ᠳ᠋ᠦᠩ ᠾᠧ ᠲᠣᠭᠤᠷᠢᠭ ᠤᠨ 2024 ᠣᠨ ᠤ ᠭᠤᠷᠪᠠᠳᠤᠭᠠᠷ ᠤᠯᠠᠷᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/11/12
     ᠨᠢᠭᠡ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ      ᠠᠵᠤ ᠠᠬᠤᠢ ᠶᠢᠨ ᠨᠡᠮᠡᠭᠳᠡᠯ ᠶᠡᠷᠦᠩᠬᠡᠢ ᠳᠤ ᠪᠠᠨ ᠲᠣᠭᠲᠠᠭᠤᠨ ᠪᠠᠶᠢᠪᠠ᠃ ᠲᠦᠷᠦᠭᠦᠤ ᠭᠤᠷᠪᠠᠨ ᠤᠯᠠᠷᠢᠯ ᠳᠤ ᠂ ᠪᠥᠬᠦ ᠲᠣᠭᠤᠷᠢᠭ ᠤᠨ ᠭᠠᠵᠠᠷ ᠣᠷᠣᠨ ᠤ ᠥᠢᠯᠡᠳᠪᠦᠷᠢᠯᠡᠯ  ᠤᠨ ᠶᠡᠷᠦᠩᠬᠡᠶ ᠥᠷᠲᠡᠭ 363.8 ᠳ᠋ᠦᠩᠰᠢᠭᠤᠷ ᠲᠥᠭᠦᠷᠢᠭ ᠲᠤ ᠬᠦᠷᠴᠦ᠂ ᠲᠣᠭᠲᠠᠮᠠᠯ ᠦᠨ᠎ᠡ ᠪᠠᠷ ᠨᠢ ᠠᠳᠠᠯᠢ ᠬᠤᠭᠤᠴᠠᠭᠠᠨ ᠤ ᠬᠢ ᠠᠴᠠ 7% ᠪᠠᠷ ᠨᠡᠮᠡᠭᠳᠡᠨ᠂ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ 0.7 ᠵᠠᠭᠤᠨ ᠤ ᠨᠢᠭᠡᠴᠢ ᠳᠡᠭᠡᠭᠰᠢᠯᠡᠵᠦ᠂ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠤ 2.2᠂ 1.2 ᠵᠠᠭᠤᠨ ᠤ ᠨᠢᠭᠡᠴᠢ ᠠᠴᠠ ᠥᠨᠳᠥᠷ ᠪᠣᠯᠵᠤ᠂ ᠪᠥᠬᠦ ᠬᠤᠲᠠ ᠶᠢᠨ 1 ᠵᠠᠭᠤᠨ ᠤ ᠴᠡᠭ ᠠᠴᠠ ᠳᠣᠤᠷ᠎ᠠ ᠪᠣᠯᠪᠠ᠃      ᠠᠵᠤ ᠦᠢᠯᠡᠰ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 13.9% ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 2.7% ᠪᠠᠷ ᠨᠡᠮᠡᠭᠳᠡᠪᠡ᠃      ᠬᠤᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ      ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠪᠡ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.9% ᠪᠠᠷ ᠨᠡᠮᠡᠭᠳᠡᠵᠦ᠂ ᠳᠡᠭᠡᠷ᠎ᠡ ᠵᠢᠯ ᠤᠨ ᠬᠢ ᠠᠴᠠ 5.4 ᠵᠠᠭᠤᠨ ᠤ ᠨᠢᠭᠡᠴᠢ ᠨᠡᠮᠡᠭᠳᠡᠵᠦ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠤ 5.1᠂ 3.7 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠬᠤᠲᠠ ᠶᠢᠨ 3.6 ᠵᠠᠭᠤᠨ ᠤ ᠴᠡᠭ ᠳᠣᠤᠷ᠎ᠠ ᠪᠣᠯᠪᠠ᠃      ᠭᠤᠷᠪᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ      ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠪᠠᠭᠤᠷᠠᠵᠤ ᠲᠣᠭᠲᠠᠭᠤᠨ ᠪᠣᠯᠪᠠ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 4.1% ᠪᠠᠷ ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ 3.1 ᠵᠠᠭᠤᠨ ᠤ ᠨᠢᠭᠡᠴᠢ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ ᠬᠢ ᠠᠴᠠ 0.7 ᠵᠠᠭᠤᠨ ᠤ ᠨᠢᠭᠡᠴᠢ ᠥᠨᠳᠥᠷ ᠪᠣᠯᠵᠤ ᠂ ᠲᠣᠰ ᠲᠣᠰ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠶᠢᠨ 6.9 ᠪᠠ 11.5 ᠵᠠᠭᠤᠨ ᠤ ᠴᠡᠭ ᠳᠣᠤᠷ᠎ᠠ ᠪᠣᠯᠪᠠ᠃      ᠳᠥᠷᠪᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ      ᠵᠠᠬ᠎ᠠ ᠳᠡᠯᠭᠡᠭᠦᠷ ᠤᠨ ᠪᠤᠷᠤᠯᠠᠭᠤᠯᠭ᠎ᠠ ᠶᠢᠨ ᠨᠡᠮᠡᠭᠳᠡᠯ ᠮᠠᠰᠢ ᠰᠠᠶᠢᠨ ᠪᠠᠶᠢᠪᠠ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 143.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.2% ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠶᠢᠨ 0.9᠂ 0.8 ᠪᠠ 0.3 ᠵᠠᠭᠤᠨ ᠤ ᠨᠢᠭᠡᠴᠢ ᠠᠴᠠ ᠥᠨᠳᠥᠷ ᠪᠣᠯᠪᠠ᠃
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1