᠵᠢᠯᠡᠬᠦ ᠤᠬᠠᠭᠠᠨᠴᠢ ᠵᠢᠷᠤᠮᠵᠢᠯ ᠲᠠᠢ ᠪᠣᠯᠭᠠᠬᠤ ᠶᠢ ᠠᠬᠢᠭᠤᠯᠪᠠ᠃ ᠲᠣᠰ ᠤᠳᠠᠭ᠎ᠠ 5 ᠡᠮᠴᠢᠯᠡᠭᠡᠨ ᠤ ᠪᠠᠶᠢᠭᠤᠯᠤᠮᠵᠢ ᠶᠢᠨ 50 ᠭᠠᠷᠤᠶ  ᠵᠦᠢᠯ ᠤᠨ ᠡᠮ ᠵᠢᠴᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠳᠤ ᠰᠤᠭᠤᠴᠢᠨ ᠪᠠᠶᠢᠴᠠᠭᠠᠯᠲᠠ ᠬᠢᠪᠠ᠃    ᠲᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ  ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠤ ᠡᠮ ᠬᠡᠷᠡᠭᠯᠡᠬᠦ ᠠᠮᠤᠷ ᠲᠦᠪᠰᠢᠨ ᠳᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠣᠯᠠᠨ ᠲᠦᠮᠡᠨ ᠤ ᠡᠮ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1