ᠳ᠋ᠦᠩ ᠾᠧ ᠲᠣᠭᠤᠷᠢᠭ ᠤᠨ 2024 ᠣᠨ ᠤ ᠭᠤᠷᠪᠠᠳᠤᠭᠠᠷ ᠤᠯᠠᠷᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠪᠠᠶᠢᠳᠠᠯ ︵ᠲᠤᠭ᠎ᠠ ᠪᠠᠷᠢᠮᠲᠠ ᠶᠢᠨ ᠲᠠᠶᠢᠯᠤᠮᠵᠢ︶
ᠨᠡᠶᠢᠲᠡᠯᠡᠭᠰᠡᠨ ᠴᠠᠭ᠄
2024/11/12
     ᠨᠢᠭᠡ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ      ᠲᠦᠷᠦᠭᠦᠤ ᠭᠤᠷᠪᠠᠨ ᠤᠯᠠᠷᠢᠯ ᠳᠤ᠂ ᠳ᠋ᠦᠩ ᠾᠧ ᠲᠣᠭᠤᠷᠢᠭ ᠤᠨ ᠭᠠᠵᠠᠷ ᠣᠷᠣᠨ ᠤ ᠥᠢᠯᠡᠳᠪᠦᠷᠢᠯᠡᠯ ᠤᠨ ᠶᠡᠷᠦᠩᠬᠡᠶ ᠥᠷᠲᠡᠭ 363.8 ᠳ᠋ᠦᠩᠰᠢᠭᠤᠷ ᠲᠥᠭᠦᠷᠢᠭ ᠲᠤ ᠬᠦᠷᠴᠦ᠂ ᠬᠤᠪᠢᠷᠠᠭᠤᠯᠬᠤ ᠥᠬᠡᠶ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 7% ᠪᠠᠷ ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.7 ᠵᠠᠭᠤᠨ ᠤ ᠴᠡᠭ ᠳᠡᠭᠡᠭᠰᠢᠯᠡᠵᠡᠶ᠃ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠤᠯᠤᠰ ︵4.8%︶᠂ ᠥᠪᠡᠷᠲᠡᠭᠡᠨ ᠵᠠᠰᠠᠬᠤ ᠣᠷᠣᠨ ︵5.8︶ 2.2᠂ 1.2 ᠵᠠᠭᠤᠨ ᠤ ᠨᠢᠭᠡᠴᠢ ᠥᠨᠳᠥᠷ ᠪᠠᠶᠢᠵᠤ᠂ ᠪᠥᠬᠦ ᠬᠤᠲᠠ ︵8%︶ ᠠᠴᠠ 1 ᠵᠠᠭᠤᠨ ᠤ ᠴᠡᠭ ᠳᠤᠤᠷ᠎ᠠ ᠪᠣᠯᠪᠠ᠃      ᠭᠤᠷᠪᠠᠨ ᠠᠵᠤ ᠦᠢᠯᠡᠰ ᠤᠨ ᠬᠤᠪᠢᠶᠠᠷᠢᠯᠠᠯᠳᠠ ᠠᠴᠠ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ 3.9 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 159.46 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 13.9% ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 200.46 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2.7% ᠪᠠᠷ ᠨᠡᠮᠡᠭᠳᠡᠪᠡ᠃      ᠠᠵᠢᠯ ᠲᠥᠷᠥᠯ ᠠᠴᠠ ᠠᠪᠴᠤ ᠦᠵᠡᠪᠡᠯ᠂ ᠲᠤᠯᠭᠠᠭᠤᠷᠢ ᠠᠵᠤ ᠦᠢᠯᠡᠰ ᠤᠨ ᠬᠤᠶᠠᠳᠤᠭᠠᠷ ᠠᠵᠤ ᠦᠢᠯᠡᠰ ᠤᠨ ᠬᠤᠪᠢ ᠨᠡᠮᠡᠷᠢ ᠲᠣᠪᠤᠶᠢᠮ᠎ᠠ ᠪᠣᠯᠪᠠ᠃ ᠨᠢᠭᠡ ᠳᠤ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ GDP ᠳᠤ ᠡᠵᠡᠯᠡᠬᠦ ᠬᠤᠪᠢ ᠶᠢᠨ ᠵᠢᠩ ᠢᠶᠠᠷ ᠬᠠᠮᠤᠭ ᠤᠨ ᠶᠡᠭᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 9.4% ᠪᠠᠷ ᠨᠡᠮᠡᠭᠳᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.3 ᠵᠠᠭᠤᠨ ᠤ ᠴᠡᠭ ᠳᠡᠭᠡᠭᠰᠢᠯᠡᠵᠦ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 17.2% ᠲᠤ ᠬᠦᠷᠴᠡᠶ᠃ ᠬᠤᠶᠠᠷ ᠲᠤ ᠪᠠᠷᠢᠯᠭ᠎ᠠ ᠶᠢᠨ ᠦᠢᠯᠡᠰ ᠤᠨ ᠳᠠᠶᠢᠴᠢᠯᠠᠬᠤ ᠦᠢᠯᠡᠳᠦᠯ ᠲᠣᠪᠤᠶᠢᠮ᠎ᠠ ᠪᠠᠶᠢᠵᠤ᠂ ᠨᠡᠮᠡᠭᠳᠡᠯ ᠥᠷᠲᠡᠭ ᠤᠨ GDP ᠳᠤ ᠡᠵᠡᠯᠡᠬᠦ ᠬᠤᠪᠢ ᠶᠢᠨ ᠵᠢᠩ ᠨᠡᠯᠢᠶᠡᠳ ᠶᠡᠭᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 20.5% ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 6.1 ᠵᠠᠭᠤᠨ ᠤ ᠴᠡᠭ ᠳᠡᠭᠡᠭᠰᠢᠯᠡᠵᠦ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ ᠬᠦᠴᠦᠨ ᠢᠯᠡᠳᠲᠡ ᠴᠢᠩᠭᠠᠷᠠᠪᠠ᠃     ᠬᠤᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ      ᠲᠦᠷᠦᠭᠦᠤ ᠭᠤᠷᠪᠠᠨ ᠤᠯᠠᠷᠢᠯ ᠳᠤ᠂ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 10.9% ᠶᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 5.4 ᠵᠠᠭᠤᠨ ᠤ ᠴᠡᠭ ᠥᠨᠳᠥᠷ ᠪᠣᠯᠪᠠ᠃ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠲᠣᠰ ᠲᠣᠰ ᠪᠥᠬᠦ ᠤᠯᠤᠰ ︵5.8%︶᠂ ᠥᠪᠡᠷᠲᠡᠭᠡᠨ ᠵᠠᠰᠠᠬᠤ ᠣᠷᠣᠨ ︵7.2︶ ᠠᠴᠠ 5.1᠂ 3.7 ᠵᠠᠭᠤᠨ ᠤ ᠨᠢᠭᠡᠴᠢ ᠥᠨᠳᠥᠷ ᠪᠠᠶᠢᠵᠤ᠂ ᠪᠥᠬᠦ ᠬᠤᠲᠠ ︵14.5%︶ ᠠᠴᠠ 3.6 ᠵᠠᠭᠤᠨ ᠤ ᠴᠡᠭ ᠳᠣᠣᠷ᠎ᠠ ᠪᠣᠯᠪᠠ᠃      ᠠᠵᠤ ᠠᠬᠤᠶᠢᠯᠠᠯ ᠤᠨ ᠲᠥᠷᠥᠯ ᠬᠡᠯᠪᠡᠷᠢ ᠠᠴᠠ ᠦᠵᠡᠪᠡᠯ᠂ ᠲᠥᠪ ᠤᠨ ᠠᠵᠤ ᠠᠬᠤᠶᠢᠯᠠᠯ 3 ᠪᠠᠶᠢᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠨᠢ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠤᠨ 49% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 13.8% ᠪᠠᠷ ᠨᠡᠮᠡᠭᠳᠡᠪᠡ᠃ ᠲᠣᠭᠤᠷᠢᠭ ᠤᠨ ᠬᠠᠷᠢᠶ᠎ᠠ ᠠᠵᠤ ᠠᠬᠤᠶᠢᠯᠠᠯ 50 ᠪᠠᠶᠢᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠨᠢ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠶᠡᠷᠦᠩᠬᠡᠶ ᠥᠷᠲᠡᠭ ᠤᠨ 51% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 3.5% ᠪᠠᠷ ᠨᠡᠮᠡᠭᠳᠡᠪᠡ᠃ ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠠᠬᠤᠶᠢᠯᠠᠯ 33 ᠪᠠᠶᠢᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ ᠠᠳᠠᠯᠢ ᠬᠤᠭᠤᠴᠠᠭᠠᠨ ᠤ ᠬᠢ ᠠᠴᠠ 11.3% ᠪᠠᠷ ᠨᠡᠮᠡᠭᠳᠡᠭᠦᠯᠵᠦ᠂ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠶᠡᠷᠦᠩᠬᠡᠶ ᠥᠷᠲᠡᠭ ᠤᠨ 95.5% ᠶᠢ ᠡᠵᠡᠯᠡᠪᠡ᠃ ᠬᠦᠷᠢᠶᠡᠯᠡᠩ ᠲᠣᠭᠤᠷᠢᠭ ᠤᠨ ᠭᠠᠳᠠᠨᠠᠬᠢ ᠠᠵᠤ ᠠᠬᠤᠶᠢᠯᠠᠯ 20 ᠪᠣᠯᠵᠣ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 30.7% ᠪᠠᠷ ᠪᠠᠭᠤᠷᠠᠵᠤ᠂ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠶᠡᠷᠦᠩᠬᠡᠶ ᠥᠷᠲᠡᠭ ᠤᠨ 4.5% ᠶᠢ ᠡᠵᠡᠯᠡᠪᠡ᠃      ᠦᠢᠯᠡᠳᠬᠦᠨ ᠤ ᠭᠠᠷᠤᠯᠲᠠ ᠠᠴᠠ ᠦᠵᠡᠪᠡᠯ᠂ ᠦᠢᠯᠡᠳᠬᠦᠨ ᠤ ᠭᠠᠷᠤᠯᠲᠠ ᠨᠡᠮᠡᠭᠳᠡᠭᠰᠡᠨ ᠠᠴᠠ ᠬᠠᠰᠤᠭᠳᠠᠵᠤ᠂ ᠦᠢᠯᠡᠳᠪᠦᠷᠢᠯᠡᠯ ᠪᠣᠷᠣᠯᠠᠭᠤᠯᠭ᠎ᠠ ᠶᠢᠨ ᠵᠣᠯᠭᠠᠯᠳᠠ ᠰᠠᠭᠠᠳ ᠦᠭᠡᠢ ᠨᠡᠪᠲᠡᠷᠡᠬᠦ ᠶᠢ ᠪᠠᠲᠤᠯᠠᠪᠠ᠃ ᠪᠦᠬᠦ ᠲᠣᠭᠤᠷᠢᠭ ᠤᠨ 13 ᠵᠦᠢᠯ ᠤᠨ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷ᠎ᠠ᠂ 7 ᠵᠦᠢᠯ ᠤᠨ ᠦᠢᠯᠡᠳᠬᠦᠨ ᠤ ᠭᠠᠷᠤᠯᠲᠠ ᠡᠶᠡᠷᠭᠦ ᠨᠡᠮᠡᠭᠳᠡᠯ ᠢ ᠪᠡᠶᠡᠯᠡᠭᠦᠯᠪᠡ᠃ ᠡᠭᠦᠨ ᠳᠤ ᠪᠠᠯ ᠴᠢᠯᠠᠭᠤ ᠪᠣᠯᠤᠨ ᠨᠡᠭᠦᠷᠡᠰᠦᠲᠥ᠋ᠷᠥᠭᠴᠢ ᠶᠢᠨ ᠪᠦᠲᠦᠭᠡᠭᠳᠡᠬᠦᠨ 47.7% ᠪᠠᠷ ᠨᠡᠮᠡᠭᠳᠡᠵᠦ᠂ ᠲᠦᠭᠦᠬᠡᠶ ᠬᠥᠩᠭᠡᠨ ᠴᠠᠭᠠᠨ ︵ᠴᠠᠬᠢᠯᠭᠠᠨ ᠵᠠᠳᠠᠯᠤᠯ ᠤᠨ ᠬᠦᠩᠭᠡᠨᠴᠠᠭᠠᠨ︶ ᠤᠨ ᠭᠠᠷᠤᠯᠲᠠ 4.8% ᠪᠠᠷ ᠨᠡᠮᠡᠭᠳᠡᠵᠦ᠂ ᠬᠥᠩᠭᠡᠨ ᠴᠠᠭᠠᠨ ᠤ ᠮᠠᠲ᠋ᠧᠷᠢᠶᠠᠯ ᠤᠨ ᠭᠠᠷᠤᠯᠲᠠ 34.4% ᠪᠠᠷ ᠨᠡᠮᠡᠭᠳᠡᠪᠡ᠃ ᠦᠢᠯᠡᠳᠬᠦᠨ ᠤ ᠪᠣᠷᠣᠯᠠᠭᠤᠯᠤᠯᠲᠠ ᠶᠢᠨ ᠪᠠᠶᠢᠳᠠᠯ ᠰᠠᠶᠢᠨ ᠪᠠᠶᠢᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠪᠣᠷᠣᠯᠠᠭᠤᠯᠤᠯᠲᠠ ᠶᠢᠨ ᠨᠣᠷᠮ᠎ᠠ 96.7% ᠳᠤ ᠬᠥᠷᠪᠡ᠃      ᠠᠵᠤ ᠠᠬᠤᠶᠢᠯᠠᠯ ᠤᠨ ᠦᠷ᠎ᠡ ᠠᠰᠢᠭ ᠠᠴᠠ ᠠᠪᠴᠤ ᠦᠵᠡᠪᠡᠯ᠂ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠷ᠎ᠡ ᠠᠰᠢᠭ ᠤᠨ ᠢᠯᠡᠷᠡᠯ ᠰᠠᠶᠢᠵᠢᠷᠠᠬᠤ ᠬᠠᠨᠳᠤᠰᠢ ᠢᠯᠡᠷᠡᠵᠦ᠂ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ ᠡᠳᠦᠶ ᠲᠡᠳᠦᠶ ᠨᠡᠮᠡᠭᠳᠡᠵᠦ᠂ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢ 392.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2.9% ᠪᠠᠷ ᠨᠡᠮᠡᠭᠳᠡᠪᠡ᠃ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 29.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 47.7% ᠪᠠᠷ ᠨᠡᠮᠡᠭᠳᠡᠪᠡ᠃ ᠡᠳ᠋ ᠬᠥᠷᠥᠩᠭᠡ ᠶᠢᠨ ᠥᠷᠢᠲᠦᠯ ᠤᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 3.1 ᠵᠠᠭᠤᠨ ᠤ ᠴᠡᠭ ᠪᠠᠭᠤᠷᠠᠵᠤ᠂ ᠡᠷᠭᠢᠯᠲᠡ ᠶᠢᠨ ᠪᠠᠯᠠ ᠮᠥᠩᠭᠦ ᠶᠢᠨ ᠡᠷᠭᠢᠯᠲᠡ ᠶᠢᠨ ᠲᠤᠭ᠎ᠠ 0.15 ᠤᠳᠠᠭ᠎ᠠ ᠪᠠᠭᠠᠰᠴᠤ᠂ ᠥᠪᠡᠷ ᠤᠨ ᠥᠷᠲᠡᠭ ᠤᠨ ᠵᠠᠷᠤᠳᠠᠯ ᠤᠨ ᠠᠰᠢᠭ ᠬᠤᠨᠵᠢᠪᠣᠷᠢ ᠶᠢᠨ ᠨᠣᠷᠮ᠎ᠠ 2.6 ᠵᠠᠭᠤᠨ ᠤ ᠴᠡᠭ ᠨᠡᠮᠡᠭᠳᠡᠪᠡ᠃      ᠭᠤᠷᠪᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ      ᠲᠦᠷᠦᠭᠦᠤ ᠭᠤᠷᠪᠠᠨ ᠤᠯᠠᠷᠢᠯ ᠳᠤ᠂ ᠪᠥᠬᠦ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 4.1% ᠪᠠᠷ ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ 3.1 ᠵᠠᠭᠤᠨ ᠤ ᠴᠡᠭ ᠨᠡᠮᠡᠭᠳᠡᠪᠡ᠃ ᠨᠡᠮᠡᠭᠳᠡᠯ ᠤᠨ ᠬᠤᠷᠳᠤᠴᠠ ᠨᠢ ᠪᠥᠬᠦ ᠤᠯᠤᠰ ︵3.4%︶ ᠠᠴᠠ 0.7 ᠵᠠᠭᠤᠨ ᠤ ᠨᠢᠭᠡᠴᠢ ᠥᠨᠳᠥᠷ ᠪᠠᠶᠢᠵᠤ᠂ ᠲᠣᠰ ᠲᠣᠰ ᠥᠪᠡᠷᠲᠡᠭᠡᠨ ᠵᠠᠰᠠᠬᠤ ᠣᠷᠣᠨ ︵11%︶ ᠪᠠ ᠪᠥᠬᠦ ᠬᠤᠲᠠ ︵15.6︶ ᠠᠴᠠ ᠳᠣᠤᠷ᠎ᠠ ᠪᠣᠯᠪᠠ᠃      ᠳᠥᠷᠪᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ      ᠲᠦᠷᠦᠭᠦᠤ ᠭᠤᠷᠪᠠᠨ ᠤᠯᠠᠷᠢᠯ ᠳᠤ᠂ ᠪᠥᠬᠦ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 143.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.2% ᠢᠶᠠᠷ ᠨᠡᠮᠡᠭᠳᠡᠪᠡ᠃ ᠶᠡᠷᠦᠩᠬᠡᠶ ᠬᠡᠮᠵᠢᠶ᠎ᠡ ᠨᠢ ᠪᠥᠬᠦ ᠬᠤᠲᠠ ᠳᠤ ᠭᠤᠷᠪᠠᠳᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠭᠤᠷᠪᠠᠳᠤᠭᠠᠷ ᠲᠤ ᠣᠷᠣᠪᠠ᠃ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠤᠯᠤᠰ ︵3.3%︶᠂ ᠥᠪᠡᠷᠲᠡᠭᠡᠨ ᠵᠠᠰᠠᠬᠤ ᠣᠷᠣᠨ ︵3.4︶ ᠪᠠ ᠪᠥᠬᠦ ᠬᠤᠲᠠ ︵3.9︶ ᠠᠴᠠ 0.9᠂ 0.8 ᠪᠠ 0.3 ᠵᠠᠭᠤᠨ ᠤ ᠨᠢᠭᠡᠴᠢ ᠥᠨᠳᠥᠷ ᠪᠣᠯᠪᠠ᠃      ᠶᠡᠷᠦᠩᠬᠡᠶ ᠳᠤᠨᠢ ᠠᠪᠴᠤ ᠦᠵᠡᠪᠡᠯ᠂ ᠲᠦᠷᠦᠭᠦᠦ ᠭᠤᠷᠪᠠᠨ ᠤᠯᠠᠷᠢᠯ ᠳᠤ ᠪᠥᠬᠦ ᠲᠣᠭᠤᠷᠢᠭ ᠤᠨ ᠠᠵᠤ ᠠᠬᠤᠶ ᠶᠢᠨ ᠠᠵᠢᠯᠯᠠᠭᠠᠨ ᠲᠣᠭᠲᠠᠭᠤᠨ ᠤ ᠳᠤᠮᠳᠠ ᠠᠬᠢᠯᠲᠠ ᠲᠠᠢ ᠪᠣᠯᠵᠤ᠂ ᠭᠤᠣᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠴᠥᠮ ᠲᠣᠭᠲᠠᠭᠤᠨ ᠢᠶᠠᠷ ᠨᠡᠮᠡᠭᠳᠡᠪᠡ᠃ ᠳᠠᠷᠠᠭᠠᠴᠢ ᠶᠢᠨ ᠱᠠᠲᠤᠨ ᠳᠤ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠦᠷᠭᠦᠯᠵᠢᠯᠡᠨ ᠪᠠᠷᠢᠮᠲᠠᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠲᠣᠭᠲᠠᠪᠤᠷᠢᠵᠢᠭᠤᠯᠵᠤ᠂ ᠨᠡᠮᠡᠭᠳᠡᠯ ᠤᠨ ᠬᠡᠮᠵᠢᠶ᠎ᠡ ᠶᠢ ᠠᠳᠬᠤᠵᠤ᠂ ᠠᠵᠤ ᠠᠬᠤᠶᠢᠯᠠᠯ ᠤᠨ ᠪᠠᠶᠢᠳᠠᠯ ᠳᠤ ᠲᠣᠬᠢᠷᠠᠭᠤᠯᠵᠤ᠂ ᠤᠷᠢᠳᠠᠪᠠᠷ ᠬᠦᠴᠦᠯᠡᠵᠦ᠂ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠶᠢᠨ ᠰᠠᠶᠢᠨ ᠬᠥᠭᠵᠢᠯᠲᠡ ᠶᠢᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ ᠴᠢᠩᠭᠠᠳᠬᠠᠬᠤ ᠬᠡᠷᠡᠭᠲᠡᠢ᠃
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1