ᠳ᠋ᠦᠩ ᠾᠧ ᠲᠤᠭᠤᠷᠢᠭ ᠤᠨ ᠡᠳ᠋ ᠤᠨ ᠵᠠᠰᠠᠭ ᠤᠨ ᠲᠤᠪᠴᠢᠶ᠎ᠠ ᠶᠢᠨ ᠤᠳᠤᠷᠢᠳᠬᠤ ᠪᠠᠭ ᠤᠨ ᠬᠤᠪᠢᠳᠠᠨ | ᠬᠠᠮᠢᠶᠠᠷᠬᠤ ᠠᠵᠢᠯ ᠵᠢᠴᠢ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ | ᠭᠦᠸᠧ ᠵᠢᠶᠠᠨ ᠴᠢᠶᠠᠩ ︵ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠣᠪᠴᠢᠶᠠᠨ ᠳᠠᠷᠤᠭ᠎ᠠ︶ | ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠵᠠᠬᠢᠷᠭᠠᠨ ᠤ ᠪᠦᠬᠦ | ᠲᠠᠯ᠎ᠠ ᠶᠢᠨ ᠠᠵᠢᠯ᠂ ᠤᠯᠤᠰ ᠤᠨ ᠬᠥᠮᠥᠷᠭᠡ ᠶᠢᠨ ᠲᠠᠰᠤᠭ ᠢ ᠬᠤᠪᠢᠳᠠᠨ ᠬᠠᠮᠢᠶᠠᠷᠤᠨ᠎ᠠ᠃ | ᠰᠦ᠋ ᠯᠢᠩ ᠹᠧᠩ ︵ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠡᠳ᠋ ᠤᠨ ᠵᠠᠰᠠᠭ | ᠬᠢᠭᠡᠳ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ︶ | ᠭᠤᠣᠯ ᠤᠳᠤᠷᠢᠳᠤᠯᠭ᠎ᠠ ᠶᠢ ᠬᠠᠮᠵᠢᠨ ᠡᠳ᠋ ᠤᠨ ᠵᠠᠰᠠᠭ ᠬᠢᠭᠡᠳ ᠮᠥᠩᠭᠦᠨ ᠭᠦᠢᠯᠭᠡᠭᠡᠨ ᠤ ᠦᠢᠯᠡᠰ ᠤᠨ | ᠬᠥᠭᠵᠢᠯᠲᠡ ᠶᠢᠨ ᠲᠥᠪ ᠢ ᠬᠠᠮᠢᠶᠠᠷᠴᠤ᠂ ᠨᠡᠶᠢᠭᠡᠮ ᠤᠨ ᠪᠠᠲᠤᠯᠠᠭ᠎ᠠ ᠶᠢᠨ ᠲᠠᠰᠤᠭ ᠢ ᠬᠤᠪᠢᠳᠠᠨ ᠬᠠᠮᠢᠶᠠᠷᠤᠨ᠎ᠠ᠃ | ᠮᠧᠶ ᠷᠦᠩ ︵ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ | ᠳᠠᠷᠤᠭ᠎ᠠ︶ | ᠭᠤᠤᠯ ᠤᠳᠤᠷᠢᠳᠤᠯᠭ᠎ᠠ ᠶᠢ ᠬᠠᠪᠰᠤᠷᠤᠨ ᠲᠥᠰᠦᠪ ᠤᠨ ᠲᠠᠰᠤᠭ᠂ ᠵᠠᠰᠠᠭ ᠵᠠᠬᠢᠷᠭᠠᠨ ᠤ ᠤᠯᠤᠰ ᠲᠥᠷᠥ | ᠬᠠᠤᠯᠢ ᠴᠠᠭᠠᠵᠠ ᠶᠢᠨ ᠲᠠᠰᠤᠭ ᠢ ᠬᠤᠪᠢᠳᠠᠨ ᠬᠠᠮᠢᠶᠠᠷᠤᠨ᠎ᠠ᠃ | ᠵᠣᠣ ᠶᠠᠨ ᠴᠦᠨ ︵ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ | ᠲᠣᠪᠴᠢᠶᠠᠨ ᠳᠠᠷᠤᠭ᠎ᠠ︶ | ᠭᠤᠤᠯ ᠤᠳᠤᠷᠢᠳᠤᠯᠭ᠎ᠠ ᠶᠢ ᠬᠠᠪᠰᠤᠷᠤᠨ ᠥᠷᠢ ᠥᠭᠴᠡᠭᠡᠨ ᠤ ᠬᠠᠮᠢᠶᠠᠷᠤᠯᠲᠠ ᠶᠢᠨ ᠲᠠᠰᠤᠭ᠂ ᠤᠯᠤᠰ ᠤᠨ | ᠡᠳ᠋ ᠬᠥᠷᠥᠩᠭᠡ ᠶᠢᠨ ᠰᠲ᠋ᠣᠺ ᠢ ᠬᠤᠪᠢᠳᠠᠨ ᠬᠠᠮᠢᠶᠠᠷᠤᠨ᠎ᠠ᠃ | ᠯᠦ ᠭᠠᠩ ︵ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ︶ | ᠭᠤᠤᠯ ᠤᠳᠤᠷᠢᠳᠤᠯᠭ᠎ᠠ ᠶᠢ ᠬᠠᠮᠵᠢᠨ ᠡᠳ᠋ ᠤᠨ ᠵᠠᠰᠠᠭ ᠤᠨ ᠲᠤᠪᠴᠢᠶ᠎ᠠ ᠶᠢᠨ ᠶᠡᠷᠦᠩᠬᠡᠶᠢᠯᠡᠭᠰᠡᠨ | ᠪᠠᠳᠤᠯᠠᠭ᠎ᠠ ᠶᠢᠨ ᠲᠦᠪ᠂ ᠶᠡᠷᠦᠩᠬᠡᠶᠢᠯᠡᠭᠰᠡᠨ ᠠᠯᠪᠠᠨ ᠭᠡᠷ ᠢ ᠬᠤᠪᠢᠳᠠᠨ ᠬᠠᠮᠢᠶᠠᠷᠤᠨ᠎ᠠ | ᠰᠦᠨ ᠺᠠᠶ ︵ᠡᠳ᠋ ᠤᠨ ᠵᠠᠰᠠᠭ ᠬᠢᠭᠡᠳ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠪ ᠤᠨ | ᠳᠡᠳ᠋ ᠡᠷᠬᠢᠯᠡᠭᠴᠢ︶ | ᠭᠤᠣᠯ ᠤᠳᠤᠷᠢᠳᠤᠯᠭ᠎ᠠ ᠶᠢ ᠬᠠᠪᠰᠤᠷᠤᠨ ᠲᠠᠷᠢᠶᠠᠯᠠᠩ ᠬᠥᠳᠡᠭᠡ ᠲᠣᠰᠬᠤᠨ ᠤ ᠲᠠᠰᠤᠭ ᠢ ᠬᠤᠪᠢᠳᠠᠨ | ᠬᠠᠮᠢᠶᠠᠷᠤᠨ᠎ᠠ᠃ | ᠲᠢᠶᠠᠨ ᠢᠦᠢ ︵ᠳᠡᠳ᠋ ᠰᠠᠯᠠᠭᠠᠨ ᠳᠡᠰ ᠤᠨ ᠤᠳᠤᠷᠢᠳᠤᠯᠭ᠎ᠠ︶ | ᠭᠤᠣᠯ ᠤᠳᠤᠷᠢᠳᠤᠯᠭ᠎ᠠ ᠶᠢ ᠬᠠᠪᠰᠤᠷᠤᠨ ᠮᠥᠩᠭᠦᠨ ᠭᠦᠢᠯᠭᠡᠭᠡᠨ ᠤ ᠲᠠᠰᠤᠭ ᠢ ᠬᠤᠪᠢᠳᠠᠨ ᠬᠠᠮᠢᠶᠠᠷᠤᠨ᠎ᠠ᠃ | ᠳ᠋ᠦᠩ ᠾᠧ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠡᠭᠦᠷᠭᠡ ᠴᠢᠳᠠᠪᠤᠷᠢ ᠶᠢᠨ | ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ | ᠨᠢᠭᠡᠳᠦᠭᠡᠷ ᠵᠦᠢᠯ ᠳ᠋ᠦᠩ ᠾᠧ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠡᠭᠦᠷᠭᠡ | ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢ | ᠵᠢᠷᠤᠮᠵᠢᠭᠤᠯᠵᠤ᠂ ᠪᠠᠶᠢᠭᠤᠯᠤᠮᠵᠢ᠂ ᠡᠭᠦᠷᠭᠡ ᠴᠢᠳᠠᠪᠤᠷᠢ᠂ ᠡᠷᠬᠡ ᠶᠢᠨ ᠬᠢᠵᠠᠭᠠᠷ᠂ ᠳᠡᠰ ᠳᠠᠷᠠᠭᠠᠯᠠᠯ᠂ | ᠬᠠᠷᠢᠭᠤᠴᠠᠯᠭ᠎ᠠ ᠶᠢᠨ ᠬᠠᠤᠯᠢᠵᠢᠯ ᠢ ᠠᠬᠢᠭᠤᠯᠬᠤ ᠶᠢᠨ ᠲᠥᠯᠥᠭᠡ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ | ᠵᠠᠰᠠᠭ ᠤᠨ ᠣᠷᠳᠣᠨ ᠤ ᠵᠥᠪᠰᠢᠶᠡᠷᠡᠭᠰᠡᠨ ︽ᠳ᠋ᠦᠩ ᠾᠧ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠲᠥᠰᠦᠯ︾ ᠪᠠ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠮᠠᠯᠯᠠᠨ | ᠲᠠᠷᠬᠠᠭᠠᠭᠰᠠᠨ ︽ᠳ᠋ᠦᠩ ᠾᠧ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ | ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠥᠢᠯ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠪᠣᠯ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ ᠰᠠᠯᠠᠭᠠᠨ ᠤ ᠲᠠᠰ᠂ ᠲᠣᠭᠤᠷᠢᠭ ᠤᠨ | ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ | ᠫᠠᠶᠢᠰᠠ ᠶᠢ ᠨᠡᠮᠡᠵᠦ ᠡᠯᠭᠦᠨ᠎ᠡ᠃ | ᠭᠤᠷᠪᠠᠳᠤᠭᠠᠷ ᠵᠦᠢᠯ ᠤᠤᠯ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠥᠩᠭᠦᠨ | ᠭᠦᠢᠯᠭᠡᠭᠡᠨ ᠤ ᠠᠵᠢᠯ ᠤᠨ ᠠᠯᠪᠠᠨ ᠬᠡᠷ ᠬᠠᠷᠢᠶ᠎ᠠ ᠣᠷᠣᠨ ᠤ ᠪᠠᠨ ︽7 +4︾ ᠲᠥᠷᠥᠯ ᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠮᠥᠩᠭᠦᠨ ᠭᠦᠢᠯᠭᠡᠭᠡᠨ ᠤ ᠠᠵᠤ | ᠠᠬᠤᠶᠢᠯᠠᠯ ᠤᠨ ᠨᠠᠮ ᠤᠨ ᠪᠠᠶᠢᠭᠤᠯᠤᠯᠲᠠ᠂ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠮᠥᠩᠭᠦᠨ | ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠬᠠᠤᠯᠢ ᠪᠤᠰᠤ ᠮᠥᠩᠭᠦᠨ ᠭᠦᠢᠯᠭᠡᠭᠡᠨ ᠤ | ᠠᠵᠢᠯᠯᠠᠭ᠎ᠠ ᠳᠤ ᠴᠣᠬᠢᠯᠲᠠ ᠥᠭᠬᠦ ᠪᠠ ᠲᠦᠭᠰᠢᠭᠦᠷᠢ ᠶᠢ ᠰᠢᠢᠳᠪᠦᠷᠢᠯᠡᠬᠦ ᠵᠡᠷᠭᠡ ᠡᠭᠦᠷᠭᠡ ᠬᠠᠷᠢᠭᠤᠴᠠᠯᠭ᠎ᠠ ᠶᠢ | ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠬᠤᠪᠢᠶᠠᠷᠢᠯᠠᠨ ᠣᠷᠣᠭᠤᠯᠬᠤ ᠶᠢ ᠬᠠᠷᠢᠭᠤᠴᠠᠨ᠎ᠠ᠃ | ᠳᠥᠷᠪᠡᠳᠦᠭᠡᠷ ᠵᠦᠢᠯ ᠲᠣᠰ ᠲᠣᠭᠲᠠᠭᠠᠯ ᠳᠤ ᠲᠣᠭᠲᠠᠭᠠᠭᠰᠠᠨ ᠭᠤᠤᠯ ᠡᠭᠦᠷᠭᠡ ᠬᠠᠷᠢᠭᠤᠴᠠᠯᠭ᠎ᠠ᠂ | ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯᠲᠠᠨ ᠤ ᠣᠷᠣᠨ ᠲᠤᠭ᠎ᠠ ᠵᠡᠷᠭᠡ ᠪᠣᠯ ᠲᠤᠭᠤᠷᠢᠭ ᠤᠨ ᠡᠳ᠋ ᠤᠨ | ᠵᠠᠰᠠᠭ ᠤᠨ ᠲᠣᠪᠴᠢᠶ᠎ᠠ ᠶᠢᠨ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ᠂ ᠠᠵᠢᠯᠲᠠᠨ ᠤ | ᠲᠣᠬᠢᠷᠠᠭᠤᠯᠤᠯᠲᠠ ᠪᠠ ᠠᠵᠢᠯ ᠤᠨ ᠠᠵᠢᠯᠯᠠᠭᠠᠨ ᠤ ᠦᠨᠳᠦᠰᠦᠨ ᠦᠨᠳᠦᠰᠦᠯᠡᠯ ᠪᠣᠯᠤᠨ᠎ᠠ᠃ | ᠲᠠᠪᠤᠳᠤᠭᠠᠷ ᠵᠥᠢᠯ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ᠂ ᠮᠥᠩᠭᠦᠨ | ᠭᠥᠢᠯᠭᠡᠭᠡᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠬᠠᠶ | ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ | ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠬᠤ ᠶᠢ ᠡᠭᠦᠷᠭᠡ ᠬᠠᠷᠢᠭᠤᠴᠠᠯᠭ᠎ᠠ ᠪᠠᠨ ᠭᠥᠢᠴᠡᠳᠭᠡᠬᠦ ᠶᠠᠪᠤᠴᠠ ᠳᠤ ᠨᠠᠶᠢᠳᠠᠪᠤᠷᠢᠵᠢᠭᠤᠯᠵᠤ᠂ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ | ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ | ᠶᠠᠪᠤᠳᠠᠯ ᠳᠤ ᠡᠭᠦᠷᠭᠡ ᠴᠢᠳᠠᠪᠤᠷᠢ ᠪᠠᠨ ᠪᠠᠳᠠᠷᠠᠭᠤᠯᠬᠤ ᠬᠡᠷᠡᠭᠲᠡᠶ᠃ ᠭᠤᠤᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠲᠡᠭᠦᠨ ᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ | ᠲᠣᠭᠲᠠᠭᠠᠬᠤ᠂ ᠲᠥᠰᠦᠪ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ᠂ ᠪᠡᠯᠡ ᠮᠥᠩᠭᠦ ᠡᠳ᠋ ᠬᠦᠷᠦᠩᠭᠡ ᠶᠢᠨ | ᠬᠠᠮᠢᠶᠠᠷᠤᠯᠲᠠ᠂ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ᠂ | ᠥᠪᠡᠷᠲᠡᠭᠡᠨ ᠵᠠᠰᠠᠬᠤ ᠣᠷᠣᠨ ᠳᠤ ᠬᠠᠮᠵᠢᠯᠴᠠᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ | ᠡᠭᠦᠷᠭᠡ ᠴᠢᠳᠠᠪᠬᠢ ᠶᠢ ᠰᠠᠶᠢᠲᠤᠷ ᠬᠢᠬᠦ ᠪᠠᠶᠢᠭᠤᠯᠤᠮᠵᠢ ᠪᠣᠯᠤᠨ ᠣᠷᠣᠨ ᠨᠤᠲᠤᠭ ᠤᠨ ᠤᠯᠤᠰ ᠤᠨ ᠥᠮᠴᠢᠯᠡᠯ ᠤᠨ | ᠮᠥᠩᠭᠦᠨ ᠭᠦᠢᠯᠭᠡᠭᠡᠨ ᠤ ᠠᠵᠤ ᠠᠬᠤᠶᠢᠯᠠᠯ ᠪᠣᠯᠤᠨ ᠨᠡᠶᠢᠲᠡ ᠶᠢᠨ ᠥᠮᠴᠢᠯᠡᠯ ᠤᠨ ᠪᠤᠰᠤ ᠮᠥᠩᠭᠦᠨ ᠭᠦᠢᠯᠭᠡᠭᠡᠨ ᠤ | ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ | ᠬᠠᠮᠢᠶᠠᠷᠤᠯᠲᠠ᠂ ᠡᠳ᠋ ᠬᠦᠷᠦᠩᠭᠡ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠳᠤ ᠬᠢᠨᠠᠯᠲᠠ ᠲᠠᠯᠪᠢᠬᠤ᠂ | ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ | ᠬᠢᠵᠦ ᠲᠠᠬᠢᠨ ᠵᠣᠬᠢᠶᠠᠨ ᠪᠠᠶᠢᠭᠤᠯᠬᠤ᠂ ᠬᠢᠨᠠᠨ ᠬᠠᠮᠢᠶᠠᠷᠬᠤ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ᠂ ᠺᠠᠳ᠋ᠷ | ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠵᠢᠴᠢ ᠲᠤᠰ ᠪᠡᠶ᠎ᠡ ᠶᠢᠨ ᠪᠠᠶᠢᠭᠤᠯᠤᠯᠲᠠ ᠵᠡᠷᠭᠡ ᠪᠦᠬᠦ ᠶᠠᠪᠤᠴᠠ ᠶᠢᠨ | ᠡᠯ᠎ᠡ ᠲᠠᠯ᠎ᠠ ᠳᠤ ᠲᠤᠭᠤᠰᠢᠯᠠᠭᠤᠯᠪᠠ᠃ | ︵ᠬᠤᠶᠠᠷ︶ ᠳᠡᠭᠡᠳᠦ ᠱᠠᠲᠤᠨ ᠤ ᠡᠳ᠋ ᠤᠨ ᠵᠠᠰᠠᠭ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ | ᠪᠣᠳᠣᠯᠭ᠎ᠠ ᠪᠣᠯᠤᠨ ᠥᠭᠡᠷᠡᠴᠢᠯᠡᠯᠲᠡ ᠶᠢᠨ ᠲᠥᠰᠦᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠬᠤᠷᠸ᠎ᠠ ᠠᠵᠤ ᠠᠬᠤᠶ ᠶᠢᠨ ᠪᠠᠶᠢᠳᠠᠯ ᠢ ᠵᠠᠳᠠᠯᠤᠨ ᠰᠢᠨᠵᠢᠯᠡᠵᠦ᠂ ᠬᠤᠷᠸ᠎ᠠ ᠠᠵᠤ | ᠠᠬᠤᠶ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠡᠳ᠋ ᠤᠨ ᠵᠠᠰᠠᠭ | ᠭᠠᠶᠢᠯᠢ ᠶᠢᠨ ᠲᠥᠷᠥ ᠶᠢᠨ ᠪᠣᠳᠣᠯᠭ᠎ᠠ ᠶᠢ ᠬᠡᠷᠡᠭᠯᠡᠨ ᠬᠤᠷᠸ᠎ᠠ ᠲᠣᠬᠢᠷᠠᠭᠤᠯᠭ᠎ᠠ ᠡᠵᠡᠮᠳᠡᠯ ᠢ ᠬᠡᠷᠡᠭᠵᠢᠭᠦᠯᠬᠦ ᠪᠠ | ᠨᠡᠶᠢᠭᠡᠮ ᠤᠨ ᠡᠳ᠋ ᠤᠨ ᠬᠦᠴᠦᠨ ᠢ ᠶᠡᠷᠦᠩᠬᠡᠶᠢᠯᠡᠨ ᠲᠡᠩᠴᠡᠭᠦᠯᠬᠦ ᠰᠠᠨᠠᠭᠤᠯᠭ᠎ᠠ ᠶᠢ ᠳᠤᠷᠠᠳᠤᠨ᠎ᠠ᠃ ᠪᠤᠭᠤᠲᠤ ᠬᠤᠲᠠ | ᠬᠢᠭᠡᠳ ᠬᠤᠰᠢᠭᠤ ᠰᠢᠶᠠᠨ ᠲᠣᠭᠤᠷᠢᠭ᠂ ᠲᠣᠭᠤᠷᠢᠭ ᠤᠨ ᠵᠠᠰᠠᠭ ᠤᠨ ᠣᠷᠳᠣᠨ ᠬᠢᠭᠡᠳ ᠠᠵᠤ ᠠᠬᠤᠶᠢᠯᠠᠯ ᠤᠨ | ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠪᠠ ᠠᠷᠭ᠎ᠠ ᠶᠢᠨ ᠶᠣᠰᠣᠭᠠᠷ᠂ ᠨᠡᠶᠢᠲᠡ ᠶᠢᠨ ᠠᠰᠠᠷᠠᠮᠵᠢ ᠶᠢᠨ | ᠦᠢᠯᠡᠰ ᠤᠨ ᠬᠥᠭᠵᠢᠯᠲᠡ ᠶᠢ ᠵᠣᠷᠢᠭᠵᠢᠭᠤᠯᠬᠤ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠎ᠡ᠃ ᠳ᠋ᠦ᠋ᠩ ᠾᠧ ᠲᠤᠬᠤᠷᠢᠭ ᠤᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠲᠦ᠋ᠯᠬᠢᠨ ᠠᠬᠢᠭᠤᠯᠤᠨ᠎ᠠ᠃ | ︵ᠭᠤᠷᠪᠠ︶ ᠪᠦᠬᠦ ᠲᠣᠭᠤᠷᠢᠭ ᠤᠨ ᠡᠳ᠋ ᠤᠨ ᠵᠠᠰᠠᠭ᠂ ᠡᠳ᠋ ᠤᠨ ᠶᠠᠪᠤᠳᠠᠯ᠂ ᠨᠢᠭᠲᠠᠯᠠᠨ ᠪᠣᠳᠣᠬᠤ | ᠬᠠᠮᠢᠶᠠᠷᠤᠯᠲᠠ ᠶᠢᠨ ᠬᠠᠮᠢᠶ᠎ᠠ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠬᠤ ᠶᠢᠨ ᠬᠠᠮᠲᠤ | ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠲᠦᠷᠪᠡ︶ ᠬᠠᠮᠢᠶᠠᠷᠣᠯᠳᠠ ᠶᠢᠨ ᠲᠣᠭᠤᠷᠢᠭ ᠤᠨ ᠲᠣᠰ ᠱᠠᠳᠣᠨ ᠤ ᠡᠯ᠎ᠡ ᠲᠦᠷᠦᠯ ᠤᠨ ᠡᠳ᠋ ᠤᠨ | ᠵᠠᠰᠠᠭ ᠤᠨ ᠣᠷᠣᠯᠭ᠎ᠠ ᠵᠠᠷᠣᠯᠭ᠎ᠠ ᠶᠢ ᠬᠠᠷᠢᠭᠤᠴᠠᠨ᠎ᠠ᠃ ᠲᠣᠭᠤᠷᠢᠭ ᠤᠨ ᠲᠣᠰ ᠱᠠᠲᠤᠨ ᠤ ᠵᠢᠯ ᠤᠨ ᠲᠥᠰᠦᠪ ᠪᠠ | ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠡᠳ᠋ ᠤᠨ ᠵᠠᠰᠠᠭ ᠤᠨ ᠶᠠᠮᠤᠨ ᠤ ᠲᠣᠭᠲᠠᠭᠠᠭᠰᠠᠨ ᠲᠥᠰᠥᠪ ᠤᠨ ᠵᠠᠷᠤᠯᠭ᠎ᠠ ᠶᠢᠨ ᠪᠠᠷᠢᠮᠵᠢᠶ᠎ᠠ ᠶᠢ | ᠦᠨᠳᠦᠰᠦᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ ᠡᠳ᠋ ᠤᠨ ᠬᠦᠴᠦᠨ ᠤ ᠪᠠᠶᠢᠳᠠᠯ | ᠵᠡᠷᠭᠡ ᠲᠠᠢ ᠤᠶᠠᠯᠳᠤᠭᠤᠯᠤᠨ᠂ ᠲᠣᠭᠤᠷᠢᠭ ᠤᠨ ᠲᠣᠰ ᠱᠠᠲᠤᠨ ᠤ ᠲᠥᠰᠦᠪ ᠤᠨ ᠵᠠᠷᠤᠯᠭ᠎ᠠ ᠶᠢᠨ ᠪᠠᠷᠢᠮᠵᠢᠶ᠎ᠠ ᠶᠢ | ᠲᠣᠭᠲᠠᠭᠠᠵᠤ᠂ ᠰᠠᠯᠠᠭ᠎ᠠ ᠮᠥᠴᠢᠷ ︵ᠨᠢᠭᠡᠴᠢ︶ ᠤᠨ ᠵᠢᠯ ᠤᠨ ᠲᠥᠰᠦᠪ ᠪᠠ ᠲᠥᠰᠦᠪ ᠤᠨ ᠭᠦᠢᠴᠡᠳᠬᠡᠯ ᠢ ᠬᠢᠨᠠᠨ | ᠬᠠᠷᠭᠤᠭᠤᠯᠤᠨ᠎ᠠ᠃ ᠲᠣᠭᠤᠷᠢᠭ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠡᠳ᠋ ᠤᠨ ᠵᠠᠰᠠᠭ ᠤᠨ ᠲᠥᠰᠦᠪ᠂ | ᠬᠡᠷᠡᠭᠵᠢᠭᠦᠯᠦᠯᠲᠡ ᠪᠠ ᠲᠥᠰᠦᠪ ᠤᠨ ᠭᠦᠢᠴᠡᠳᠬᠡᠯ ᠵᠡᠷᠭᠡ ᠪᠠᠶᠢᠳᠠᠯ ᠢ ᠮᠡᠳᠡᠭᠦᠯᠦᠨ᠎ᠡ᠃ ᠵᠠᠰᠠᠭ ᠤᠨ ᠣᠷᠳᠣᠨ ᠤ | ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠲᠣᠭᠤᠷᠢᠭ ᠤᠨ ᠡᠳ᠋ ᠤᠨ ᠵᠠᠰᠠᠭ ᠤᠨ ᠪᠡᠯᠡ ᠭᠠᠷᠭᠠᠭᠰᠠᠨ ᠡᠳ᠋ | ᠬᠥᠷᠥᠩᠭᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠲᠤᠭᠤᠷᠢᠭ ᠤᠨ ᠲᠣᠰ ᠱᠠᠲᠤᠨ ᠤ ᠲᠥᠰᠦᠪ ᠪᠠ ᠲᠥᠰᠦᠪ ᠤᠨ | ᠭᠦᠢᠴᠡᠳᠬᠡᠯ ᠢ ᠢᠯᠡ ᠪᠣᠯᠭᠠᠬᠤ ᠶᠢ ᠬᠠᠷᠢᠭᠤᠴᠠᠨ᠎ᠠ᠃ ᠲᠣᠭᠤᠷᠢᠭ ᠤᠨ ᠡᠳ᠋ ᠤᠨ ᠵᠠᠰᠠᠭ ᠬᠢᠭᠡᠳ ᠬᠤᠲᠠ ᠶᠢᠨ | ᠡᠳ᠋ ᠤᠨ ᠵᠠᠰᠠᠭ ᠤᠨ ᠵᠢᠯ ᠤᠨ ᠡᠴᠦᠰ ᠤᠨ ᠳ᠋ᠦᠩᠨᠡᠨ ᠪᠣᠳᠣᠬᠤ ᠶᠠᠪᠤᠳᠠᠯ ᠢ ᠭᠦᠢᠴᠡᠳᠬᠡᠨ᠎ᠡ᠃ ᠣᠷᠣᠨ ᠨᠤᠲᠤᠭ ᠤᠨ | ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠲᠤᠬᠠᠢ ᠰᠠᠨᠠᠯ ᠪᠠ ᠰᠠᠨᠠᠭᠤᠯᠭ᠎ᠠ ᠳᠤᠷᠠᠳᠤᠨ᠎ᠠ᠃ | ︵ᠲᠠᠪᠤ︶ ᠠᠵᠢᠯ ᠤᠨ ᠬᠤᠪᠢᠶᠠᠷᠢᠯᠠᠯ ᠶᠣᠰᠣᠭᠠᠷ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ | ᠬᠠᠮᠢᠶᠠᠷᠤᠯᠲᠠ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠬᠠᠮᠢᠶᠠᠷᠤᠯᠲᠠ ᠶᠢ | ᠬᠠᠷᠢᠭᠤᠴᠠᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠶᠢ ᠲᠣᠭᠲᠠᠭᠠᠯ | ᠶᠣᠰᠣᠭᠠᠷ ᠬᠠᠮᠢᠶᠠᠷᠤᠨ᠎ᠠ᠃ ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠬᠠᠮᠢᠶᠠᠷᠤᠨ᠎ᠠ᠃ | ︵ᠵᠢᠷᠭᠤᠭ᠎ᠠ︶ ᠪᠦᠬᠦ ᠬᠤᠲᠠ ᠶᠢᠨ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ᠂ ᠤᠯᠤᠰ ᠤᠨ | ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ | ᠲᠣᠭᠤᠷᠢᠭ ᠤᠨ ᠤᠯᠤᠰ ᠤᠨ ᠬᠥᠮᠥᠷᠭᠡ ᠶᠢᠨ ᠲᠤᠬᠠᠶᠢᠯᠠᠭᠰᠠᠨ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ | ᠤᠯᠤᠰ ᠤᠨ ᠬᠥᠮᠥᠷᠭᠡ ᠶᠢᠨ ᠪᠡᠯᠡᠨ ᠵᠣᠭᠤᠰ ᠤᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ᠃ ᠵᠠᠰᠠᠭ ᠤᠨ | ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠷᠭ᠎ᠠ ᠶᠢᠨ ᠶᠣᠰᠣᠭᠠᠷ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠠᠮᠢᠶᠠᠷᠤᠨ᠎ᠠ᠃ | ︵ᠳᠤᠯᠤᠭ᠎ᠠ︶ ᠤᠯᠤᠰ ᠤᠨ ᠵᠠᠰᠠᠭ ᠤᠨ ᠣᠷᠳᠣᠨ ᠤ ᠤᠯᠤᠰ ᠤᠨ ᠳᠣᠲᠣᠭᠠᠳᠤ ᠶᠢᠨ ᠥᠷᠢ ᠥᠭᠴᠡᠭᠡ ᠶᠢᠨ | ᠬᠠᠮᠢᠶᠠᠷᠤᠯᠲᠠ ᠶᠢᠨ ᠲᠤᠬᠠᠶ ᠳᠦᠷᠢᠮ ᠪᠠ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ | ᠲᠣᠭᠤᠷᠢᠭ ᠤᠨ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠪᠣᠯᠤᠨ | ᠠᠷᠭ᠎ᠠ ᠶᠢ ᠬᠠᠤᠯᠢ ᠶᠣᠰᠣᠭᠠᠷ ᠲᠤᠭᠤᠷᠪᠢᠨ ᠲᠣᠭᠲᠠᠭᠠᠨ᠎ᠠ᠃ ᠵᠠᠰᠠᠭ ᠤᠨ ᠣᠷᠳᠣᠨ ᠤ ᠴᠢᠨᠠᠷᠲᠠᠶ ᠥᠷᠢ | ᠥᠭᠴᠡᠭᠡ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠬᠢᠵᠠᠭᠠᠷ ᠲᠤᠭ᠎ᠠ ᠪᠠᠷ ᠬᠠᠮᠢᠶᠠᠷᠬᠤ ᠶᠢ ᠬᠠᠷᠢᠭᠤᠴᠠᠨ᠎ᠠ᠃ | ᠵᠠᠰᠠᠭ ᠤᠨ ᠣᠷᠳᠣᠨ ᠤ ᠭᠠᠳᠠᠭᠠᠳᠤ ᠵᠢᠭᠡᠯᠡᠯᠭᠡ ᠶᠢᠨ ᠬᠠᠮᠢᠶ᠎ᠠ ᠪᠦᠬᠦᠢ ᠠᠵᠢᠯ ᠢ ᠨᠢᠭᠡᠳᠦᠯᠲᠡᠶ ᠬᠠᠮᠢᠶᠠᠷᠬᠤ ᠶᠢ | ᠬᠠᠷᠢᠭᠤᠴᠠᠨ᠎ᠠ᠃ | ︵ᠨᠠᠢᠮᠠ︶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ | ᠮᠡᠳᠡᠭᠦᠯᠦᠯᠲᠡ ᠶᠢ ᠲᠦᠷᠦᠭᠦᠯᠡᠨ ᠨᠠᠶᠢᠷᠠᠭᠤᠯᠤᠨ ᠵᠣᠬᠢᠶᠠᠨ᠎ᠠ᠃ ᠲᠤᠭᠤᠷᠢᠭ ᠤᠨ ᠵᠠᠰᠠᠭ ᠤᠨ ᠣᠷᠳᠣᠨ ᠤ ᠡᠷᠬᠡ | ᠣᠯᠭᠤᠯᠲᠠ ᠶᠢ ᠦᠨᠳᠦᠰᠦᠯᠡᠨ᠂ ᠲᠤᠭᠤᠷᠢᠭ ᠤᠨ ᠲᠣᠰ ᠱᠠᠲᠤᠨ ᠤ ᠤᠯᠤᠰ ᠤᠨ ᠥᠮᠴᠢᠯᠡᠯᠲᠦ ᠮᠥᠩᠭᠦᠨ | ᠭᠦᠢᠯᠭᠡᠭᠡᠨ ᠤ ᠬᠥᠷᠥᠩᠭᠡ ᠶᠢᠨ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠲᠥᠪᠯᠡᠷᠡᠭᠦᠯᠦᠨ ᠨᠢᠭᠡᠳᠦᠯᠲᠡᠶ | ᠭᠦᠢᠴᠡᠳᠬᠡᠵᠦ᠂ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠮᠡᠳᠡᠭᠦᠯᠬᠦ ᠲᠦᠷᠢᠮ ᠢ | ᠪᠠᠶᠢᠭᠤᠯᠤᠨ᠎ᠠ᠃ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ | ᠲᠣᠭᠲᠠᠭᠠᠯ ᠪᠣᠯᠤᠨ ᠡᠳ᠋ ᠤᠨ ᠵᠠᠰᠠᠭ ᠬᠢᠭᠡᠳ ᠮᠥᠩᠭᠦᠨ ᠭᠦᠢᠯᠭᠡᠭᠡᠨ ᠤ ᠵᠣᠬᠢᠴᠠᠯᠳᠤᠨ ᠬᠠᠮᠵᠢᠯᠴᠠᠬᠤ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠵᠠᠰᠠᠭ ᠤᠨ ᠣᠷᠳᠣᠨ ᠪᠣᠯᠤᠨ ᠨᠡᠶᠢᠭᠡᠮ ᠤᠨ | ᠬᠥᠷᠥᠩᠭᠡ ᠶᠢᠨ ᠬᠠᠮᠲᠤᠷᠠᠯᠴᠠᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭ᠎ᠠ ᠠᠵᠢᠯ | ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ | ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠭᠲᠠᠭᠠᠯ | ᠶᠣᠰᠣᠭᠠᠷ ᠬᠠᠮᠢᠶᠠᠷᠤᠯᠲᠠ ᠶᠢᠨ ᠣᠷᠣᠨ ᠤ ᠲᠤᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ | ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠠᠮᠢᠶᠠᠷᠤᠨ᠎ᠠ᠃ | ︵ᠶᠢᠰᠦ︶ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ | ᠡᠭᠦᠷᠭᠡᠯᠡᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ | ᠭᠦᠢᠴᠡᠳᠬᠡᠬᠦ ᠲᠣᠭᠠᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠨ ᠰᠢᠯᠭᠠᠬᠤ ᠪᠠᠷᠢᠮᠵᠢᠶ᠎ᠠ ᠪᠣᠯᠤᠨ | ᠠᠷᠭ᠎ᠠ ᠬᠡᠮᠵᠢᠶ᠎ᠡ ᠠᠷᠭ᠎ᠠ ᠶᠢ ᠲᠣᠭᠲᠠᠭᠠᠨ᠂ ᠪᠦᠷᠢᠳᠬᠡᠬᠦ᠂ ᠲᠤᠯᠭᠠᠨ ᠪᠣᠳᠣᠬᠤ ᠪᠠᠷ ᠳᠠᠮᠵᠢᠭᠤᠯᠤᠨ ᠬᠢᠨᠠᠨ ᠬᠠᠮᠢᠶᠠᠷᠴᠤ | ᠪᠠᠶᠢᠭ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ | ᠨᠡᠮᠡᠭᠳᠡᠭᠦᠯᠵᠦ ᠪᠠᠶᠢᠭ᠎ᠠ ᠪᠠᠶᠢᠳᠠᠯ ᠳᠤ ᠬᠢᠨᠠᠨ ᠬᠠᠮᠢᠶᠠᠷᠤᠯᠲᠠ ᠬᠢᠬᠦ ᠬᠡᠷᠡᠭᠲᠡᠶ᠃ ᠤᠯᠤᠰ ᠤᠨ ᠥᠮᠴᠢᠯᠡᠯᠲᠦ ᠡᠳ᠋ | ᠬᠥᠷᠥᠩᠭᠡ ᠲᠠᠢ ᠬᠤᠯᠪᠣᠭᠳᠠᠬᠤ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ | ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠬᠤ ᠳᠦᠷᠢᠮ ᠲᠣᠭᠲᠠᠭᠠᠬᠤ ᠠᠵᠢᠯ ᠢ ᠬᠠᠷᠢᠭᠤᠴᠠᠵᠤ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠥᠭᠡᠷᠡᠴᠢᠯᠡᠯᠲᠡ ᠶᠢ | ᠳᠡᠮᠵᠢᠬᠦ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ | ᠮᠥᠩᠭᠦᠨ ᠭᠦᠢᠯᠭᠡᠭᠡᠨ ᠤ ᠲᠥᠷᠥᠯ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ | ᠲᠣᠭᠲᠠᠭᠠᠯ ᠶᠣᠰᠣᠭᠠᠷ ᠬᠠᠮᠢᠶᠠᠷᠤᠨ᠎ᠠ᠃ ᠲᠤᠭᠤᠷᠢᠭ ᠤᠨ ᠲᠣᠰ ᠱᠠᠲᠤᠨ ᠤ ᠰᠢᠭᠤᠳ ᠬᠠᠷᠢᠶ᠎ᠠ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ | ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ | ᠣᠯᠵᠠᠪᠤᠷᠢ ᠶᠢ ᠬᠢᠨᠠᠨ ᠲᠤᠰᠢᠶᠠᠬᠤ ᠶᠢ ᠬᠠᠷᠢᠭᠤᠴᠠᠨ᠎ᠠ᠃ | ︵ᠠᠷᠪᠠ︶ ᠪᠦᠬᠦ ᠲᠣᠭᠤᠷᠢᠭ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ | ᠪᠠ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ | ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠨ᠎ᠠ᠃ ᠤᠯᠤᠰ ᠤᠨ ᠥᠮᠴᠢᠯᠡᠯᠲᠦ ᠬᠥᠷᠥᠩᠭᠡ ᠶᠢ ᠡᠵᠡᠩᠨᠡᠬᠦ ᠲᠥᠰᠦᠪ ᠤᠨ | ᠳᠦᠷᠢᠮ ᠪᠣᠯᠤᠨ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠭᠤᠷᠢᠭ ᠤᠨ ᠲᠤᠰ ᠱᠠᠲᠤᠨ ᠤ ᠠᠵᠤ | ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠯᠵᠠᠪᠤᠷᠢ ᠶᠢ ᠬᠤᠷᠢᠶᠠᠨ᠎ᠠ᠃ ᠠᠵᠤ | ᠠᠬᠤᠶᠢᠯᠠᠯ ᠤᠨ ᠡᠳ᠋ ᠤᠨ ᠶᠠᠪᠤᠳᠠᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠨᠢᠭᠡ︶ ᠪᠦᠬᠦ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ | ᠪᠠ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠤᠨ | ᠵᠣᠬᠢᠶᠠᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠯᠪᠣᠭᠳᠠᠯ ᠪᠦᠬᠦᠢ ᠪᠡᠯᠡ | ᠮᠥᠩᠭᠦ ︵ᠰᠠᠭᠤᠷᠢ ᠮᠥᠩᠭᠦ ᠶᠢ ᠲᠤᠭᠤᠷᠪᠢᠨ ᠲᠣᠭᠲᠠᠭᠠᠬᠤ︶︶ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ | ᠲᠦᠷᠢᠮ ᠨᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠡᠳ᠋ ᠤᠨ ᠵᠠᠰᠠᠭ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ︵ᠠᠷᠪᠠᠨ ᠬᠤᠶᠠᠷ︶ ᠳ᠋ᠦᠩ ᠾᠧ ᠲᠣᠭᠤᠷᠢᠭ ᠤᠨ ᠡᠳ᠋ ᠤᠨ ᠵᠠᠰᠠᠭ ᠤᠨ ᠠᠵᠤ ᠠᠬᠤᠢ ᠶᠢᠨ | ᠬᠥᠭᠵᠢᠯᠲᠡ ᠶᠢᠨ ᠵᠠᠷᠤᠯᠭ᠎ᠠ ᠵᠢᠴᠢ ᠲᠥᠪ ᠪᠠ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠣᠯᠣᠨ ᠳ᠋ᠦᠩ | ᠾᠧ ᠲᠣᠭᠤᠷᠢᠭ ᠤᠨ ᠵᠠᠰᠠᠭ ᠤᠨ ᠣᠷᠳᠣᠨ ᠤ ᠴᠢᠨᠠᠷᠲᠠᠢ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠳ᠋ ᠤᠨ | ᠵᠠᠰᠠᠭ ᠠᠴᠠ ᠵᠣᠭᠤᠰ ᠰᠠᠯᠭᠠᠨ ᠥᠭᠬᠦ ᠶᠢ ᠬᠠᠷᠢᠭᠤᠴᠠᠨ ᠭᠦᠢᠴᠡᠳᠬᠡᠵᠦ᠂ ᠳ᠋ᠦᠩ ᠾᠧ ᠲᠣᠭᠤᠷᠢᠭ ᠤᠨ ᠦᠨᠳᠦᠰᠦᠨ | ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠲᠣᠭᠲᠠᠭᠠᠬᠤ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ ᠳᠤ ᠣᠷᠣᠯᠴᠠᠵᠤ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠳᠦᠷᠢᠮ ᠢ | ᠲᠣᠭᠲᠠᠭᠠᠨ᠎ᠠ᠃ | ︵ᠠᠷᠪᠠᠨ ᠭᠤᠷᠪᠠ︶ ᠪᠦᠬᠦ ᠲᠣᠭᠤᠷᠢᠭ ᠤᠨ ᠨᠢᠭᠲᠠᠯᠠᠨ ᠪᠣᠳᠣᠬᠤ ᠠᠵᠢᠯ ᠢ ᠬᠠᠷᠢᠭᠤᠴᠠᠨ ᠬᠠᠮᠢᠶᠠᠷᠴᠤ᠂ | ᠨᠢᠭᠲᠠᠯᠠᠨ ᠪᠣᠳᠣᠬᠤ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠵᠢᠷᠤᠮᠵᠢᠭᠤᠯᠤᠨ᠎ᠠ᠃ ᠣᠷᠣᠯᠠᠨ ᠳᠠᠩᠰᠠ ᠲᠡᠮᠳᠡᠭᠯᠡᠬᠦ | ᠪᠠᠶᠢᠭᠤᠯᠤᠮᠵᠢ ᠶᠢᠨ ᠬᠢᠨᠠᠯᠲᠠ ᠲᠠᠯᠪᠢᠬᠤ᠂ ᠪᠠᠶᠢᠴᠠᠭᠠᠬᠤ᠂ ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠠᠷᠪᠠᠨ ᠳᠥᠷᠪᠡᠳᠦᠭᠡᠷ︶ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠬᠠᠤᠯᠢ ᠴᠠᠭᠠᠵᠠ ᠬᠠᠤᠯᠢ | ᠲᠣᠭᠲᠠᠭᠠᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠬᠤ ᠶᠢ | ᠬᠠᠷᠢᠭᠤᠴᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠳᠤᠮᠳᠠᠬᠢ ᠴᠢᠬᠤᠯᠠ ᠶᠡᠭᠡ | ᠠᠰᠠᠭᠤᠳᠠᠯ ᠢ ᠲᠤᠰᠬᠠᠨ᠎ᠠ᠃ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ | ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠳᠣᠲᠣᠭᠠᠳᠤ ᠶᠢᠨ ᠡᠵᠡᠮᠳᠡᠯ ᠢᠶᠠᠨ ᠬᠢᠨᠠᠨ | ᠵᠢᠯᠣᠭᠤᠳᠬᠤ ᠪᠠ ᠵᠢᠷᠤᠮᠵᠢᠭᠤᠯᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠦᠷᠦ ᠶᠢᠨ | ᠪᠤᠳᠤᠯᠭ᠎ᠠ ᠪᠠ ᠰᠠᠨᠠᠭᠤᠯᠭ᠎ᠠ ᠳᠤᠷᠠᠳᠤᠨ᠎ᠠ᠃ | ︵ᠠᠷᠪᠠᠨ ᠲᠠᠪᠤ︶ ᠪᠦᠬᠦ ᠲᠣᠭᠤᠷᠢᠭ ᠤᠨ ᠮᠥᠩᠭᠦᠨ ᠭᠦᠢᠯᠭᠡᠭᠡᠨ ᠤ ᠬᠥᠭᠵᠢᠯᠲᠡ ᠬᠢᠭᠡᠳ ᠠᠮᠤᠷ | ᠲᠦᠪᠰᠢᠨ ᠢ ᠨᠢᠭᠡᠳᠦᠯᠲᠡᠶ ᠲᠥᠯᠥᠪᠵᠢᠭᠦᠯᠬᠦ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ | ᠴᠢᠩᠭᠠᠳᠬᠠᠬᠤ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠳ᠋ᠦᠩ ᠾᠧ ᠲᠣᠭᠤᠷᠢᠭ ᠤᠨ ᠮᠥᠩᠭᠦᠨ ᠭᠦᠢᠯᠭᠡᠭᠡᠨ ᠤ | ᠬᠦᠷᠢᠶᠡᠨ ᠳᠠᠬᠢ ᠴᠢᠬᠤᠯᠠ ᠶᠡᠭᠡ ᠲᠥᠯᠥᠪᠵᠢᠭᠦᠯᠭᠡ᠂ ᠴᠢᠬᠤᠯᠠ ᠶᠡᠭᠡ ᠲᠦᠷᠦ ᠶᠢᠨ ᠪᠤᠳᠤᠯᠭ᠎ᠠ᠂ ᠴᠢᠬᠤᠯᠠ ᠶᠡᠭᠡ | ᠠᠰᠠᠭᠤᠳᠠᠯ ᠵᠡᠷᠭᠡ ᠶᠢᠨ ᠰᠤᠳᠤᠯᠭᠠᠨ ᠢ ᠲᠦᠷᠦᠭᠦᠯᠡᠨ ᠥᠷᠨᠢᠭᠦᠯᠦᠨ᠎ᠡ᠃ | ︵ᠠᠷᠪᠠᠨ ᠵᠢᠷᠭᠤᠭ᠎ᠠ︶ ᠮᠥᠩᠭᠦᠨ ᠭᠦᠢᠯᠭᠡᠭᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠵᠤ᠂ | ᠬᠠᠮᠢᠶ᠎ᠠ ᠪᠦᠬᠦᠢ ᠣᠷᠣᠨ ᠨᠤᠲᠤᠭ ᠤᠨ ᠬᠠᠤᠯᠢ ᠲᠣᠭᠲᠠᠭᠠᠬᠤ ᠶᠢ ᠰᠤᠳᠤᠯᠵᠤ ᠦᠨᠡᠯᠡᠨ ᠵᠢᠱᠢᠬᠦ ᠪᠠ ᠵᠣᠬᠢᠴᠠᠭᠤᠯᠤᠨ | ᠠᠬᠢᠭᠤᠯᠬᠤ ᠠᠵᠢᠯ ᠢ ᠬᠠᠮᠵᠢᠯᠴᠠᠨ ᠰᠠᠶᠢᠲᠤᠷ ᠬᠢᠨ᠎ᠡ᠃ ᠪᠤᠭᠤᠲᠤ ᠬᠤᠲᠠ ᠶᠢᠨ ᠮᠥᠩᠭᠦᠨ ᠭᠦᠢᠯᠭᠡᠭᠡᠨ ᠤ | ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠡᠭᠦᠷᠭᠡᠯᠡᠵᠦ ᠪᠠᠶᠢᠭ᠎ᠠ ᠪᠠᠶᠢᠭᠤᠯᠤᠮᠵᠢ ᠶᠢᠨ ᠬᠠᠤᠯᠢ ᠶᠣᠰᠣᠭᠠᠷ ᠵᠠᠰᠠᠭ | ᠶᠠᠪᠤᠭᠤᠯᠬᠤ ᠴᠢᠳᠠᠪᠤᠷᠢ ᠶᠢᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ | ︵ᠠᠷᠪᠠᠨ ᠳᠣᠯᠤᠭ᠎ᠠ︶ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠬᠢᠭᠡᠳ ᠬᠠᠮᠢᠶ᠎ᠠ ᠪᠦᠬᠦᠢ ᠡᠳ᠋ ᠤᠨ | ᠵᠠᠰᠠᠭ ᠤᠨ ᠲᠥᠷᠥ ᠶᠢᠨ ᠪᠣᠳᠣᠯᠭ᠎ᠠ᠂ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠨᠡᠶᠢᠭᠡᠮ ᠤᠨ ᠲᠥᠷᠥ ᠶᠢᠨ | ᠪᠣᠳᠣᠯᠭ᠎ᠠ ᠯᠤᠭ᠎ᠠ ᠵᠣᠬᠢᠴᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠨ᠎ᠡ᠃ ᠲᠥᠪ ᠪᠠ ᠥᠪᠡᠷᠲᠡᠭᠡᠨ | ᠵᠠᠰᠠᠬᠤ ᠣᠷᠣᠨ ᠵᠢᠴᠢ ᠬᠤᠲᠠ ᠶᠢᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠮᠠᠨ ᠤ ᠲᠣᠭᠤᠷᠢᠭ ᠲᠤ ᠰᠠᠭᠤᠭ᠎ᠠ ᠬᠤᠪᠢᠶᠠᠷᠢ ᠰᠠᠯᠪᠤᠷᠢ ᠪᠠᠶᠢᠭᠤᠯᠤᠮᠵᠢ ᠯᠤᠭ᠎ᠠ | ᠨᠡᠪᠲᠡᠷᠡᠯᠴᠡᠨ ᠵᠣᠬᠢᠴᠠᠭᠤᠯᠬᠤ ᠶᠢ ᠴᠢᠩᠭᠠᠳᠬᠠᠨ᠎ᠠ᠃ ᠮᠥᠩᠭᠦᠨ ᠭᠦᠢᠯᠭᠡᠭᠡᠨ ᠤ ᠭᠠᠳᠠᠭᠠᠳᠤ ᠯᠤᠭ᠎ᠠ ᠶᠢᠨ ᠰᠣᠯᠢᠯᠴᠠᠭ᠎ᠠ | ᠬᠠᠮᠲᠤᠷᠠᠯᠴᠠᠭ᠎ᠠ ᠶᠢ ᠥᠷᠨᠢᠭᠦᠯᠦᠨ᠎ᠡ᠃ | ︵ᠠᠷᠪᠠᠨ ᠨᠠᠶᠢᠮᠠ︶ ᠪᠦᠬᠦ ᠲᠣᠭᠤᠷᠢᠭ ᠤᠨ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ | ᠬᠥᠷᠥᠩᠭᠡ ᠶᠢ ᠬᠠᠮᠢᠶᠠᠷᠴᠤ ᠡᠵᠡᠩᠨᠡᠬᠦ ᠶᠢ ᠨᠢᠭᠡᠳᠦᠯᠲᠡᠶ ᠲᠥᠯᠥᠪᠯᠡᠬᠦ᠂ ᠤᠯᠤᠰ ᠤᠨ ᠥᠮᠴᠢᠯᠡᠯᠲᠦ ᠮᠥᠩᠭᠦᠨ | ᠭᠦᠢᠯᠭᠡᠭᠡᠨ ᠤ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠠᠬᠢᠭᠤᠯᠬᠤ ᠰᠠᠨᠠᠭᠤᠯᠭ᠎ᠠ ᠶᠢ | ᠰᠤᠳᠤᠯᠤᠨ ᠳᠤᠷᠠᠳᠤᠨ᠎ᠠ᠃ | ︵ᠠᠷᠪᠠ ᠶᠢᠰᠦ︶ ᠪᠦᠬᠦ ᠲᠣᠭᠤᠷᠢᠭ ᠤᠨ ᠮᠥᠩᠭᠦᠨ ᠭᠦᠢᠯᠭᠡᠭᠡᠨ ᠤ ᠪᠠᠶᠢᠳᠠᠯ ᠤᠨ ᠵᠠᠳᠠᠯᠤᠯᠲᠠ ᠶᠢ | ᠥᠷᠨᠢᠭᠦᠯᠦᠨ᠎ᠡ᠃ ᠬᠠᠷᠢᠶ᠎ᠠ ᠭᠠᠵᠠᠷ ᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ | ᠲᠥᠰᠦᠯ ᠢ ᠲᠦᠷᠦᠭᠦᠯᠡᠨ ᠰᠤᠳᠤᠯᠵᠤ᠂ ᠬᠠᠷᠢᠶ᠎ᠠ ᠭᠠᠵᠠᠷ ᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ | ᠰᠢᠢᠳᠪᠦᠷᠢᠯᠡᠬᠦ ᠶᠢ ᠵᠣᠬᠢᠴᠠᠭᠤᠯᠬᠤ᠂ ᠰᠢᠮᠳᠠᠭᠤᠯᠬᠤ᠂ ᠨᠠᠶᠢᠳᠠᠪᠤᠷᠢᠵᠢᠭᠤᠯᠬᠤ ᠵᠡᠷᠭᠡ ᠠᠵᠢᠯ ᠢ ᠰᠠᠶᠢᠲᠤᠷ ᠬᠢᠨ᠎ᠡ᠃ | ᠲᠥᠪ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠳᠠᠭᠠᠭᠠᠴᠢᠯᠠᠯᠲᠠ ᠳᠤ ᠰᠠᠭᠤᠭ᠎ᠠ | ᠪᠠᠶᠢᠭᠤᠯᠤᠮᠵᠢ ᠯᠤᠭ᠎ᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ᠂ | ᠲᠦᠭᠰᠢᠭᠦᠷᠢ ᠶᠢ ᠰᠢᠢᠳᠪᠦᠷᠢᠯᠡᠬᠦ ᠵᠡᠷᠭᠡ ᠲᠠᠯ᠎ᠠ ᠪᠠᠷ ᠬᠢ ᠬᠠᠮᠵᠢᠯᠴᠠᠨ ᠬᠠᠮᠲᠤᠷᠠᠯᠴᠠᠬᠤ ᠶᠢ ᠭᠦᠨᠵᠡᠭᠡᠶᠢᠷᠡᠭᠦᠯᠦᠨ᠎ᠡ᠃ | ᠲᠣᠭᠲᠠᠭᠤᠨ ᠴᠢᠨᠠᠷᠲᠠᠢ ᠰᠠᠭᠤᠷᠢ ᠮᠥᠩᠭᠦ ᠶᠢ ᠬᠠᠮᠢᠶᠠᠷᠤᠨ ᠬᠡᠷᠡᠭᠯᠡᠬᠦ ᠲᠤᠬᠠᠢ ᠰᠠᠨᠠᠭᠤᠯᠭ᠎ᠠ ᠶᠢ ᠰᠤᠳᠤᠯᠤᠨ | ᠳᠤᠷᠠᠳᠤᠨ᠎ᠠ᠃ | ︵ᠬᠤᠷᠢ︶ ᠪᠤᠭᠤᠲᠤ ᠬᠤᠲᠠ ᠶᠢᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ | ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠪᠥᠬᠦ ᠲᠣᠭᠤᠷᠢᠭ ᠤᠨ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ | ᠺᠣᠮᠫᠠᠨᠢ᠂ ᠣᠷᠣᠨ ᠪᠦᠰᠡ ᠶᠢᠨ ᠴᠢᠨᠠᠷᠲᠠᠶ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ᠂ ᠳᠡᠨᠵᠢ ᠶᠢᠨ ᠪᠠᠩᠬᠢ᠂ ᠪᠠᠯᠠ | ᠲᠣᠬᠢᠷᠠᠭᠤᠯᠭ᠎ᠠ ᠶᠢᠨ ᠲᠦᠷᠢᠶᠡᠰᠦᠯᠡᠬᠦ ᠺᠣᠮᠫᠠᠨᠢ᠂ ᠬᠤᠳᠠᠯᠳᠤᠭᠠᠨ ᠤ ᠬᠠᠳᠠᠭᠠᠯᠠᠨ ᠬᠠᠮᠢᠶᠠᠷᠬᠤ ᠺᠣᠮᠫᠠᠨᠢ᠂ ᠣᠷᠣᠨ | ᠨᠤᠲᠤᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ᠂ ᠪᠠᠯᠠ ᠣᠷᠣᠭᠤᠯᠤᠯᠲᠠ ᠶᠢᠨ ᠺᠣᠮᠫᠠᠨᠢ᠂ | ᠢᠲᠡᠭᠡᠮᠵᠢ ᠪᠠᠷ ᠬᠠᠷᠢᠯᠴᠠᠨ ᠬᠠᠪᠰᠤᠷᠤᠯᠴᠠᠬᠤ ᠮᠠᠯᠴᠢᠨ ᠲᠠᠷᠢᠶᠠᠴᠢᠨ ᠤ ᠲᠤᠰᠬᠠᠶ ᠬᠤᠷᠰᠢᠶ᠎ᠠ᠂ ᠨᠡᠶᠢᠭᠡᠮ ᠤᠨ | ᠣᠯᠠᠨ ᠢᠶᠠᠷ ᠢᠶᠠᠨ ᠪᠡᠯᠡᠳᠬᠡᠭᠰᠡᠨ ᠪᠠᠶᠢᠭᠤᠯᠤᠮᠵᠢ᠂ ᠣᠷᠣᠨ ᠨᠤᠲᠤᠭ ᠤᠨ ᠡᠷᠬᠡ ᠠᠰᠢᠭ ᠤᠨ ᠲᠥᠷᠥᠯ ᠤᠨ | ᠠᠷᠠᠯᠵᠢᠶᠠᠨ ᠤ ᠲᠠᠯᠠᠪᠤᠷ ᠭᠠᠵᠠᠷ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠠ᠃ | ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃ | ︵ᠬᠤᠷᠢᠨ ᠨᠢᠭᠡ︶ ᠪᠤᠭᠤᠲᠤ ᠬᠤᠲᠠ ᠶᠢᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠠᠢ ᠬᠠᠮᠵᠢᠯᠴᠠᠨ ᠬᠠᠤᠯᠢ ᠪᠤᠰᠤ ᠪᠠᠷ ᠪᠠᠯᠠ ᠴᠤᠭᠯᠠᠭᠤᠯᠬᠤ ᠵᠡᠷᠭᠡ ᠬᠠᠤᠯᠢ ᠪᠤᠰᠤ ᠮᠥᠩᠭᠦᠨ ᠭᠦᠢᠯᠭᠡᠭᠡᠨ ᠤ | ᠠᠵᠢᠯᠯᠠᠭ᠎ᠠ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠲᠦᠭᠰᠢᠭᠦᠷᠢ ᠶᠢ ᠵᠢᠭᠰᠠᠭᠠᠨ | ᠪᠠᠶᠢᠴᠠᠭᠠᠬᠤ᠂ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠪᠠ ᠲᠣᠭᠲᠠᠭᠤᠨ | ᠪᠠᠶᠢᠳᠠᠯ ᠢ ᠬᠠᠮᠠᠭᠠᠯᠠᠬᠤ ᠵᠡᠷᠭᠡ ᠠᠵᠢᠯ ᠢ ᠬᠠᠮᠵᠢᠯᠴᠠᠨ ᠥᠷᠨᠢᠭᠦᠯᠦᠨ᠎ᠡ᠃ | ︵ᠬᠤᠷᠢᠨ ᠬᠤᠶᠠᠷ︶ ᠬᠤᠯᠪᠣᠭᠳᠠᠯ ᠪᠦᠬᠦᠢ ᠲᠠᠯ᠎ᠠ ᠶᠢ ᠵᠣᠬᠢᠴᠠᠭᠤᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠲᠣᠭᠤᠷᠢᠭ ᠤᠨ ᠨᠠᠮ ᠤᠨ ᠬᠤᠷᠢᠶ᠎ᠠ ᠶᠢᠨ ᠮᠥᠩᠭᠦᠨ | ᠭᠦᠢᠯᠭᠡᠭᠡᠨ ᠤ ᠠᠵᠢᠯ ᠤᠨ ᠲᠤᠬᠠᠶ ᠲᠣᠭᠲᠠᠭᠠᠯ ᠤᠨ ᠵᠦᠢᠯᠡᠰ ᠪᠠ ᠠᠵᠢᠯ ᠤᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠥᠬᠦ ᠲᠣᠭᠤᠷᠢᠭ ᠤᠨ ᠮᠥᠩᠭᠦᠨ ᠭᠥᠢᠯᠭᠡᠭᠡᠨ ᠤ ᠬᠦᠷᠢᠶᠡᠨ ᠳᠠᠬᠢ | ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠴᠢᠬᠤᠯᠠ ᠶᠡᠭᠡ ᠵᠥᠢᠯᠡᠰ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠠᠵᠢᠯ ᠢ ᠵᠣᠬᠢᠴᠠᠭᠤᠯᠤᠨ ᠥᠷᠨᠢᠭᠦᠯᠵᠦ᠂ | ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠰᠢᠮᠳᠠᠭᠤᠯᠤᠨ ᠪᠠᠶᠢᠴᠠᠭᠠᠭᠠᠳ ᠢᠯᠡᠷᠡᠭᠦᠯᠦᠭᠰᠡᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠪᠠ᠃ | ︵ᠬᠤᠷᠢᠨ ᠭᠤᠷᠪᠠ︶ ᠲᠣᠭᠤᠷᠢᠭ ᠤᠨ ᠬᠠᠷᠢᠶ᠎ᠠ ᠪᠦᠬᠦᠢ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ | ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠵᠡᠷᠭᠡ ᠪᠠᠶᠢᠳᠠᠯ ᠳᠤ | ᠰᠢᠯᠭᠠᠨ ᠬᠢᠨᠠᠵᠤ ᠦᠨᠡᠯᠡᠯᠲᠡ ᠬᠢᠬᠦ ᠶᠢ ᠲᠦᠷᠦᠭᠦᠯᠡᠨ ᠬᠠᠷᠢᠭᠤᠴᠠᠨ᠎ᠠ᠃ | ︵ᠬᠤᠷᠢᠨ ᠳᠥᠷᠪᠡ︶ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠨᠢᠭᠡᠴᠡ ᠶᠢᠨ ᠨᠠᠮ ᠤᠨ | ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠠᠵᠢᠯ ᠤᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠮᠥᠩᠭᠦᠨ ᠭᠦᠢᠯᠭᠡᠭᠡᠨ ᠤ ᠨᠢᠭᠡᠴᠢ ᠶᠢᠨ ᠨᠠᠮ ᠤᠨ | ᠪᠠᠶᠢᠭᠤᠯᠤᠯᠲᠠ ᠶᠢᠨ ᠰᠢᠰᠲ᠋ᠧᠮᠵᠢᠭᠦᠯᠦᠭᠰᠡᠨ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠶ᠃ ᠪᠤᠭᠤᠲᠤ ᠬᠤᠲᠠ ᠶᠢᠨ | ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠡᠭᠦᠷᠭᠡᠯᠡᠬᠦ ᠶᠢ | ᠨᠢᠭᠡᠳᠦᠯᠲᠡᠢ ᠲᠥᠯᠥᠪᠯᠡᠨ ᠵᠢᠯᠣᠭᠤᠳᠬᠤ ᠲᠤᠬᠠᠢ ᠪᠠᠢᠭᠤᠯᠤᠮᠵᠢ᠂ ᠣᠷᠣᠨ ᠨᠤᠲᠤᠭ ᠤᠨ ᠤᠯᠤᠰ ᠤᠨ ᠥᠮᠴᠢᠯᠡᠯᠲᠦ | ᠮᠥᠩᠭᠦᠨ ᠭᠦᠢᠯᠭᠡᠭᠡᠨ ᠤ ᠠᠵᠤ ᠠᠬᠤᠢᠯᠠᠯ ᠪᠣᠯᠤᠨ ᠨᠡᠶᠢᠲᠡ ᠶᠢᠨ ᠪᠤᠰᠤ ᠥᠮᠴᠢᠯᠡᠯᠲᠦ ᠮᠥᠩᠭᠦᠨ ᠭᠦᠢᠯᠭᠡᠭᠡᠨ ᠤ | ᠠᠵᠤ ᠠᠬᠤᠢᠯᠠᠯ ᠤᠨ ᠨᠠᠮ ᠤᠨ ᠤᠯᠤᠰ ᠲᠥᠷᠥ ᠶᠢᠨ ᠪᠠᠢᠭᠤᠯᠤᠯᠲᠠ᠂ ᠦᠵᠡᠯ ᠰᠠᠨᠠᠭᠠᠨ ᠤ ᠪᠠᠢᠭᠤᠯᠤᠯᠲᠠ᠂ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ | ᠱᠠᠭᠠᠷᠳᠠᠯᠭ᠎ᠠ ᠶᠢ ᠲᠤᠤᠱᠯᠠᠭᠤᠯᠤᠨ ᠨᠠᠢᠳᠠᠪᠤᠷᠢᠵᠢᠭᠤᠯᠵᠤ᠂ ᠳᠦᠷᠢᠮ ᠤᠨ ᠪᠠᠢᠭᠤᠯᠤᠯᠲᠠ ᠶᠢ ᠡᠭᠦᠨ ᠳᠤ | ᠲᠤᠤᠱᠯᠠᠭᠤᠯᠵᠤ᠂ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠢ ᠲᠦᠯᠬᠢᠨ ᠠᠬᠢᠭᠤᠯᠤᠨ᠎ᠠ᠃ | ︵ᠬᠤᠷᠢᠨ ᠲᠠᠪᠤ︶ ᠪᠤᠭᠤᠲᠤ ᠬᠤᠲᠠ ᠶᠢᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ | ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠨᠢᠭᠡᠳᠦᠯᠲᠡᠶ ᠲᠥᠯᠥᠪᠯᠡᠨ ᠵᠢᠯᠣᠭᠤᠳᠬᠤ ᠪᠠᠶᠢᠭᠤᠯᠤᠮᠵᠢ᠂ ᠣᠷᠣᠨ | ᠨᠤᠲᠤᠭ ᠤᠨ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠠᠵᠤ ᠠᠬᠤᠶᠢᠯᠠᠯ ᠪᠠ ᠨᠡᠶᠢᠲᠡ ᠶᠢᠨ | ᠥᠮᠴᠢᠯᠡᠯ ᠤᠨ ᠪᠤᠰᠤ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠤ ᠨᠠᠮ ᠤᠨ ᠣᠨᠣᠯ ᠪᠠ ᠱᠤᠭᠤᠮ ᠴᠢᠭᠯᠡᠯᠲᠡ ᠲᠥᠷᠥ ᠶᠢᠨ | ᠪᠣᠳᠣᠯᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠬᠠᠮᠵᠢᠯᠴᠠᠨ ᠵᠢᠯᠣᠭᠤᠳᠴᠤ | ᠪᠠᠶᠢᠭᠠᠳ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠪᠠ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ | ᠴᠢᠩᠭᠠᠳᠬᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠮᠥᠩᠭᠦᠨ ᠭᠦᠢᠯᠭᠡᠭᠡᠨ ᠤ ᠨᠢᠭᠡᠴᠢ ᠶᠢᠨ | ᠤᠳᠤᠷᠢᠳᠬᠤ ᠪᠠᠭ ᠤᠨ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠨᠠᠮ ᠤᠨ | ᠭᠡᠰᠢᠭᠦᠨ ᠤᠳᠤᠷᠢᠳᠬᠤ ᠺᠠᠳ᠋ᠷᠴᠤᠳ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ᠂ ᠤᠨᠤᠯ ᠰᠤᠷᠤᠯᠴᠠᠬᠤ ᠭᠤᠣᠯ | ᠳᠤᠭᠤᠶᠢᠯᠠᠩ ᠤᠨ ᠰᠤᠷᠤᠯᠴᠠᠯᠭ᠎ᠠ ᠶᠢ ᠱᠠᠯᠠᠪᠳᠠᠭᠤᠯᠤᠨ ᠪᠠᠶᠢᠴᠠᠭᠠᠬᠤ ᠪᠠ ᠵᠢᠯᠣᠭᠤᠳᠬᠤ ᠳᠤ ᠣᠷᠣᠯᠴᠠᠨ᠎ᠠ᠃ | ᠪᠤᠭᠤᠲᠤ ᠬᠤᠲᠠ ᠶᠢᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ | ᠨᠢᠭᠡᠳᠦᠯᠲᠡᠶ ᠲᠥᠯᠥᠪᠯᠡᠨ ᠵᠢᠯᠣᠭᠤᠳᠬᠤ ᠪᠠᠶᠢᠭᠤᠯᠤᠮᠵᠢ᠂ ᠣᠷᠣᠨ ᠨᠤᠲᠤᠭ ᠤᠨ ᠤᠯᠤᠰ ᠤᠨ ᠥᠮᠴᠢᠯᠡᠯᠲᠦ | ᠮᠥᠩᠭᠦᠨ ᠭᠦᠢᠯᠭᠡᠭᠡᠨ ᠤ ᠠᠵᠤ ᠠᠬᠤᠶᠢᠯᠠᠯ ᠪᠣᠯᠤᠨ ᠨᠡᠶᠢᠲᠡ ᠶᠢᠨ ᠥᠮᠴᠢᠯᠡᠯ ᠤᠨ ᠪᠤᠰᠤ ᠮᠥᠩᠭᠦᠨ ᠭᠦᠢᠯᠭᠡᠭᠡᠨ ᠤ | ᠠᠵᠤ ᠠᠬᠤᠶᠢᠯᠠᠯ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢ ᠴᠢᠩᠭᠠᠳᠬᠠᠬᠤ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ | ᠡᠯᠰᠡᠬᠦ᠂ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ᠂ ᠨᠠᠮ ᠤᠨ ᠪᠠᠶᠢᠭᠤᠯᠤᠯᠲᠠ ᠶᠢᠨ ᠬᠢᠨᠠᠨ ᠰᠢᠯᠭᠠᠯᠲᠠ | ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ | ᠪᠥᠬᠦ ᠲᠣᠭᠤᠷᠢᠭ ᠤᠨ ᠮᠥᠩᠭᠦᠨ ᠭᠦᠢᠯᠭᠡᠭᠡᠨ ᠤ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ | ᠵᠢᠯᠣᠭᠤᠳᠬᠤ᠂ ᠲᠥᠯᠥᠪᠵᠢᠭᠦᠯᠬᠦ᠂ ᠵᠣᠬᠢᠴᠠᠭᠤᠯᠬᠤ᠂ ᠬᠢᠨᠠᠯᠲᠠ ᠲᠠᠯᠪᠢᠨ᠎ᠠ᠃ ᠪᠦᠬᠦ ᠲᠣᠭᠤᠷᠢᠭ ᠤᠨ ᠮᠥᠩᠭᠦᠨ | ᠭᠦᠢᠯᠭᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ | ᠃ | ︵ᠬᠤᠷᠢᠨ ᠵᠢᠷᠭᠤᠭ᠎ᠠ︶ ᠪᠦᠬᠦ ᠲᠣᠭᠤᠷᠢᠭ ᠤᠨ ᠮᠥᠩᠭᠦᠨ ᠭᠦᠢᠯᠭᠡᠭᠡᠨ ᠤ ᠨᠢᠭᠡᠴᠡ ᠶᠢᠨ ᠪᠠᠶᠢᠭᠤᠯᠤᠯᠭ᠎ᠠ ᠶᠢᠨ | ᠨᠠᠮ ᠤᠨ ᠬᠤᠷᠢᠶ᠎ᠠ ︵ᠶᠡᠷᠦᠩᠬᠡᠶ ᠡᠭᠦᠷ᠂ ᠨᠠᠮ ᠤᠨ ᠡᠭᠦᠷ︶ ᠶᠢᠨ ᠬᠤᠭᠤᠴᠠᠭ᠎ᠠ ᠶᠣᠰᠣᠭᠠᠷ ᠬᠤᠭᠤᠴᠠᠭ᠎ᠠ ᠰᠣᠯᠢᠬᠤ | ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠪᠤᠭᠤᠲᠤ ᠬᠤᠲᠠ ᠶᠢᠨ ᠮᠥᠩᠭᠦᠨ ᠭᠦᠢᠯᠭᠡᠭᠡᠨ ᠤ ᠨᠢᠭᠡᠴᠢ ᠶᠢᠨ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠨᠠᠮ ᠤᠨ | ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ᠂ ᠤᠯᠤᠰ ᠲᠥᠷᠥ ᠶᠢᠨ ᠰᠠᠬᠢᠯᠭ᠎ᠠ | ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ ᠵᠢᠷᠤᠮᠯᠠᠭᠰᠠᠨ ᠵᠡᠷᠭᠡ ᠪᠠᠶᠢᠳᠠᠯ ᠳᠤ ᠬᠢᠨᠠᠯᠲᠠ ᠲᠠᠯᠪᠢᠵᠤ | ᠪᠠᠶᠢᠴᠠᠭᠠᠬᠤ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢ ᠵᠢᠯᠣᠭᠤᠳᠤᠨ ᠨᠠᠮ ᠤᠨ ᠭᠡᠰᠢᠭᠦᠨ ᠺᠠᠳ᠋ᠷᠴᠤᠳ ᠲᠤ ᠲᠠᠯᠪᠢᠬᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠮᠥᠩᠭᠦᠨ ᠭᠦᠢᠯᠭᠡᠭᠡᠨ ᠤ ᠨᠢᠭᠡᠴᠡ ᠶᠢᠨ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ | ᠬᠠᠮᠢᠶ᠎ᠠ ᠪᠦᠬᠦᠢ ᠪᠠᠶᠢᠳᠠᠯ ᠢ ᠮᠡᠳᠡᠭᠦᠯᠵᠦ᠂ ᠪᠦᠬᠦ ᠲᠣᠭᠤᠷᠢᠭ ᠤᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ | ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠡᠭᠦᠷᠭᠡᠯᠡᠵᠦ ᠪᠠᠶᠢᠭ᠎ᠠ ᠪᠠᠶᠢᠭᠤᠯᠤᠮᠵᠢ᠂ ᠣᠷᠣᠨ ᠨᠤᠲᠤᠭ ᠤᠨ | ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠠᠵᠤ ᠠᠬᠤᠶᠢᠯᠠᠯ ᠪᠠ ᠨᠡᠶᠢᠲᠡ ᠶᠢᠨ ᠥᠮᠴᠢᠯᠡᠯ ᠤᠨ ᠪᠤᠰᠤ | ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠠᠵᠢᠯᠴᠢᠨ ᠤ ᠡᠪᠯᠡᠯ᠂ ᠵᠠᠯᠠᠭᠤᠴᠤᠳ ᠪᠠ ᠡᠮᠡᠭᠲᠡᠶᠢᠴᠦᠳ ᠤᠨ | ᠠᠵᠢᠯ ᠢ ᠵᠣᠬᠢᠴᠠᠭᠤᠯᠤᠨ᠎ᠠ᠃ | ︵ᠬᠤᠷᠢᠨ ᠳᠣᠯᠤᠭ᠎ᠠ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ | ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ | ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ | ᠲᠦᠪᠰᠢᠨ ᠤ ᠰᠠᠶᠢᠨ ᠰᠠᠶᠢᠬᠠᠨ ᠬᠤᠷᠰᠢᠯᠴᠡᠯ ᠢ ᠪᠡᠶᠡᠯᠡᠭᠦᠯᠦᠨ᠎ᠡ᠃ | ︵ᠬᠤᠷᠢᠨ ᠨᠠᠢᠮᠠ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ | ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠵᠢᠷᠭᠤᠳᠤᠭᠠᠷ ᠵᠦᠢᠯ ᠡᠭᠦᠷᠭᠡ ᠴᠢᠳᠠᠪᠤᠷᠢ ᠪᠠᠨ ᠬᠤᠪᠢᠷᠠᠭᠤᠯᠬᠤ᠃ ᠲᠣᠭᠤᠷᠢᠭ ᠤᠨ ᠡᠳ᠋ ᠤᠨ ᠵᠠᠰᠠᠭ ᠤᠨ | ᠲᠣᠪᠴᠢᠶ᠎ᠠ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠲᠣᠬᠢᠷᠠᠭᠤᠯᠤᠯ ᠡᠵᠡᠮᠳᠡᠯ ᠤᠨ | ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠬᠥᠭᠵᠢᠯᠲᠡ ᠶᠢᠨ ᠲᠥᠯᠥᠪᠵᠢᠭᠦᠯᠭᠡ᠂ ᠡᠳ᠋ ᠤᠨ ᠵᠠᠰᠠᠭ᠂ | ᠮᠥᠩᠭᠦᠨ ᠭᠦᠢᠯᠭᠡᠭᠡ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠵᠡᠷᠭᠡ | ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠪᠠ ᠠᠵᠢᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠠᠵᠤ | ᠠᠬᠤᠢ ᠶᠢᠨ ᠬᠢᠨᠠᠨ ᠬᠡᠮᠵᠢᠯᠲᠡ ᠶᠢᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠴᠢᠩᠭᠠᠳᠬᠠᠵᠤ᠂ | ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠲᠦᠷᠦ ᠶᠢᠨ ᠪᠤᠳᠤᠯᠭ᠎ᠠ ᠶᠢᠨ ᠨᠥᠭᠡᠴᠡᠯᠡᠬᠦ ᠠᠵᠢᠯ ᠤᠨ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠪᠠᠷᠠᠭᠠᠯᠬᠢᠯᠠᠯᠳᠤ ᠴᠢᠨᠠᠷ᠂ ᠬᠠᠨᠳᠤᠯᠭᠠᠲᠤ | ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠬᠤ ᠬᠡᠷᠡᠭᠲᠡᠢ᠃ ᠡᠳ᠋ ᠤᠨ ᠵᠠᠰᠠᠭ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠣᠲᠣ ᠦᠶ᠎ᠡ ᠶᠢᠨ ᠡᠳ᠋ ᠤᠨ ᠵᠠᠰᠠᠭ ᠤᠨ ᠲᠦᠷᠢᠮ ᠢ ᠲᠦᠷᠭᠡᠳᠬᠡᠨ | ᠪᠠᠶᠢᠭᠤᠯᠵᠤ᠂ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠤᠨ᠂ ᠡᠷᠬᠡ ᠬᠠᠷᠢᠭᠤᠴᠠᠯᠭ᠎ᠠ ᠲᠣᠳᠣᠷᠬᠠᠶ᠂ ᠡᠳ᠋ ᠤᠨ ᠬᠦᠴᠦᠨ | ᠵᠣᠬᠢᠴᠠᠩᠭᠤᠶ᠂ ᠣᠷᠣᠨ ᠪᠦᠰᠡ ᠲᠡᠩᠴᠡᠭᠦᠷᠢᠲᠡᠶ ᠪᠤᠭᠤᠲᠤ ᠬᠤᠲᠠ ᠪᠠ ᠳ᠋ᠦᠩ ᠾᠧ ᠲᠣᠭᠤᠷᠢᠭ ᠤᠨ ᠡᠳ᠋ ᠤᠨ | ᠵᠠᠰᠠᠭ ᠤᠨ ᠬᠠᠷᠢᠴᠠᠭ᠎ᠠ ᠶᠢ ᠪᠠᠶᠢᠭᠤᠯᠤᠨ᠎ᠠ᠃ ᠰᠢᠯᠵᠢᠭᠦᠯᠦᠨ ᠥᠭᠬᠦ ᠳᠦᠷᠢᠮ ᠢ ᠲᠡᠭᠦᠯᠳᠡᠷᠵᠢᠭᠦᠯᠦᠨ᠂ ᠰᠢᠯᠵᠢᠭᠦᠯᠦᠨ | ᠥᠭᠬᠦ ᠲᠥᠷᠥᠯ ᠵᠦᠢᠯ ᠢ ᠰᠢᠯᠢᠳᠡᠭᠵᠢᠭᠦᠯᠵᠦ᠂ ᠰᠢᠯᠵᠢᠭᠦᠯᠦᠨ ᠥᠭᠬᠦ ᠲᠥᠷᠥᠯ ᠵᠦᠢᠯ ᠢ ᠵᠢᠷᠤᠮᠵᠢᠭᠤᠯᠤᠨ᠂ ᠣᠷᠣᠨ | ᠨᠤᠲᠤᠭ ᠤᠨ ᠨᠢᠭᠡᠳᠦᠯᠲᠡᠶ ᠲᠥᠯᠥᠪᠯᠡᠬᠦ ᠴᠢᠳᠠᠪᠤᠷᠢ ᠶᠢ ᠴᠢᠩᠭᠠᠷᠠᠭᠤᠯᠤᠨ᠎ᠠ᠃ ᠲᠥᠰᠦᠪ ᠤᠨ ᠬᠤᠪᠢᠶᠠᠷᠢᠯᠠᠯᠲᠠ ᠶᠢ | ᠠᠯᠬᠤᠮ ᠠᠯᠬᠤᠮ ᠢᠶᠠᠷ ᠨᠢᠭᠡᠳᠦᠯᠲᠡᠶ ᠪᠣᠯᠭᠠᠵᠤ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ | ᠬᠡᠷᠡᠭᠵᠢᠭᠦᠯᠦᠨ᠂ ᠪᠦᠬᠦ ᠲᠠᠯ᠎ᠠ ᠪᠠᠷ ᠵᠢᠷᠤᠮᠵᠢᠭᠰᠠᠨ ᠪᠥᠭᠡᠳ ᠢᠯᠡ ᠲᠣᠳᠣ᠂ ᠪᠠᠷᠢᠮᠵᠢᠶ᠎ᠠ ᠨᠢ ᠰᠢᠨᠵᠢᠯᠡᠬᠦ ᠤᠬᠠᠭᠠᠨᠴᠢ᠂ | ᠬᠢᠵᠠᠭᠠᠷᠯᠠᠯ ᠨᠢ ᠬᠦᠴᠦᠨ ᠲᠡᠭᠦᠯᠳᠡᠷ ᠲᠥᠰᠦᠪ ᠤᠨ ᠳᠦᠷᠢᠮ ᠢ ᠪᠠᠶᠢᠭᠤᠯᠬᠤ ᠬᠡᠷᠡᠭᠲᠡᠶ᠃ ᠵᠠᠰᠠᠭ ᠤᠨ ᠣᠷᠳᠣᠨ ᠤ | ᠴᠢᠨᠠᠷᠲᠠᠶ ᠰᠠᠭᠤᠷᠢ ᠮᠥᠩᠭᠦ ᠪᠣᠯᠤᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠨᠠᠷᠢᠨ | ᠬᠠᠭᠤᠳᠠᠰᠤ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠢᠨᠠᠯᠲᠠ ᠲᠠᠯᠪᠢᠬᠤ ᠳᠦᠷᠢᠮ ᠢ | ᠲᠡᠭᠦᠯᠳᠡᠷᠵᠢᠭᠦᠯᠦᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ | ᠰᠡᠷᠭᠡᠶᠢᠯᠡᠨ ᠠᠷᠢᠯᠭᠠᠨ᠎ᠠ᠃ ᠵᠢᠭᠡᠯᠡᠯᠭᠡ ᠠᠪᠴᠤ ᠪᠡᠯᠡ ᠲᠣᠬᠢᠷᠠᠭᠤᠯᠬᠤ ᠲᠣᠭᠲᠠᠴᠠ ᠶᠢ ᠵᠢᠷᠤᠮᠵᠢᠭᠤᠯᠵᠤ᠂ ︽ | ᠪᠢᠲᠡᠭᠦᠦ ᠴᠠᠭᠠᠷᠢᠭ︾ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠬᠠᠤᠯᠢ ᠪᠠᠷ ᠲᠣᠭᠲᠠᠭᠠᠭᠰᠠᠨ | ᠬᠢᠵᠠᠭᠠᠷᠯᠠᠯ ᠤᠨ ᠳᠣᠲᠣᠷᠠᠬᠢ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠴᠢᠩᠭ᠎ᠠ ᠬᠢᠵᠠᠭᠠᠷᠯᠠᠵᠤ᠂ ᠳᠠᠯᠳᠠ | ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠡᠵᠡᠮᠳᠡᠵᠦ᠂ ᠰᠢᠰᠲ᠋ᠧᠮ ᠤᠨ ᠴᠢᠨᠠᠷᠲᠠᠶ | ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ | ᠳᠣᠯᠣᠳᠤᠭᠠᠷ ᠵᠦᠢᠯ ᠪᠤᠰᠤᠳ ᠰᠠᠯᠠᠭ᠎ᠠ ᠮᠥᠴᠢᠷ ᠯᠦᠭᠡ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠪᠤᠭᠤᠲᠤ ᠬᠤᠲᠠ ᠶᠢᠨ ᠳ᠋ᠦᠩ ᠾᠧ | ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ᠃ ᠭᠠᠶᠢᠯᠢ ᠶᠢᠨ ᠪᠤᠰᠤ ᠣᠷᠣᠯᠭ᠎ᠠ ᠶᠢ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠤᠨ | ᠲᠤᠬᠠᠢ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ | ᠬᠥᠮᠥᠷᠭᠡ ᠠᠴᠠ ᠲᠥᠪᠯᠡᠷᠡᠭᠦᠯᠦᠨ ᠬᠤᠷᠢᠶᠠᠵᠤ ᠲᠤᠰᠢᠶᠠᠬᠤ ᠳᠦᠷᠢᠮ ᠢ ᠲᠣᠭᠲᠠᠭᠠᠬᠤ ᠪᠠ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢ ᠬᠠᠷᠢᠭᠤᠴᠠᠵᠤ᠂ ᠭᠠᠶᠢᠯᠢ ᠶᠢᠨ ᠪᠤᠰᠤ ᠣᠷᠣᠯᠭ᠎ᠠ ᠶᠢᠨ ᠲᠠᠩᠰᠠᠨ ᠡᠷᠦᠬᠡ᠂ ᠬᠤᠷᠢᠶᠠᠵᠤ ᠲᠤᠰᠢᠶᠠᠬᠤ | ᠠᠷᠭ᠎ᠠ ᠮᠠᠶ᠋ᠢᠭ᠂ ᠪᠤᠴᠠᠭᠠᠨ ᠥᠭᠴᠦ ᠬᠥᠮᠥᠷᠭᠡ ᠠᠴᠠ ᠪᠤᠴᠠᠭᠠᠬᠤ ᠵᠡᠷᠭᠡ ᠬᠠᠮᠢᠶᠠᠷᠤᠯᠲᠠ ᠶᠢ ᠬᠠᠷᠢᠭᠤᠴᠠᠨ᠎ᠠ᠃ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠭᠠᠶᠢᠯᠢ ᠶᠢᠨ ᠪᠤᠰᠤ ᠣᠷᠣᠯᠭ᠎ᠠ ᠶᠢ | ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠬᠤᠷᠢᠶᠠᠬᠤ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ | ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠲᠠᠲᠠᠪᠤᠷᠢᠯᠠᠭᠰᠠᠨ ᠭᠠᠶᠢᠯᠢ ᠶᠢᠨ ᠪᠤᠰᠤ ᠣᠷᠣᠯᠭ᠎ᠠ ᠶᠢᠨ ᠲᠥᠷᠥᠯ | ᠵᠦᠢᠯ ᠢ ᠭᠤᠶᠤᠴᠢᠯᠠᠨ ᠮᠡᠳᠡᠭᠦᠯᠵᠦ ᠲᠠᠲᠠᠪᠤᠷᠢᠯᠠᠬᠤ᠂ ᠨᠢᠭᠡᠳᠦᠯᠲᠡᠶ ᠬᠢᠨᠠᠨ ᠪᠤᠳᠤᠬᠤ᠂ ᠰᠦᠢᠳᠬᠡᠯ ᠲᠤᠰᠢᠶᠠᠬᠤ ᠶᠢ | ᠪᠠᠶᠢᠴᠠᠭᠠᠬᠤ᠂ ᠥᠷᠢᠲᠦᠵᠦ ᠪᠠᠶᠢᠭ᠎ᠠ ᠰᠦᠢᠳᠬᠡᠯ ᠢ ᠨᠡᠬᠡᠮᠵᠢᠯᠡᠨ ᠲᠤᠰᠢᠶᠠᠬᠤ ᠪᠠ ᠬᠠᠤᠯᠢ ᠶᠢ ᠵᠥᠷᠢᠴᠡᠨ ᠰᠢᠢᠳᠬᠡᠬᠦ | ᠵᠡᠷᠭᠡ ᠠᠵᠢᠯ ᠢ ᠬᠠᠷᠢᠭᠤᠴᠠᠨ ᠰᠠᠶᠢᠲᠤᠷ ᠬᠢᠨ᠎ᠡ᠃ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢ | ᠲᠠᠲᠠᠪᠤᠷᠢᠯᠠᠬᠤ ᠮᠡᠳᠡᠭᠡ ᠵᠠᠩᠭᠢ ᠶᠢ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠠᠢ ᠴᠠᠭ ᠲᠤᠬᠠᠶ ᠳᠤᠨᠢ | ᠬᠠᠮᠲᠤᠪᠠᠷ ᠡᠳ᠋ᠯᠡᠨ᠎ᠡ᠃ | ᠨᠠᠢᠮᠠᠳᠤᠭᠠᠷ ᠵᠦᠢᠯ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠤᠰ ᠲᠣᠭᠲᠠᠭᠠᠯ ᠤᠨ ᠲᠠᠪᠤᠳᠤᠭᠠᠷ | ᠵᠦᠢᠯ ᠳᠤ ᠲᠣᠳᠣᠷᠬᠠᠶᠢᠯᠠᠭᠰᠠᠨ ᠭᠤᠣᠯ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠷᠬᠡ | ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠨᠠᠶᠢᠷᠠᠭᠤᠯᠤᠨ ᠵᠣᠬᠢᠶᠠᠵᠤ᠂ ᠡᠷᠬᠡ ᠬᠠᠷᠢᠭᠤᠴᠠᠯᠭ᠎ᠠ ᠶᠢᠨ ᠨᠡᠷᠡᠶᠢᠳᠦᠯ᠂ | ᠡᠷᠬᠡ ᠬᠠᠷᠢᠭᠤᠴᠠᠯᠭ᠎ᠠ ᠶᠢᠨ ᠲᠦᠷᠦᠯ ᠬᠡᠯᠪᠡᠷᠢ᠂ ᠲᠣᠭᠲᠠᠭᠠᠭᠰᠠᠨ ᠦᠨᠳᠦᠰᠦᠯᠡᠯ᠂ ᠬᠠᠷᠢᠭᠤᠴᠠᠯᠭ᠎ᠠ ᠪᠠᠨ | ᠭᠦᠢᠴᠡᠳᠬᠡᠬᠦ ᠠᠷᠭ᠎ᠠ ᠬᠡᠯᠪᠡᠷᠢ᠂ ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠡᠷᠭᠡ ᠶᠢ ᠵᠦᠢᠯ ᠳᠠᠷᠠᠭᠠᠯᠠᠨ | ᠲᠣᠳᠣᠷᠬᠠᠶᠢᠯᠠᠨ᠎ᠠ᠃ ᠡᠨᠡᠬᠦ ᠰᠠᠭᠤᠷᠢᠨ ᠳᠡᠭᠡᠷ᠎ᠡ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ᠂ ᠠᠵᠢᠯᠯᠠᠭᠠᠨ ᠤ | ᠴᠤᠪᠤᠷᠠᠯ ᠤᠨ ᠵᠢᠷᠤᠭ ᠵᠡᠷᠭᠡ ᠶᠢ ᠲᠣᠭᠲᠠᠭᠠᠵᠤ᠂ ᠵᠠᠰᠠᠭ ᠵᠠᠬᠢᠷᠭᠠᠨ ᠤ ᠳᠡᠰ ᠳᠠᠷᠠᠭᠠᠯᠠᠯ ᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠬᠤ ᠬᠡᠷᠡᠭᠲᠡᠶ᠃ | ᠶᠢᠰᠦᠳᠦᠭᠡᠷ ᠵᠦᠢᠯ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠣᠤᠷᠠᠬᠢ ᠮᠡᠲᠦ ᠳᠣᠲᠣᠭᠠᠳᠤ | ᠪᠠᠶᠢᠭᠤᠯᠤᠮᠵᠢ ᠪᠠᠶᠢᠭᠤᠯᠤᠨ᠎ᠠ᠄ | ︵ᠨᠢᠭᠡ︶ ᠶᠡᠷᠦᠩᠬᠡᠶᠢᠯᠡᠭᠰᠡᠨ ᠠᠯᠪᠠᠨ ᠭᠡᠷ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠲᠤᠤᠱᠯᠠᠭᠤᠯᠤᠨ ᠠᠵᠢᠯ ᠢ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠶᠢ ᠬᠠᠷᠢᠭᠤᠴᠠᠨ᠎ᠠ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ | ᠬᠠᠷᠢᠭᠤᠴᠠᠵᠤ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠨᠢᠭᠤᠴᠠ ᠮᠡᠳᠡᠭᠡ ᠵᠠᠩᠭᠢ᠂ ᠰᠣᠨᠢᠨ ᠮᠡᠳᠡᠭᠡᠨ ᠤ | ᠤᠬᠠᠭᠤᠯᠭ᠎ᠠ᠂ ᠠᠮᠤᠷ ᠲᠦᠪᠰᠢᠨ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠰᠢᠮᠳᠠᠭᠤᠯᠤᠨ | ᠪᠠᠶᠢᠴᠠᠭᠠᠵᠤ ᠰᠢᠮᠳᠠᠭᠤᠯᠤᠨ ᠭᠥᠢᠴᠡᠳᠭᠡᠬᠦ᠂ ᠲᠠᠩᠰᠠ ᠡᠪᠬᠡᠮᠡᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ | ᠨᠠᠮ ᠤᠨ ᠪᠠᠶᠢᠭᠤᠯᠤᠯᠲᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠬᠠᠷᠢᠭᠤᠴᠠᠵᠤ᠂ ᠪᠠᠶᠢᠭᠤᠯᠭ᠎ᠠ ᠣᠯᠠᠨ | ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠤᠳᠤᠷᠢᠳᠤᠨ᠎ᠠ᠃ ᠪᠠᠶᠢᠭᠤᠯᠭ᠎ᠠ ᠵᠢᠴᠢ ᠬᠠᠷᠢᠶ᠎ᠠ | ᠨᠢᠭᠡᠴᠢ ᠶᠢᠨ ᠰᠠᠬᠢᠯᠭ᠎ᠠ ᠪᠠᠲᠤ ᠪᠠᠶᠢᠴᠠᠭᠠᠬᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠬᠢᠭᠡᠳ ᠬᠠᠷᠢᠶ᠎ᠠ ᠨᠢᠭᠡᠴᠢ ᠶᠢᠨ | ᠡᠳ᠋ ᠤᠨ ᠶᠠᠪᠤᠳᠠᠯ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠡᠳ᠋ ᠤᠨ ᠶᠠᠪᠤᠳᠠᠯ ᠤᠨ ᠬᠢᠨᠠᠨ ᠪᠣᠳᠣᠯᠲᠠ ᠪᠠ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ︽ᠬᠤᠶᠠᠷ | ᠲᠥᠯᠥᠭᠡᠯᠡᠭᠴᠢ ᠨᠢᠭᠡ ᠭᠡᠰᠢᠭᠦᠨ︾ ᠤ ᠰᠠᠨᠠᠭᠤᠯᠭ᠎ᠠ᠂ ᠰᠠᠨᠠᠯ ᠳᠤᠷᠠᠳᠤᠯᠭ᠎ᠠ ᠵᠡᠷᠭᠡ ᠶᠢ ᠰᠢᠢᠳᠪᠦᠷᠢᠯᠡᠬᠦ ᠠᠵᠢᠯ ᠢ | ᠵᠣᠬᠢᠴᠠᠭᠤᠯᠤᠨ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠺᠠᠳ᠋ᠷ | ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠴᠠᠯᠢᠩ᠂ | ᠬᠥᠮᠦᠵᠢᠯ ᠪᠣᠯᠪᠠᠰᠤᠷᠠᠭᠤᠯᠤᠯ᠂ ᠰᠢᠯᠭᠠᠨ ᠬᠢᠨᠠᠬᠤ ᠬᠠᠮᠢᠶᠠᠷᠤᠯᠲᠠ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ | ᠵᠡᠷᠭᠡ ᠠᠵᠢᠯ ᠢ ᠡᠭᠦᠷᠭᠡᠯᠡᠨ᠎ᠡ᠃ ᠬᠠᠷᠢᠶ᠎ᠠ ᠪᠦᠬᠦᠢ ᠠᠵᠢᠯ ᠦᠢᠯᠡᠰ ᠤᠨ ᠨᠢᠭᠡᠴᠡ ᠶᠢᠨ ᠲᠤᠰᠬᠠᠶ ᠮᠡᠷᠭᠡᠵᠢᠯ ᠤᠨ | ᠲᠤᠰᠢᠶᠠᠯ ᠢ ᠲᠣᠭᠲᠠᠭᠠᠵᠤ ᠤᠷᠢᠬᠤ ᠪᠠ ᠠᠵᠢᠯᠴᠢᠨ ᠤ ᠮᠡᠷᠭᠡᠵᠢᠯ ᠤᠨ ᠵᠡᠷᠭᠡ ᠳᠡᠰ ᠢ ᠬᠢᠨᠠᠨ ᠰᠢᠯᠭᠠᠬᠤ ᠠᠵᠢᠯ ᠢ | ᠬᠠᠷᠢᠭᠤᠴᠠᠨ᠎ᠠ᠃ ᠪᠠᠶᠢᠭᠤᠯᠭ᠎ᠠ ᠶᠢᠨ ᠠᠵᠢᠯ ᠠᠴᠠ ᠪᠠᠨ ᠠᠮᠠᠷᠠᠭᠰᠠᠳ ᠤᠨ ᠠᠵᠢᠯ ᠢ ᠬᠠᠷᠢᠭᠤᠴᠠᠵᠤ᠂ ᠬᠠᠷᠢᠶ᠎ᠠ | ᠨᠢᠭᠡᠴᠢ ᠶᠢᠨ ᠢᠶᠠᠨ ᠠᠵᠢᠯ ᠠᠴᠠ ᠪᠠᠨ ᠠᠮᠠᠷᠠᠭᠰᠠᠳ ᠤᠨ ᠠᠵᠢᠯ ᠢ ᠵᠢᠯᠣᠭᠤᠳᠤᠨ᠎ᠠ᠃ ᠪᠦᠬᠦ ᠲᠣᠭᠤᠷᠢᠭ ᠤᠨ | ᠨᠢᠭᠲᠠᠯᠠᠨ ᠪᠣᠳᠣᠬᠤ ᠠᠵᠢᠯ ᠢ ᠬᠠᠷᠢᠭᠤᠴᠠᠨ ᠬᠠᠮᠢᠶᠠᠷᠤᠨ᠎ᠠ᠃ ᠣᠷᠣᠨ ᠨᠤᠲᠤᠭ ᠤᠨ ᠴᠢᠨᠠᠷᠲᠠᠶ ᠨᠢᠭᠲᠠᠯᠠᠨ ᠪᠣᠳᠣᠬᠤ | ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠨᠢᠭᠲᠠᠯᠠᠨ ᠪᠣᠳᠣᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ | ᠣᠷᠣᠯᠠᠨ ᠳᠠᠩᠰᠠ ᠲᠡᠮᠳᠡᠭᠯᠡᠬᠦ ᠪᠠᠶᠢᠭᠤᠯᠤᠮᠵᠢ ᠶᠢᠨ ᠬᠢᠨᠠᠯᠲᠠ ᠲᠠᠯᠪᠢᠬᠤ᠂ ᠪᠠᠶᠢᠴᠠᠭᠠᠬᠤ᠂ ᠬᠠᠮᠢᠶᠠᠷᠬᠤ ᠠᠵᠢᠯ ᠢ | ᠬᠠᠷᠢᠭᠤᠴᠠᠨ᠎ᠠ᠃ ᠪᠦᠬᠦ ᠲᠣᠭᠤᠷᠢᠭ ᠤᠨ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠳᠣᠲᠣᠭᠠᠳᠤ | ᠡᠵᠡᠮᠰᠢᠯ ᠢ ᠵᠢᠷᠤᠮᠵᠢᠭᠤᠯᠬᠤ ᠠᠵᠢᠯ ᠢ ᠬᠠᠷᠢᠭᠤᠴᠠᠨ᠎ᠠ᠃ ᠲᠥᠰᠦᠪ ᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠳᠦᠷᠢᠮ᠂ ᠬᠠᠮᠢᠶᠠᠷᠤᠯᠲᠠ ᠶᠢᠨ ᠠᠷᠭ᠎ᠠ ᠶᠢ | ᠰᠤᠳᠤᠯᠤᠨ ᠲᠣᠭᠲᠠᠭᠠᠨ᠎ᠠ᠃ ᠱᠠᠭᠠᠷᠳᠠᠯᠭ᠎ᠠ ᠶᠣᠰᠣᠭᠠᠷ ᠡᠯ᠎ᠡ ᠲᠥᠰᠦᠪ ᠬᠢᠵᠦ ᠪᠦᠬᠦᠢ ᠰᠠᠯᠠᠭ᠎ᠠ ᠮᠥᠴᠢᠷ ᠤᠨ | ᠵᠠᠷᠤᠯᠭ᠎ᠠ ᠶᠢᠨ ᠠᠮᠵᠢᠯᠲᠠ ᠪᠦᠲᠦᠮᠵᠢ ᠶᠢ ᠡᠳ᠋ ᠤᠨ ᠵᠠᠰᠠᠭ ᠠᠴᠠ ᠭᠤᠤᠯᠳᠠᠯᠭ᠎ᠠ ᠲᠠᠢ ᠮᠥᠷᠳᠡᠨ ᠬᠢᠨᠠᠨ ᠡᠵᠡᠮᠳᠡᠬᠦ ᠶᠢ | ᠬᠡᠷᠡᠭᠵᠢᠭᠦᠯᠦᠨ᠎ᠡ᠃ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ ᠬᠤᠷᠢᠶᠠᠩᠭᠤᠶᠢᠯᠠᠬᠤ᠂ ᠮᠡᠳᠡᠭᠦᠯᠬᠦ ᠪᠠ | ᠨᠡᠶᠢᠲᠡᠯᠡᠬᠦ ᠶᠢ ᠵᠣᠬᠢᠶᠠᠨ ᠪᠠᠶᠢᠭᠤᠯᠤᠨ᠎ᠠ᠃ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠬᠠᠤᠯᠢ ᠴᠠᠭᠠᠵᠠ ᠬᠠᠤᠯᠢ | ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ᠂ ᠲᠥᠰᠦᠪ ᠤᠨ | ᠬᠠᠮᠢᠶᠠᠷᠤᠯᠲᠠ ᠶᠢᠨ ᠬᠤᠯᠪᠣᠭᠳᠠᠯ ᠪᠦᠬᠦᠢ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ ᠡᠳ᠋ ᠤᠨ ᠶᠠᠪᠤᠳᠠᠯ | ᠨᠢᠭᠲᠠᠯᠠᠨ ᠪᠣᠳᠣᠬᠤ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃ ᠲᠤᠰ ᠵᠠᠰᠠᠭ ᠵᠠᠬᠢᠷᠭᠠᠨ ᠤ | ᠲᠣᠭᠤᠷᠢᠭ ᠳᠣᠲᠣᠷᠠᠬᠢ ᠵᠠᠰᠠᠭ ᠵᠠᠬᠢᠷᠭᠠᠨ ᠤ ᠨᠢᠭᠡᠴᠡ᠂ ᠠᠵᠢᠯ ᠦᠢᠯᠡᠰ ᠤᠨ ᠨᠢᠭᠡᠴᠡ᠂ ᠠᠵᠤ ᠠᠬᠤᠶᠢᠯᠠᠯ ᠤᠨ | ᠨᠢᠭᠲᠠᠯᠠᠨ ᠪᠣᠳᠣᠬᠤ ᠮᠡᠳᠡᠭᠡ ᠵᠠᠩᠭᠢ ᠶᠢᠨ ᠶᠠᠰᠤ ᠴᠢᠨᠠᠷ ᠢ ᠬᠢᠨᠠᠨ ᠪᠠᠶᠢᠴᠠᠭᠠᠨ᠎ᠠ᠃ ᠪᠠᠶᠢᠭᠤᠯᠭ᠎ᠠ ᠪᠣᠯᠤᠨ ᠬᠠᠷᠢᠶ᠎ᠠ | ᠨᠢᠭᠡᠴᠡ ᠶᠢᠨ ᠳᠣᠲᠣᠭᠠᠳᠤ ᠶᠢᠨ ᠡᠵᠡᠮᠳᠡᠯ᠂ ᠬᠢᠨᠠᠨ ᠪᠣᠳᠣᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ | ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠥᠪᠯᠡᠷᠡᠭᠦᠯᠦᠨ ᠬᠤᠳᠠᠯᠳᠤᠨ ᠠᠪᠬᠤ | ᠭᠠᠷᠴᠠᠭ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠵᠠᠰᠠᠭ ᠤᠨ | ᠣᠷᠳᠣᠨ ᠤ ᠬᠤᠳᠠᠯᠳᠤᠨ ᠠᠪᠬᠤ ᠵᠠᠭᠠᠯᠳᠤᠯᠭ᠎ᠠ ᠶᠢ ᠬᠦᠯᠢᠶᠡᠨ ᠠᠪᠤᠨ᠎ᠠ᠃ ᠲᠣᠭᠤᠷᠢᠭ ᠤᠨ ᠲᠣᠰ ᠱᠠᠲᠤᠨ ᠤ | ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠠᠵᠢᠯ ᠤᠨ ᠳᠤᠮᠳᠠᠬᠢ ᠪᠠ ᠳᠠᠷᠠᠭᠠᠬᠢ ᠬᠢᠨᠠᠯᠲᠠ | ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠪᠦᠬᠦ ᠲᠣᠭᠤᠷᠢᠭ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠢ | ᠵᠢᠯᠣᠭᠤᠳᠤᠨ᠎ᠠ᠃ | ︵ᠬᠤᠶᠠᠷ︶ ᠤᠯᠤᠰ ᠤᠨ ᠬᠥᠮᠥᠷᠭᠡ ᠶᠢᠨ ᠰᠲ᠋ᠣᠺ᠃ ᠲᠥᠰᠥᠪ ᠢ ᠬᠡᠷᠡᠭᠵᠢᠭᠦᠯᠬᠦ ᠬᠢᠨᠠᠨ ᠡᠵᠡᠮᠳᠡᠬᠦ ᠵᠢᠴᠢ | ᠵᠠᠳᠠᠯᠤᠨ ᠲᠥᠰᠦᠭᠡᠯᠡᠬᠦ ᠶᠢ ᠵᠣᠬᠢᠶᠠᠨ ᠪᠠᠶᠢᠭᠤᠯᠬᠤ ᠬᠡᠷᠡᠭᠲᠡᠢ᠃ ᠡᠳ᠋ ᠤᠨ ᠵᠠᠰᠠᠭ ᠤᠨ ᠶᠡᠷᠦᠩᠬᠡᠢ ᠲᠥᠰᠥᠪ ᠤᠨ | ᠨᠢᠭᠲᠠᠯᠠᠨ ᠪᠣᠳᠣᠬᠤ ᠳᠦᠷᠢᠮ ᠢ ᠬᠡᠷᠡᠭᠵᠢᠭᠦᠯᠦᠨ᠎ᠡ᠃ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ ᠪᠠ | ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠳᠦᠷᠢᠮ ᠢ ᠬᠡᠷᠡᠭᠵᠢᠭᠦᠯᠦᠨ᠎ᠡ᠃ ᠲᠣᠭᠤᠷᠢᠭ ᠤᠨ ᠲᠣᠰ | ᠱᠠᠲᠤᠨ ᠤ ᠲᠥᠰᠦᠪ ᠤᠨ ᠪᠠᠯᠠ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠶᠡᠷᠦᠩᠬᠡᠶ ᠨᠢᠭᠲᠠᠯᠠᠨ ᠪᠤᠳᠤᠬᠤ ᠲᠣᠭᠠᠴᠠᠭ᠎ᠠ | ᠬᠢᠬᠦ ᠶᠢ ᠬᠠᠷᠢᠭᠤᠴᠠᠨ᠎ᠠ᠃ ᠡᠳ᠋ ᠤᠨ ᠵᠠᠰᠠᠭ ᠪᠣᠯᠤᠨ ᠲᠥᠰᠦᠪ ᠤᠨ ᠨᠢᠭᠡᠴᠡ ᠶᠢᠨ ᠳᠠᠩᠰᠠᠨ ᠡᠷᠦᠬᠡ ᠶᠢ ᠬᠠᠮᠢᠶᠠᠷᠴᠤ᠂ | ᠲᠣᠭᠤᠷᠢᠭ ᠤᠨ ᠲᠤᠰ ᠱᠠᠲᠤᠨ ᠤ ᠨᠠᠶᠢᠷᠠᠭᠤᠯᠤᠨ ᠵᠣᠬᠢᠶᠠᠬᠤ ᠶᠢᠨ ᠬᠠᠮᠲᠤ ᠪᠦᠬᠦ ᠲᠣᠭᠤᠷᠢᠭ ᠤᠨ ᠵᠠᠰᠠᠭ ᠤᠨ | ᠣᠷᠳᠣᠨ ᠤ ᠶᠡᠷᠦᠩᠬᠡᠶᠢᠯᠡᠭᠰᠡᠨ ᠡᠳ᠋ ᠤᠨ ᠶᠠᠪᠤᠳᠠᠯ ᠤᠨ ᠮᠡᠳᠡᠭᠦᠯᠦᠯᠲᠡ᠂ ᠡᠳ᠋ ᠤᠨ ᠵᠠᠰᠠᠭ ᠤᠨ ᠶᠡᠷᠦᠩᠬᠡᠶ | ᠲᠥᠰᠦᠪ ᠤᠨ ᠭᠦᠢᠴᠡᠳᠬᠡᠯ ᠵᠢᠴᠢ ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠬᠡᠯ ᠢ ᠬᠤᠷᠢᠶᠠᠩᠭᠤᠶᠢᠯᠠᠬᠤ | ᠬᠡᠷᠡᠭᠲᠡᠶ᠃ ᠤᠯᠤᠰ ᠤᠨ ᠬᠥᠮᠥᠷᠭᠡ ᠶᠢᠨ ᠪᠡᠯᠡᠨ ᠵᠣᠭᠤᠰ ᠤᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃ ᠪᠦᠬᠦ | ᠲᠣᠭᠤᠷᠢᠭ ᠤᠨ ᠡᠳ᠋ ᠤᠨ ᠵᠠᠰᠠᠭ ᠤᠨ ᠰᠢᠰᠲ᠋ᠧᠮ ᠤᠨ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ | ᠠᠵᠢᠯ ᠢ ᠬᠠᠷᠢᠭᠤᠴᠠᠨ᠎ᠠ᠃ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠬᠡᠷᠡᠭᠵᠢᠭᠦᠯᠦᠨ᠎ᠡ᠃ | ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠵᠣᠬᠢᠴᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠬᠢᠭᠡᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠴᠢᠳᠠᠪᠤᠷᠢ ᠶᠢᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ᠎ᠡ᠃ ᠡᠳ᠋ ᠤᠨ ᠵᠠᠰᠠᠭ ᠤᠨ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠵᠣᠬᠢᠶᠠᠨ ᠪᠠᠶᠢᠭᠤᠯᠤᠨ᠎ᠠ᠃ ᠳᠡᠭᠡᠳᠦ ᠱᠠᠲᠤᠨ ᠤ | ᠣᠷᠣᠨ ᠨᠤᠲᠤᠭ ᠤᠨ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠲᠤᠬᠠᠶ ᠰᠠᠨᠠᠯ᠂ ᠰᠠᠨᠠᠭᠤᠯᠭ᠎ᠠ ᠶᠢ | ᠬᠡᠷᠡᠭᠵᠢᠭᠦᠯᠦᠨ᠎ᠡ᠃ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠣᠷᠣᠨ ᠨᠤᠲᠤᠭ ᠤᠨ ᠭᠠᠶᠢᠯᠢ ᠶᠢ ᠬᠠᠰᠤᠵᠤ | ᠬᠡᠯᠲᠦᠷᠢᠭᠦᠯᠬᠦ ᠪᠠ ᠭᠠᠶᠢᠯᠢ ᠶᠢᠨ ᠨᠣᠷᠮ᠎ᠠ ᠶᠢ ᠲᠣᠬᠢᠷᠠᠭᠤᠯᠬᠤ ᠠᠵᠢᠯ ᠢ ᠮᠡᠳᠡᠭᠦᠯᠬᠦ ᠬᠡᠷᠡᠭᠲᠡᠶ᠃ ᠠᠰᠢᠭ | ᠬᠤᠨᠵᠢᠪᠣᠷᠢ ᠶᠢᠨ ᠪᠤᠰᠤ ᠵᠣᠬᠢᠶᠠᠨ ᠪᠠᠶᠢᠭᠤᠯᠤᠯᠲᠠ ᠵᠡᠷᠭᠡ ᠶᠢᠨ ᠭᠠᠶᠢᠯᠢ ᠠᠴᠠ ᠬᠡᠯᠲᠦᠷᠢᠭᠦᠯᠬᠦ ᠠᠵᠢᠯ ᠢ ᠰᠠᠶᠢᠲᠤᠷ | ᠬᠢᠬᠦ ᠶᠢ ᠬᠠᠷᠢᠭᠤᠴᠠᠨ᠎ᠠ᠃ ᠲᠣᠭᠤᠷᠢᠭ ᠤᠨ ᠲᠣᠰ ᠱᠠᠲᠤᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ | ᠡᠭᠦᠷᠭᠡᠯᠡᠨ᠎ᠡ᠃ ᠲᠤᠭᠤᠷᠢᠭ ᠤᠨ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠲᠥᠷᠥᠯ ᠵᠦᠢᠯ ᠤᠨ | ᠬᠥᠮᠥᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ | ᠰᠦᠢᠳᠬᠡᠯ ᠬᠤᠷᠢᠶᠠᠬᠤ ᠶᠠᠪᠤᠳᠠᠯ ᠢ ᠢᠯᠭᠠᠷᠠᠭᠤᠯᠤᠨ ᠵᠢᠷᠤᠮᠵᠢᠭᠤᠯᠬᠤ ᠶᠢ ᠬᠠᠷᠢᠭᠤᠴᠠᠬᠤ ᠬᠡᠷᠡᠭᠲᠡᠶ᠃ ᠵᠠᠰᠠᠭ ᠤᠨ | ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠬᠤᠷᠢᠶᠠᠵᠤ | ᠠᠪᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳ᠋ᠦᠩ ᠾᠧ ᠲᠣᠭᠤᠷᠢᠭ ᠤᠨ ᠡᠳ᠋ ᠤᠨ ᠵᠠᠰᠠᠭ ᠤᠨ ᠫᠢᠶᠣᠣ | ᠪᠠᠷᠢᠮᠲᠠ ᠶᠢ ᠬᠠᠮᠢᠶᠠᠷᠤᠨ᠎ᠠ᠃ ᠪᠦᠬᠦ ᠲᠣᠭᠤᠷᠢᠭ ᠤᠨ ᠣᠷᠣᠯᠭ᠎ᠠ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ | ᠪᠠᠶᠢᠭᠤᠯᠤᠨ ᠰᠤᠳᠤᠯᠬᠤ ᠶᠢ ᠬᠠᠷᠢᠭᠤᠴᠠᠨ᠎ᠠ᠃ ᠭᠤᠤᠯᠳᠠᠯᠭ᠎ᠠ ᠲᠠᠢ ᠠᠵᠤ ᠠᠬᠤᠶᠢᠯᠠᠯ ᠤᠨ ᠭᠠᠶᠢᠯᠢ ᠶᠢᠨ ᠢᠷᠡᠯᠲᠡ ᠳᠤ | ᠪᠦᠷᠢᠳᠬᠡᠨ ᠵᠠᠳᠠᠯᠬᠤ ᠪᠠ ᠮᠥᠷᠳᠡᠨ ᠬᠢᠨᠠᠨ ᠰᠢᠨᠵᠢᠬᠦ ᠠᠵᠢᠯ ᠢ ᠥᠷᠨᠢᠭᠦᠯᠦᠨ᠎ᠡ᠃ | ︵ᠭᠤᠷᠪᠠ︶ ᠲᠥᠰᠥᠪ ᠤᠨ ᠰᠲ᠋ᠣᠺ᠃ ᠬᠤᠷᠸ᠎ᠠ ᠠᠵᠤ ᠠᠬᠤᠢ ᠶᠢᠨ ᠪᠠᠶᠢᠳᠠᠯ ᠢ ᠵᠠᠳᠠᠯᠤᠨ ᠲᠥᠰᠥᠭᠡᠯᠡᠬᠦ ᠶᠢᠨ | ᠬᠠᠮᠲᠤ ᠬᠤᠷᠸ᠎ᠠ ᠲᠣᠬᠢᠷᠠᠭᠤᠯᠤᠯ ᠡᠵᠡᠮᠳᠡᠯ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠡᠳ᠋ ᠤᠨ | ᠵᠠᠰᠠᠭ ᠤᠨ ᠲᠥᠷᠥ ᠶᠢᠨ ᠪᠣᠳᠣᠯᠭ᠎ᠠ᠂ ᠲᠥᠰᠦᠪ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠵᠤ᠂ | ᠳᠤᠮᠳᠠ ᠪᠠ ᠤᠷᠲᠤ ᠬᠤᠭᠤᠴᠠᠭᠠᠨ ᠤ ᠡᠳ᠋ ᠤᠨ ᠵᠠᠰᠠᠭ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ | ᠨᠠᠶᠢᠷᠠᠭᠤᠯᠤᠨ ᠵᠣᠬᠢᠶᠠᠨ᠎ᠠ᠃ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠪᠠ | ᠥᠭᠡᠷᠡᠴᠢᠯᠡᠯᠲᠡ ᠶᠢᠨ ᠲᠥᠰᠦᠯ ᠢ ᠳᠤᠷᠠᠳᠤᠨ᠎ᠠ᠃ ᠠᠵᠤ ᠠᠬᠤᠢ ᠨᠡᠶᠢᠭᠡᠮ᠂ ᠡᠳ᠋ ᠤᠨ ᠵᠠᠰᠠᠭ ᠤᠨ ᠠᠵᠢᠯ ᠤᠨ | ᠳᠤᠮᠳᠠᠬᠢ ᠴᠢᠬᠤᠯᠠ ᠶᠡᠭᠡ ᠠᠰᠠᠭᠤᠳᠠᠯ ᠢ ᠰᠣᠳᠤᠯᠤᠨ᠂ ᠡᠳ᠋ ᠤᠨ ᠵᠠᠰᠠᠭ ᠭᠠᠶᠢᠯᠢ ᠶᠢᠨ ᠥᠭᠡᠷᠡᠴᠢᠯᠡᠯᠲᠡᠡ ᠪᠠ | ᠴᠢᠬᠤᠯᠠ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠤᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠬᠤᠯᠪᠤᠭᠳᠠᠯ | ᠪᠦᠬᠦᠢ ᠬᠦᠷᠢᠶᠡᠨ ᠲᠠᠬᠢ ᠥᠭᠡᠷᠡᠴᠢᠯᠡᠯᠲᠠ ᠬᠥᠭᠵᠢᠯᠲᠡ ᠶᠢ ᠳᠡᠮᠵᠢᠬᠦ ᠰᠠᠨᠠᠭᠤᠯᠭ᠎ᠠ ᠶᠢ ᠡᠳ᠋ ᠤᠨ ᠵᠠᠰᠠᠭ ᠠᠴᠠ | ᠳᠤᠷᠠᠳᠤᠨ᠎ᠠ᠃ ᠣᠷᠣᠨ ᠪᠦᠰᠡ ᠶᠢᠨ ᠬᠥᠭᠵᠢᠯᠲᠡ ᠶᠢᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ | ᠠᠵᠢᠯ ᠢ ᠡᠭᠦᠷᠭᠡᠯᠡᠨ᠎ᠡ᠃ ᠲᠣᠭᠤᠷᠢᠭ ᠤᠨ ᠲᠣᠰ ᠱᠠᠲᠤᠨ ᠤ ᠲᠥᠰᠦᠪ ᠪᠠ ᠲᠥᠰᠦᠪ ᠤᠨ ᠭᠦᠢᠴᠡᠳᠬᠡᠯ ᠤᠨ | ᠲᠥᠰᠦᠯ ᠪᠠ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ᠢ ᠨᠠᠶᠢᠷᠠᠭᠤᠯᠤᠨ ᠵᠣᠬᠢᠶᠠᠨ᠎ᠠ᠃ ᠪᠦᠬᠦ ᠲᠣᠭᠤᠷᠢᠭ ᠤᠨ | ᠡᠳ᠋ ᠤᠨ ᠵᠠᠰᠠᠭ ᠤᠨ ᠵᠢᠯ ᠤᠨ ᠲᠥᠰᠥᠪ ᠢ ᠬᠤᠷᠢᠶᠠᠩᠭᠤᠶᠢᠯᠠᠨ᠎ᠠ᠃ ᠲᠤᠭᠤᠷᠢᠭ ᠤᠨ ᠲᠤᠰ ᠱᠠᠲᠤᠨ ᠤ ᠡᠩ ᠤᠨ | ᠣᠯᠠᠨ ᠨᠡᠶᠢᠲᠡ ᠶᠢᠨ ᠲᠥᠰᠦᠪ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ᠂ ᠤᠯᠤᠰ ᠤᠨ | ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ | ᠲᠥᠰᠦᠪ ᠢ ᠨᠠᠶᠢᠷᠠᠭᠤᠯᠤᠨ ᠵᠣᠬᠢᠶᠠᠬᠤ᠂ ᠬᠢᠨᠠᠨ ᠬᠠᠷᠭᠤᠭᠤᠯᠬᠤ ᠵᠡᠷᠭᠡ ᠠᠵᠢᠯ ᠢ ᠵᠣᠬᠢᠶᠠᠨ ᠪᠠᠶᠢᠭᠤᠯᠤᠨ᠎ᠠ᠃ ᠡᠳ᠋ ᠤᠨ | ᠵᠠᠰᠠᠭ ᠤᠨ ᠶᠠᠮᠤᠨ ᠤ ᠲᠣᠭᠲᠠᠭᠠᠭᠰᠠᠨ ᠲᠥᠰᠥᠪ ᠤᠨ ᠵᠠᠷᠤᠯᠭ᠎ᠠ ᠶᠢᠨ ᠪᠠᠷᠢᠮᠵᠢᠶ᠎ᠠ ᠶᠢ ᠦᠨᠳᠦᠰᠦᠯᠡᠨ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ ᠡᠳ᠋ ᠤᠨ ᠬᠦᠴᠦᠨ ᠤ ᠪᠠᠶᠢᠳᠠᠯ ᠵᠡᠷᠭᠡ ᠲᠠᠢ ᠤᠶᠠᠯᠳᠤᠭᠤᠯᠵᠤ᠂ | ᠲᠣᠭᠤᠷᠢᠭ ᠤᠨ ᠲᠤᠰ ᠱᠠᠲᠤᠨ ᠤ ᠲᠥᠰᠥᠪ ᠤᠨ ᠵᠠᠷᠤᠯᠭ᠎ᠠ ᠶᠢᠨ ᠪᠠᠷᠢᠮᠵᠢᠶ᠎ᠠ ᠶᠢ ᠲᠣᠭᠲᠠᠭᠠᠨ᠎ᠠ᠃ ᠲᠥᠰᠥᠪ ᠢ ᠨᠢᠭᠡ | ᠴᠣᠭᠴᠠᠵᠢᠭᠤᠯᠤᠭᠰᠠᠨ ᠲᠥᠷᠥᠯ ᠵᠦᠢᠯ ᠤᠨ ᠬᠥᠮᠥᠷᠭᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠡᠳ᠋ ᠤᠨ | ᠵᠠᠰᠠᠭ ᠤᠨ ᠰᠢᠯᠵᠢᠭᠦᠯᠦᠨ ᠥᠭᠬᠦ ᠪᠠ ᠵᠢᠯ ᠤᠨ ᠡᠴᠦᠰ ᠤᠨ ᠳ᠋ᠦᠩᠨᠡᠨ ᠪᠤᠳᠤᠬᠤ ᠠᠵᠢᠯ ᠢ ᠡᠭᠦᠷᠭᠡᠯᠡᠨ᠎ᠡ᠃ | ︵ᠳᠥᠷᠪᠡ︶ ᠥᠷᠢ ᠶᠢᠨ ᠬᠠᠮᠢᠶᠠᠷᠤᠯᠲᠠ ᠶᠢᠨ ᠲᠠᠰᠤᠭ᠃ ᠳ᠋ᠦᠩ ᠾᠧ ᠲᠣᠭᠤᠷᠢᠭ ᠤᠨ ᠣᠷᠣᠨ | ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ | ᠲᠣᠭᠲᠠᠭᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠬᠢᠵᠠᠭᠠᠷ | ᠲᠤᠭ᠎ᠠ ᠶᠢᠨ ᠬᠠᠮᠢᠶᠠᠷᠤᠯᠲᠠ ᠪᠠ ᠲᠥᠰᠦᠪ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠣᠷᠣᠨ ᠨᠤᠲᠤᠭ ᠤᠨ | ᠵᠠᠰᠠᠭ ᠤᠨ ᠣᠷᠳᠣᠨ ᠤ ᠥᠷᠢ ᠥᠭᠴᠡᠭᠡ᠂ ᠥᠷᠢ ᠲᠥᠯᠥᠬᠦ ᠪᠡᠯᠡ ᠮᠥᠩᠭᠦ ᠲᠣᠬᠢᠷᠠᠭᠤᠯᠬᠤ ᠰᠠᠨᠠᠭᠤᠯᠭ᠎ᠠ | ᠳᠤᠷᠠᠳᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ᠎ᠠ᠃ ᠣᠷᠣᠨ | ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ | ᠲᠡᠮᠳᠡᠭᠲᠦ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠤᠯᠤᠰ ᠤᠨ ᠵᠢᠭᠡᠯᠡᠯᠭᠡ ᠶᠢᠨ ᠪᠡᠯᠡ | ᠮᠥᠩᠭᠦ ᠶᠢᠨ ᠥᠷᠢ ᠥᠭᠴᠡᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠯ᠎ᠡ ᠰᠠᠯᠠᠭ᠎ᠠ ᠮᠥᠴᠢᠷ ︵ | ᠨᠢᠭᠡᠴᠡ︶᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠷᠢ ᠥᠭᠴᠡᠭᠡᠨ ᠤ ᠬᠠᠮᠢᠶᠠᠷᠤᠯᠲᠠ ᠶᠢᠨ ᠠᠵᠢᠯ ᠢ | ᠵᠢᠯᠣᠭᠤᠳᠤᠨ᠎ᠠ᠃ | ︵ᠲᠠᠪᠤ︶ ᠤᠯᠤᠰ ᠤᠨ ᠬᠥᠷᠥᠩᠭᠡ ᠶᠢᠨ ᠰᠲ᠋ᠣᠺ᠃ ᠳ᠋ᠦᠩ ᠾᠧ ᠲᠣᠭᠤᠷᠢᠭ ᠤᠨ ᠵᠠᠰᠠᠭ ᠵᠠᠬᠢᠷᠭᠠᠨ ᠠᠵᠢᠯ | ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠳᠦᠷᠢᠮ ᠲᠣᠭᠲᠠᠭᠠᠯ ᠢ ᠲᠤᠭᠤᠷᠪᠢᠨ | ᠲᠣᠭᠲᠠᠭᠠᠵᠤ᠂ ᠲᠣᠭᠤᠷᠢᠭ ᠤᠨ ᠲᠤᠰ ᠱᠠᠲᠤᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠮᠡᠳᠡᠭᠦᠯᠬᠦ ᠳᠦᠷᠢᠮ᠂ ᠵᠠᠰᠠᠭ | ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠮᠡᠳᠡᠭᠦᠯᠬᠦ ᠳᠦᠷᠢᠮ ᠢ | ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠮᠡᠳᠡᠭᠡ ᠵᠠᠩᠭᠢᠵᠢᠯᠲᠠ ᠶᠢᠨ ᠡᠳ᠋ ᠬᠥᠷᠥᠩᠭᠡ ᠶᠢᠨ ᠲᠠᠪᠴᠠᠩ᠂ | ᠠᠯᠪᠠᠨ ᠡᠳ᠋ ᠪᠠᠷᠠᠭ᠎ᠠ ᠶᠢᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ | ᠠᠵᠤ ᠦᠢᠯᠡᠳᠪᠦᠷᠢ ᠶᠢᠨ ᠮᠡᠳᠡᠭᠡ ᠵᠠᠩᠭᠢᠵᠢᠯᠲᠠ᠂ ᠡᠨᠧᠷᠭᠢ᠂ ᠵᠠᠮ ᠬᠠᠷᠢᠯᠴᠠᠭ᠎ᠠ᠂ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠠᠮᠢᠶᠠᠷᠤᠯᠲᠠ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ᠂ ᠪᠠᠴᠢᠮ ᠪᠠᠶᠢᠳᠠᠯ ᠢ | ᠠᠷᠭᠠᠴᠠᠬᠤ ᠵᠡᠷᠭᠡ ᠰᠠᠯᠠᠭ᠎ᠠ ᠮᠥᠴᠢᠷ ᠤᠨ ᠲᠥᠰᠦᠪ ᠪᠠ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ | ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠳ᠋ | ᠬᠥᠷᠥᠩᠭᠡ ᠳᠤ ᠬᠢᠨᠠᠯᠲᠠ ᠲᠠᠯᠪᠢᠬᠤ ᠪᠠ ᠥᠭᠡᠷᠡᠴᠢᠯᠡᠯᠲᠡ ᠬᠢᠬᠦ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢ | ᠰᠤᠳᠤᠯᠤᠨ ᠲᠤᠭᠤᠷᠪᠢᠨ ᠲᠣᠭᠲᠠᠭᠠᠨ᠎ᠠ᠃ ᠬᠤᠳᠠᠯᠳᠤᠭᠠᠴᠢᠨ ᠤᠷᠢᠬᠤ᠂ ᠠᠷᠠᠯᠵᠢᠶ᠎ᠠ ᠬᠤᠳᠠᠯᠳᠤᠭ᠎ᠠ᠂ ᠪᠣᠭᠤᠮᠲᠠ | ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠠ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ | ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠬᠤᠯᠪᠣᠭᠳᠠᠯ ᠪᠦᠬᠦᠢ ᠡᠳ᠋ ᠤᠨ ᠵᠠᠰᠠᠭ ᠤᠨ ᠲᠥᠷᠥ ᠶᠢᠨ | ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠠᠮᠤ ᠪᠤᠳᠠᠭ᠎ᠠ ᠲᠣᠰᠣ ᠵᠡᠷᠭᠡ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ ᠶᠢᠨ ᠴᠢᠨᠠᠷᠲᠠᠶ ᠨᠥᠬᠦᠪᠥᠷᠢ ᠪᠣᠯᠤᠨ ᠲᠤᠰᠬᠠᠶ ᠵᠦᠢᠯ ᠤᠨ ᠨᠥᠭᠡᠴᠡᠯᠡᠯᠲᠡ ᠶᠢᠨ ᠡᠳ᠋ ᠤᠨ ᠵᠠᠰᠠᠭ ᠤᠨ | ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠬᠠᠷᠠᠯᠲᠠᠲᠤ ᠦᠨ᠎ᠡ | ᠬᠠᠩᠰᠢ ᠶᠢᠨ ᠨᠥᠬᠦᠪᠥᠷᠢ ᠵᠡᠷᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ | ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠨᠠᠶᠢᠷᠠᠭᠤᠯᠤᠨ ᠮᠡᠳᠡᠭᠦᠯᠬᠦ ᠪᠠ | ᠬᠡᠷᠡᠭᠵᠢᠭᠦᠯᠬᠦ ᠶᠢ ᠬᠠᠷᠢᠭᠤᠴᠠᠵᠤ᠂ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠳᠦᠷᠢᠮ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠮᠡᠳᠡᠭᠦᠯᠬᠦ ᠳᠦᠷᠢᠮ ᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠠᠯᠢᠩ ᠤᠨ ᠶᠡᠷᠦᠩᠬᠡᠶ ᠲᠤᠭ᠎ᠠ ᠶᠢ ᠲᠣᠭᠲᠠᠭᠠᠬᠤ ᠲᠣᠭᠲᠠᠴᠠ | ᠪᠣᠯᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠥᠭᠡᠷᠡᠴᠢᠯᠡᠯᠲᠡ ᠶᠢ ᠬᠠᠷᠢᠭᠤᠴᠠᠨ᠎ᠠ᠃ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢ ᠳᠡᠮᠵᠢᠬᠦ | ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠳᠤ ᠬᠢᠨᠠᠯᠲᠠ ᠲᠠᠯᠪᠢᠬᠤ | ᠬᠠᠷᠢᠭᠤᠴᠠᠯᠭ᠎ᠠ ᠶᠢ ᠡᠭᠦᠷᠭᠡᠯᠡᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ | ᠥᠷᠲᠡᠭ ᠢ ᠨᠡᠮᠡᠭᠳᠡᠭᠦᠯᠬᠦ ᠭᠦᠢᠴᠡᠳᠬᠡᠬᠦ ᠲᠣᠭᠠᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠨ | ᠰᠢᠯᠭᠠᠬᠤ ᠪᠠᠷᠢᠮᠵᠢᠶ᠎ᠠ ᠪᠣᠯᠤᠨ ᠠᠷᠭ᠎ᠠ ᠬᠡᠮᠵᠢᠶ᠎ᠡ ᠠᠷᠭ᠎ᠠ ᠶᠢ ᠲᠣᠭᠲᠠᠭᠠᠨ᠂ ᠪᠦᠷᠢᠳᠬᠡᠬᠦ᠂ ᠲᠤᠯᠭᠠᠨ ᠪᠣᠳᠣᠬᠤ ᠪᠠᠷ | ᠳᠠᠮᠵᠢᠭᠤᠯᠤᠨ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠵᠦ ᠪᠠᠶᠢᠭ᠎ᠠ ᠪᠠᠶᠢᠳᠠᠯ ᠳᠤ ᠬᠢᠨᠠᠨ ᠬᠠᠮᠢᠶᠠᠷᠤᠯᠲᠠ ᠬᠢᠬᠦ ᠬᠡᠷᠡᠭᠲᠡᠶ᠃ | ᠤᠯᠤᠰ ᠤᠨ ᠥᠮᠴᠢᠯᠡᠯᠲᠦ ᠡᠳ᠋ ᠬᠥᠷᠥᠩᠭᠡ ᠲᠠᠢ ᠬᠤᠯᠪᠣᠭᠳᠠᠬᠤ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭ᠎ᠠ ᠠᠵᠢᠯ | ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠬᠤ ᠳᠦᠷᠢᠮ | ᠲᠣᠭᠲᠠᠭᠠᠬᠤ ᠠᠵᠢᠯ ᠢ ᠬᠠᠷᠢᠭᠤᠴᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠨᠡᠶᠢᠯᠡᠭᠦᠯᠵᠦ ᠳᠠᠬᠢᠨ | ᠵᠣᠬᠢᠶᠠᠨ ᠪᠠᠶᠢᠭᠤᠯᠬᠤ᠂ ᠥᠭᠡᠷᠡᠴᠢᠯᠡᠯᠲᠡ ᠶᠢ ᠳᠡᠮᠵᠢᠬᠦ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠰᠤᠳᠤᠯᠤᠨ ᠳᠤᠷᠠᠳᠴᠤ᠂ ᠮᠥᠩᠭᠦᠨ ᠭᠦᠢᠯᠭᠡᠭᠡᠨ ᠤ ᠲᠥᠷᠥᠯ ᠤᠨ ᠠᠵᠤ ᠠᠬᠤᠶᠢᠯᠠᠯ ᠤᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃ ᠪᠥᠬᠦ ᠲᠣᠭᠤᠷᠢᠭ ᠤᠨ ᠤᠯᠤᠰ ᠤᠨ | ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠲᠣᠭᠤᠷᠢᠭ ᠤᠨ ᠲᠤᠰ ᠱᠠᠲᠤᠨ ᠤ ᠰᠢᠭᠤᠳ ᠬᠠᠷᠢᠶ᠎ᠠ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ | ᠲᠥᠰᠦᠪ ᠤᠨ ᠳᠦᠷᠢᠮ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠲᠥᠰᠦᠯ ᠢ | ᠨᠠᠶᠢᠷᠠᠭᠤᠯᠤᠨ ᠮᠡᠳᠡᠭᠦᠯᠬᠦ᠂ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠯᠵᠠᠪᠤᠷᠢ ᠶᠢ ᠬᠢᠨᠠᠨ | ᠲᠤᠰᠢᠶᠠᠬᠤ ᠶᠢ ᠬᠠᠷᠢᠭᠤᠴᠠᠨ᠎ᠠ᠃ | ︵ᠵᠢᠷᠭᠤᠭ᠎ᠠ︶ ᠬᠥᠳᠡᠭᠡ ᠠᠵᠤ ᠠᠬᠤᠢ ᠬᠥᠳᠡᠭᠡ ᠲᠣᠰᠬᠤᠨ ᠤ ᠰᠲ᠋ᠣᠺ᠃ ᠲᠠᠷᠢᠶᠠᠯᠠᠩ ᠪᠣᠯᠤᠨ ᠬᠥᠳᠡᠭᠡ | ᠲᠣᠰᠬᠤᠨ᠂ ᠶᠠᠳᠠᠭᠤ ᠶᠢ ᠲᠡᠳᠬᠦᠬᠦ᠂ ᠤᠰᠤᠨ ᠠᠰᠢᠭᠯᠠᠯᠲᠠ᠂ ᠣᠶ ᠰᠢᠭᠤᠶ ᠪᠣᠯᠤᠨ ᠨᠤᠲᠤᠭ ᠪᠡᠯᠴᠢᠭᠡᠷ ᠵᠡᠷᠭᠡ | ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠣᠯᠤᠨ ᠬᠠᠮᠢᠶ᠎ᠠ ᠪᠥᠬᠦᠶ ᠬᠦᠷᠢᠶᠡᠨ ᠤ ᠲᠥᠰᠦᠪ ᠤᠨ ᠵᠠᠷᠤᠯᠭ᠎ᠠ ᠶᠢᠨ | ᠬᠤᠯᠪᠣᠭᠳᠠᠯ ᠪᠥᠬᠦᠶ ᠠᠵᠢᠯ ᠢ ᠡᠭᠦᠷᠭᠡᠯᠡᠵᠦ᠂ ᠬᠠᠮᠢᠶ᠎ᠠ ᠪᠥᠬᠦᠶ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ | ᠰᠠᠨᠠᠭᠤᠯᠭ᠎ᠠ ᠳᠤᠷᠠᠳᠤᠨ᠎ᠠ᠃ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠳᠡᠮᠵᠢᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠡᠳ᠋ ᠤᠨ ᠵᠠᠰᠠᠭ ᠤᠨ | ᠶᠠᠳᠠᠭᠤ ᠶᠢ ᠲᠡᠳᠬᠦᠬᠦ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ᠃ ᠲᠠᠷᠢᠶᠠᠯᠠᠩ ᠤᠨ ᠠᠵᠤ | ᠦᠢᠯᠡᠰ ᠢᠶᠠᠷ ᠶᠠᠳᠠᠭᠤ ᠶᠢ ᠲᠡᠳᠬᠦᠬᠦ ᠬᠥᠭᠵᠢᠯᠲᠡ ᠶᠢᠨ ᠰᠠᠭᠤᠷᠢ ᠮᠥᠩᠭᠦ ᠵᠡᠷᠭᠡ ᠡᠳ᠋ ᠤᠨ ᠵᠠᠰᠠᠭ ᠤᠨ ᠲᠠᠷᠢᠶᠠᠯᠠᠩ ᠢ | ᠳᠡᠮᠵᠢᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠡᠳ᠋ ᠤᠨ ᠵᠠᠰᠠᠭ ᠤᠨ ᠨᠥᠬᠦᠪᠥᠷᠢ ᠶᠢᠨ | ᠪᠡᠯᠡ ᠮᠥᠩᠭᠦ ᠶᠢᠨ ︽ᠪᠦᠬᠦᠨ ᠳᠤ ᠲᠣᠬᠢᠷᠠᠬᠤ ᠺᠠᠷᠲ︾ ᠢᠶᠠᠷ ᠣᠯᠭᠤᠬᠤ ᠬᠠᠮᠢᠶᠠᠷᠤᠯᠲᠠ ᠶᠢ ᠬᠠᠷᠢᠭᠤᠴᠠᠨ᠎ᠠ᠃ | ᠳ᠋ᠦᠩ ᠾᠧ ᠲᠣᠭᠤᠷᠢᠭ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠠᠭᠤᠷᠢ | ᠮᠥᠩᠭᠦ ᠶᠢ ᠬᠠᠮᠢᠶᠠᠷᠤᠨ᠎ᠠ᠃ ᠪᠦᠬᠦ ᠲᠣᠭᠤᠷᠢᠭ ᠤᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠠᠵᠢᠯ ᠢ ᠡᠭᠦᠷᠭᠡᠯᠡᠵᠦ᠂ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠳᠤᠷᠠᠳᠤᠨ᠎ᠠ᠃ ᠬᠥᠳᠡᠭᠡ ᠲᠣᠰᠬᠤᠨ ᠤ | ᠡᠳ᠋ ᠤᠨ ᠵᠠᠰᠠᠭ ᠤᠨ ᠲᠤᠰᠬᠠᠶ ᠵᠦᠢᠯ ᠤᠨ ᠪᠡᠯᠡ ᠮᠥᠩᠭᠦ ᠶᠢᠨ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ | ᠠᠵᠢᠯ ᠢ ᠡᠭᠦᠷᠭᠡᠯᠡᠨ᠎ᠡ᠃ | ︵ᠳᠣᠯᠤᠭ᠎ᠠ︶ ᠨᠡᠶᠢᠭᠡᠮ ᠤᠨ ᠪᠠᠲᠤᠯᠠᠭ᠎ᠠ ᠶᠢᠨ ᠰᠲ᠋ᠣᠺ᠃ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠴᠡᠷᠢᠭ ᠠᠴᠠ | ᠬᠠᠯᠠᠭᠳᠠᠭᠰᠠᠳ ᠤᠨ ᠶᠠᠪᠤᠳᠠᠯ᠂ ᠡᠮᠴᠢᠯᠡᠭᠡᠨ ᠤ ᠪᠠᠲᠤᠯᠠᠭ᠎ᠠ ᠵᠡᠷᠭᠡ ᠲᠠᠯ᠎ᠠ ᠪᠠ ᠲᠣᠭᠤᠷᠢᠭ ᠤᠨ ᠵᠡᠮᠳᠡᠭᠴᠦᠳ ᠤᠨ | ᠬᠤᠯᠪᠣᠭᠠᠲᠤ ᠬᠤᠷᠠᠯ᠂ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠲᠣᠭᠤᠷᠢᠭ ᠤᠨ ᠨᠠᠮ ᠤᠨ | ᠬᠤᠷᠢᠶ᠎ᠠ ᠶᠢᠨ ᠠᠬᠠᠮᠠᠳ ᠺᠠᠳ᠋ᠷᠴᠤᠳ ᠤᠨ ᠲᠣᠪᠴᠢᠶ᠎ᠠ ᠶᠢᠨ ᠰᠠᠯᠠᠭ᠎ᠠ ᠮᠥᠴᠢᠷ ᠤᠨ ᠲᠥᠰᠦᠪ ᠪᠠ ᠬᠠᠮᠢᠶ᠎ᠠ ᠪᠥᠬᠦᠶ | ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠥᠬᠦᠶ ᠠᠵᠢᠯ ᠢ ᠡᠭᠦᠷᠭᠡᠯᠡᠵᠦ᠂ ᠬᠠᠮᠢᠶ᠎ᠠ ᠪᠥᠬᠦᠶ ᠡᠳ᠋ ᠤᠨ | ᠵᠠᠰᠠᠭ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠪᠠ᠃ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ | ᠬᠠᠮᠲᠤᠷᠠᠨ ᠳ᠋ᠦᠩ ᠾᠧ ᠲᠣᠭᠤᠷᠢᠭ ᠤᠨ ᠬᠤᠯᠪᠣᠭᠳᠠᠯ ᠪᠦᠬᠦᠢ ᠪᠡᠯᠡ ᠮᠥᠩᠭᠦ ︵ᠰᠠᠭᠤᠷᠢ ᠮᠥᠩᠭᠦ︶ ᠶᠢ | ᠲᠤᠭᠤᠷᠪᠢᠨ ᠲᠣᠭᠲᠠᠭᠠᠨ᠎ᠠ︶ ᠬᠠᠮᠢᠶᠠᠷᠤᠯᠲᠠ ᠶᠢᠨ ᠠᠷᠭ᠎ᠠ ᠪᠠ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ᠂ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠣᠷᠣᠯᠭ᠎ᠠ ᠵᠠᠷᠤᠯᠭ᠎ᠠ ᠶᠢᠨ ᠲᠥᠰᠦᠪ ᠤᠨ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠪᠦᠬᠦ ᠲᠤᠭᠤᠷᠢᠭ ᠤᠨ ᠨᠡᠶᠢᠭᠡᠮ ᠤᠨ ᠳᠠᠭᠠᠳᠬᠠᠯ ᠤᠨ ᠰᠠᠭᠤᠷᠢ | ᠮᠦᠩᠭᠦᠨ ᠤ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ | ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠬᠤ ᠬᠡᠷᠡᠭᠲᠡᠶ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ | ᠡᠳ᠋ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ ᠵᠡᠷᠭᠡ ᠤᠯᠤᠰ ᠤᠨ ᠥᠮᠴᠢᠯᠡᠯᠲᠦ ᠡᠬᠢ | ᠪᠠᠶᠠᠯᠢᠭ ᠢ ᠬᠢᠮᠳᠠ ᠪᠠᠷ ᠬᠤᠳᠠᠯᠳᠤᠭᠰᠠᠨ ᠤ ᠣᠷᠣᠯᠭ᠎ᠠ ᠵᠠᠷᠤᠯᠭ᠎ᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ | ᠬᠡᠷᠡᠭᠲᠡᠶ᠃ ᠵᠠᠰᠠᠭ ᠤᠨ ᠣᠷᠳᠣᠨ ᠦᠢᠯᠡᠴᠢᠯᠡᠭᠡᠨ ᠬᠤᠳᠠᠯᠳᠤᠨ ᠠᠪᠬᠤ ᠳᠦᠷᠢᠮ ᠪᠠ ᠥᠭᠡᠷᠡᠴᠢᠯᠡᠯᠲᠡ ᠶᠢᠨ | ᠲᠥᠰᠦᠯ ᠢ ᠬᠡᠷᠡᠭᠵᠢᠭᠦᠯᠬᠦ ᠬᠡᠷᠡᠭᠲᠡᠶ᠃ ᠠᠯᠪᠠᠲᠠᠨ ᠤ ᠨᠡᠮᠡᠭᠦᠷᠢ ᠨᠥᠬᠦᠪᠥᠷᠢ ᠶᠢ ᠢᠯᠭᠠᠷᠠᠭᠤᠯᠤᠨ ᠵᠢᠷᠤᠮᠵᠢᠭᠤᠯᠬᠤ | ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ | ︵ᠨᠠᠢᠮᠠ︶ ᠵᠠᠰᠠᠭ ᠵᠠᠬᠢᠷᠭᠠᠨ ᠤ ᠤᠯᠤᠰ ᠲᠥᠷᠥ ᠬᠠᠤᠯᠢ ᠴᠠᠭᠠᠵᠠ ᠶᠢᠨ ᠲᠠᠰᠤᠭ ᠵᠠᠰᠠᠭ ᠵᠠᠬᠢᠷᠭᠠᠨ᠂ | ᠤᠯᠤᠰ ᠲᠥᠷᠥ ᠬᠠᠤᠯᠢ ᠴᠠᠭᠠᠵᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠯᠠᠭ᠎ᠠ ᠮᠥᠴᠢᠷ ᠤᠨ ᠲᠥᠰᠦᠪ | ᠪᠠ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ | ᠬᠠᠮᠢᠶ᠎ᠠ ᠪᠦᠬᠦᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠠᠯᠪᠠᠨ | ᠶᠠᠪᠤᠳᠠᠯ ᠤᠨ ᠵᠠᠷᠤᠯᠭ᠎ᠠ ᠶᠢᠨ ᠳᠦᠷᠢᠮ ᠤᠨ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠨ᠎ᠠ᠃ ᠬᠠᠮᠢᠶ᠎ᠠ ᠪᠦᠬᠦᠢ | ᠲᠤᠰᠬᠠᠢ ᠪᠡᠯᠡ ᠮᠦᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠤᠯᠤᠰ | ᠲᠥᠷᠥ ᠬᠠᠤᠯᠢ ᠴᠠᠭᠠᠵᠠ ᠶᠢᠨ ᠰᠢᠯᠵᠢᠭᠦᠯᠦᠨ ᠥᠭᠬᠦ ᠪᠡᠯᠡ ᠮᠥᠩᠭᠦ᠂ ᠲᠤᠰᠬᠠᠶ ᠪᠡᠯᠡ ᠮᠥᠩᠭᠦ ᠶᠢ ᠬᠠᠮᠢᠶᠠᠷᠴᠤ | ᠪᠠᠶᠢᠬᠤ ᠶᠢᠨ ᠬᠠᠮᠲᠤ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ | ᠬᠠᠷᠢᠭᠤᠴᠠᠨ᠎ᠠ᠃ ᠡᠭᠦᠷᠭᠡ ᠭᠦᠢᠴᠡᠳᠭᠡᠬᠦ ᠳᠤ ᠬᠡᠷᠡᠭᠯᠡᠬᠦ ᠲᠡᠷᠭᠡ ᠪᠣᠯᠤᠨ ᠣᠨᠴᠠ ᠲᠥᠷᠥᠯ ᠤᠨ ᠲᠤᠰᠬᠠᠶ | ᠮᠡᠷᠭᠡᠵᠢᠯ ᠤᠨ ᠬᠡᠷᠡᠭᠯᠡᠬᠦ ᠲᠡᠷᠭᠡ ᠶᠢᠨ ᠣᠷᠣᠨ ᠲᠤᠭ᠎ᠠ ᠶᠢ ᠬᠢᠨᠠᠨ ᠲᠣᠭᠲᠠᠭᠠᠬᠤ ᠵᠢᠴᠢ ᠲᠣᠬᠢᠷᠠᠭᠤᠯᠵᠤ ᠬᠡᠷᠡᠭᠯᠡᠬᠦ | ᠬᠠᠮᠢᠶᠠᠷᠤᠯᠲᠠ ᠶᠢ ᠬᠠᠷᠢᠭᠤᠴᠠᠨ᠎ᠠ᠃ ᠬᠡᠷᠡᠭ ᠲᠤ ᠬᠤᠯᠪᠣᠭᠳᠠᠭᠰᠠᠨ ᠡᠳ᠋ ᠪᠣᠳᠠᠰ ᠢ ᠬᠠᠮᠢᠶᠠᠷᠬᠤ ᠪᠠ | ᠰᠢᠢᠳᠪᠦᠷᠢᠯᠡᠬᠦ ᠶᠢ ᠬᠠᠷᠢᠭᠤᠴᠠᠨ᠎ᠠ᠃ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ ᠵᠡᠷᠭᠡ ᠲᠠᠯ᠎ᠠ ᠶᠢᠨ | ᠰᠠᠯᠠᠭ᠎ᠠ ᠮᠥᠴᠢᠷ ᠤᠨ ᠲᠥᠰᠦᠪ ᠪᠠ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ | ᠪᠦᠬᠦᠢ ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ | ᠪᠠᠶᠢᠭᠤᠯᠤᠯᠲᠠ ᠶᠢ ᠳᠤᠷᠠᠳᠤᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠣᠷᠠᠨ ᠬᠠᠮᠢᠶᠠᠷᠣᠯᠳᠠ ᠶᠢᠨ | ᠲᠣᠭᠤᠷᠢᠭ ᠤᠨ ᠲᠣᠰ ᠱᠠᠳᠣᠨ ᠤ ᠰᠣᠷᠭᠠᠨ ᠬᠦᠮᠦᠵᠢᠯ ᠤᠨ ᠵᠠᠷᠤᠳᠠᠯ ᠤᠨ ᠨᠡᠮᠡᠯᠳᠡ ᠵᠡᠷᠬᠡ ᠪᠡᠯᠡ ᠮᠦᠩᠭᠦ ᠶᠢᠨ | ᠵᠠᠷᠣᠯᠭ᠎ᠠ ᠶᠢᠨ ᠲᠦᠰᠦᠪ᠂ ᠡᠩ ᠤᠨ ᠣᠯᠠᠨ ᠨᠡᠶᠢᠲᠡ ᠶᠢᠨ ᠲᠥᠰᠦᠪ ᠤᠨ ᠬᠠᠮᠢᠶᠠᠷᠤᠯᠲᠠ ᠳᠤ ᠣᠷᠣᠭᠤᠯᠤᠭᠰᠠᠨ | ᠦᠭᠡᠢ ᠰᠤᠷᠭᠠᠨ ᠬᠥᠮᠦᠵᠢᠯ ᠤᠨ ᠰᠦᠢᠳᠬᠡᠯ ᠬᠤᠷᠢᠶᠠᠬᠤ ᠵᠠᠷᠤᠯᠭ᠎ᠠ ᠶᠢᠨ ᠬᠠᠮᠢᠶᠠᠷᠤᠯᠲᠠ ᠵᠡᠷᠭᠡ ᠠᠵᠢᠯ ᠢ | ᠡᠭᠦᠷᠭᠡᠯᠡᠨ᠎ᠡ᠃ ᠤᠬᠠᠭᠤᠯᠭ᠎ᠠ᠂ ᠰᠣᠶᠣᠯ ᠪᠠ ᠵᠢᠭᠤᠯᠴᠢᠯᠠᠯ᠂ ᠪᠡᠶ᠎ᠡ ᠶᠢᠨ ᠲᠠᠮᠢᠷ ᠵᠡᠷᠭᠡ ᠲᠠᠯ᠎ᠠ ᠶᠢᠨ ᠰᠠᠯᠠᠭ᠎ᠠ | ᠮᠥᠴᠢᠷ ᠤᠨ ᠲᠥᠰᠦᠪ ᠪᠠ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ | ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ | ᠳᠤᠷᠠᠳᠤᠨ᠎ᠠ᠃ ᠪᠡᠯᠡ ᠮᠥᠩᠭᠦ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠷᠭ᠎ᠠ ᠶᠢ ᠲᠤᠭᠤᠷᠪᠢᠨ ᠲᠣᠭᠲᠠᠭᠠᠨ᠎ᠠ᠃ | ᠬᠥᠭᠵᠢᠭᠦᠯᠦᠯᠲᠡ ᠥᠭᠡᠷᠡᠴᠢᠯᠡᠯᠲᠡ᠂ ᠬᠤᠲᠠ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠬᠤᠷᠠᠯ ᠤᠨ ᠰᠠᠯᠠᠭ᠎ᠠ | ᠮᠥᠴᠢᠷ ᠤᠨ ᠲᠥᠰᠦᠪ ᠪᠠ ᠬᠠᠮᠢᠶ᠎ᠠ ᠪᠥᠬᠦᠶ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠥᠬᠦᠶ | ᠠᠵᠢᠯ ᠢ ᠡᠭᠦᠷᠭᠡᠯᠡᠵᠦ᠂ ᠬᠠᠮᠢᠶ᠎ᠠ ᠪᠥᠬᠦᠶ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ | ᠳᠤᠷᠠᠳᠤᠨ᠎ᠠ᠃ ᠳ᠋ᠦᠩ ᠾᠧ ᠲᠣᠭᠤᠷᠢᠭ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ | ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠵᠤ᠂ ᠲᠥᠪ ᠪᠠ ᠥᠪᠡᠷᠲᠡᠭᠡᠨ ᠵᠠᠰᠠᠬᠤ ᠣᠷᠣᠨ᠂ ᠪᠤᠭᠤᠲᠤ | ᠬᠤᠲᠠ ᠵᠢᠴᠢ ᠳ᠋ᠦᠩ ᠾᠧ ᠲᠣᠭᠤᠷᠢᠭ ᠤᠨ ᠲᠥᠰᠦᠪ ᠤᠨ ᠳᠣᠲᠣᠷᠠᠬᠢ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠬᠤᠯᠪᠣᠭᠳᠠᠯ | ᠪᠦᠬᠦᠢ ᠠᠵᠢᠯ ᠢ ᠬᠠᠷᠢᠭᠤᠴᠠᠨ᠎ᠠ᠃ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠶᠢᠨ ᠪᠡᠯᠡ ᠣᠷᠣᠭᠤᠯᠤᠯᠲᠠ ᠶᠢᠨ | ᠲᠥᠷᠥᠯ ᠵᠦᠢᠯ ᠤᠨ ᠤᠷᠢᠳᠴᠢᠯᠠᠨ ᠪᠣᠳᠤᠬᠤ ᠲᠥᠰᠦᠪ ᠪᠠ ᠠᠵᠢᠯ ᠳᠠᠭᠤᠰᠤᠭᠰᠠᠨ ᠢ ᠰᠢᠢᠳᠪᠦᠷᠢᠯᠡᠬᠦ ᠶᠢ ᠦᠨᠡᠯᠡᠬᠦ | ᠪᠠ ᠬᠢᠨᠠᠨ ᠪᠠᠶᠢᠴᠠᠭᠠᠨ᠎ᠠ᠃ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ | ᠪᠠ ᠬᠠᠮᠢᠶ᠎ᠠ ᠪᠥᠬᠦᠶ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠥᠬᠦᠶ ᠠᠵᠢᠯ ᠢ ᠡᠭᠦᠷᠭᠡᠯᠡᠵᠦ᠂ ᠡᠬᠢ | ᠪᠠᠶᠠᠯᠢᠭ ᠢ ᠠᠷᠪᠢᠯᠠᠬᠤ᠂ ᠭᠠᠵᠠᠷ ᠰᠢᠷᠣᠶ ᠶᠢ ᠴᠡᠭᠴᠡᠯᠡᠨ ᠵᠠᠰᠠᠬᠤ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ᠂ | ᠪᠣᠬᠢᠷᠲᠤᠯ ᠢ ᠰᠡᠷᠭᠡᠶᠢᠯᠡᠨ ᠵᠠᠰᠠᠬᠤ᠂ ᠴᠥᠮ᠎ᠡ ᠪᠠ ᠰᠠᠴᠤᠷᠠᠭ ᠤᠨ ᠠᠮᠤᠷ ᠲᠦᠪᠰᠢᠨ᠂ ᠤᠯᠤᠰ ᠤᠨ ᠴᠡᠴᠡᠷᠯᠢᠭ ᠤᠨ | ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠶᠢᠨ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ | ᠳᠤᠷᠠᠳᠤᠨ᠎ᠠ᠃ ᠣᠷᠣᠨ ᠰᠠᠭᠤᠴᠠ ᠶᠢᠨ ᠥᠭᠡᠷᠡᠴᠢᠯᠡᠯᠲᠡ ᠪᠣᠯᠤᠨ ᠬᠤᠲᠠ ᠪᠠᠯᠭᠠᠰᠤ᠂ ᠬᠥᠳᠡᠭᠡ ᠲᠣᠰᠬᠤᠨ ᠤ ᠡᠯ᠎ᠡ | ᠲᠥᠷᠥᠯ ᠤᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠡᠯᠡ ᠮᠥᠩᠭᠦ ᠶᠢ ᠬᠠᠮᠢᠶᠠᠷᠤᠨ᠎ᠠ᠃ ᠪᠠᠶᠢᠭᠠᠯᠢ ᠶᠢᠨ | ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠬᠦᠷᠢᠶᠡᠨ ᠳᠠᠬᠢ ᠬᠥᠭᠵᠢᠯᠲᠡ ᠶᠢᠨ ᠲᠥᠯᠥᠪᠵᠢᠭᠦᠯᠭᠡ ᠶᠢᠨ ᠲᠥᠷᠥ ᠶᠢᠨ ᠪᠣᠳᠣᠯᠭ᠎ᠠ ᠵᠡᠷᠭᠡ ᠶᠢ | ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ | ︵ᠶᠢᠰᠦ︶ ᠮᠥᠩᠭᠦᠨ ᠭᠦᠢᠯᠭᠡᠭᠡᠨ ᠤ ᠲᠠᠰᠤᠭ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ | ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠲᠥᠰᠦᠪ ᠪᠠ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ | ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠣᠷᠣᠨ ᠨᠤᠲᠤᠭ ᠤᠨ ᠤᠯᠤᠰ ᠤᠨ ᠥᠮᠴᠢᠯᠡᠯᠲᠦ | ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠲᠤᠭᠤᠷᠢᠭ ᠤᠨ ᠲᠣᠰ | ᠱᠠᠲᠤᠨ ᠤ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠪᠠᠯᠠ ᠭᠠᠷᠭᠠᠭᠴᠢ ᠶᠢᠨ ᠬᠠᠮᠢᠶ᠎ᠠ | ᠪᠥᠬᠦᠶ ᠠᠵᠢᠯ ᠢ ᠡᠭᠦᠷᠭᠡᠯᠡᠨ᠎ᠡ᠃ ᠲᠥᠷᠥ ᠶᠢᠨ ᠪᠣᠳᠣᠯᠭ᠎ᠠ ᠶᠢᠨ ᠴᠢᠨᠠᠷᠲᠠᠶ ᠮᠥᠩᠭᠦᠨ ᠭᠦᠢᠯᠭᠡᠭᠡᠨ᠂ ᠲᠦᠭᠡᠮᠡᠯ | ᠬᠠᠷᠠᠭᠠᠯᠵᠠᠯᠲᠤ ᠮᠥᠩᠭᠦᠨ ᠭᠦᠢᠯᠭᠡᠭᠡᠨ᠂ ᠲᠠᠷᠢᠶᠠᠯᠠᠩ ᠮᠠᠯ ᠠᠵᠤ ᠠᠬᠤᠶ ᠶᠢᠨ ᠳᠠᠭᠠᠳᠬᠠᠯ ᠤᠨ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ᠪᠠ ᠬᠠᠮᠢᠶᠠᠷᠤᠯᠲᠠ ᠶᠢᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠳ᠋ᠦᠩ | ᠾᠧ ᠲᠣᠭᠤᠷᠢᠭ ᠤᠨ ᠬᠤᠶᠠᠷ ᠲᠠᠯ᠎ᠠ ᠶᠢᠨ ᠪᠠ ᠤᠯᠠᠨ ᠲᠠᠯ᠎ᠠ ᠶᠢᠨ ᠡᠳ᠋ ᠮᠥᠩᠭᠦ ᠶᠢᠨ ᠬᠠᠮᠲᠤᠷᠠᠯᠴᠠᠭ᠎ᠠ ᠶᠢ | ᠡᠭᠦᠷᠭᠡᠯᠡᠨ᠎ᠡ᠃ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠴᠢᠨᠠᠷᠲᠠᠶ ᠵᠢᠭᠡᠯᠡᠯᠭᠡ ᠶᠢᠨ ᠥᠷᠢ ᠥᠭᠴᠡᠭᠡ ᠶᠢᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ | ᠬᠥᠷᠥᠩᠭᠡ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠶᠢ ᠠᠬᠢᠭᠤᠯᠤᠨ᠎ᠠ᠃ ᠪᠦᠬᠦ | ᠬᠤᠲᠠ ᠶᠢᠨ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠨ᠎ᠠ᠃ ᠪᠦᠬᠦ ᠲᠣᠭᠤᠷᠢᠭ ᠤᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠥᠭᠡᠷᠡᠴᠢᠯᠡᠯᠲᠡ | ᠬᠥᠭᠵᠢᠯᠲᠡ ᠲᠣᠭᠲᠠᠭᠤᠨ ᠤ ᠭᠤᠣᠯᠳᠠᠯᠭ᠎ᠠ ᠲᠠᠢ ᠠᠵᠢᠯ ᠪᠣᠯᠤᠨ ᠴᠢᠬᠤᠯᠠ ᠶᠡᠭᠡ ᠠᠰᠠᠭᠤᠳᠠᠯ ᠢ ᠵᠣᠬᠢᠶᠠᠨ | ᠪᠠᠶᠢᠭᠤᠯᠤᠨ ᠰᠤᠳᠤᠯᠵᠤ᠂ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠪᠦᠬᠦ ᠲᠣᠭᠤᠷᠢᠭ ᠤᠨ | ᠮᠥᠩᠭᠦᠨ ᠭᠦᠢᠯᠭᠡᠭᠡᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠯᠲᠠ ᠬᠢᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠪᠦᠬᠦ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠮᠥᠩᠭᠦᠨ ᠭᠦᠢᠯᠭᠡᠭᠡᠨ ᠤ | ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠬᠢᠭᠡᠳ ᠬᠠᠮᠢᠶ᠎ᠠ ᠪᠦᠬᠦᠢ ᠡᠳ᠋ ᠤᠨ | ᠵᠠᠰᠠᠭ᠂ ᠠᠵᠤ ᠦᠢᠯᠡᠰ᠂ ᠨᠡᠶᠢᠭᠡᠮ ᠤᠨ ᠲᠥᠷᠥ ᠶᠢᠨ ᠪᠣᠳᠣᠯᠭ᠎ᠠ ᠶᠢ ᠵᠣᠬᠢᠴᠠᠭᠤᠯᠤᠨ ᠨᠠᠶᠢᠳᠠᠪᠤᠷᠢᠵᠢᠭᠤᠯᠬᠤ ᠠᠵᠢᠯ ᠢ | ᠰᠠᠶᠢᠲᠤᠷ ᠬᠢᠨ᠎ᠡ᠃ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠬᠥᠭᠵᠢᠯᠲᠡ ᠪᠠ ᠮᠥᠩᠭᠦᠨ ᠭᠦᠢᠯᠭᠡᠭᠡᠨ ᠤ | ᠨᠡᠭᠡᠭᠡᠯᠲᠡ ᠬᠢᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠵᠣᠬᠢᠶᠠᠨ ᠪᠠᠶᠢᠭᠤᠯᠤᠨ ᠠᠬᠢᠭᠤᠯᠤᠨ᠎ᠠ᠃ | ᠮᠥᠩᠭᠦᠨ ᠭᠦᠢᠯᠭᠡᠭᠡᠨ ᠤ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠨᠢᠭᠡᠳᠦᠯᠲᠡᠢ | ᠲᠥᠯᠥᠪᠵᠢᠭᠦᠯᠦᠨ᠎ᠡ᠃ ᠪᠦᠬᠦ ᠲᠣᠭᠤᠷᠢᠭ ᠤᠨ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ | ᠥᠭᠡᠷᠡᠴᠢᠯᠡᠯᠲᠡ ᠬᠥᠭᠵᠢᠯᠲᠡ ᠬᠢᠭᠡᠳ ᠳᠦᠭᠰᠢᠭᠦᠷᠢ ᠶᠢ ᠰᠡᠷᠭᠡᠢᠯᠡᠨ ᠡᠵᠡᠮᠳᠡᠬᠦ ᠠᠵᠢᠯ᠂ ᠲᠥᠪ ᠤᠨ ᠮᠥᠩᠭᠦᠨ | ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠳᠠᠭᠠᠭᠠᠴᠢᠯᠠᠭᠰᠠᠨ ᠪᠠᠶᠢᠭᠤᠯᠤᠮᠵᠢ ᠯᠤᠭ᠎ᠠ ᠬᠠᠮᠵᠢᠯᠴᠠᠨ᠂ | ᠪᠥᠬᠦ ᠲᠣᠭᠤᠷᠢᠭ ᠤᠨ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠲᠣᠭᠲᠠᠭᠤᠨ ᠢᠶᠠᠷ | ᠠᠵᠢᠯᠯᠠᠬᠤ ᠶᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ | ᠲᠦᠭᠰᠢᠭᠦᠷᠢ ᠶᠢᠨ ᠪᠠᠶᠢᠳᠠᠯ ᠢ ᠰᠤᠳᠤᠯᠤᠨ ᠮᠠᠭᠠᠳᠯᠠᠵᠤ ᠵᠥᠪᠳᠡᠯᠴᠡᠬᠦ ᠪᠠ ᠲᠦᠭᠰᠢᠭᠦᠷᠢ ᠶᠢ ᠰᠢᠢᠳᠪᠦᠷᠢᠯᠡᠬᠦ ᠠᠵᠢᠯ ᠢ | ᠬᠠᠮᠵᠢᠯᠴᠠᠨ ᠥᠷᠨᠢᠭᠦᠯᠵᠦ᠂ ᠲᠦᠭᠰᠢᠭᠦᠷᠢ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠨᠠᠶᠢᠳᠠᠪᠤᠷᠢᠵᠢᠭᠤᠯᠬᠤ ᠶᠢ | ᠠᠬᠢᠭᠤᠯᠤᠨ᠎ᠠ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠥᠭᠡᠷᠡᠴᠢᠯᠡᠯᠲᠡ ᠶᠢ ᠵᠣᠬᠢᠴᠠᠭᠤᠯᠤᠨ | ᠠᠬᠢᠭᠤᠯᠬᠤ ᠠᠵᠢᠯ ᠢ ᠡᠭᠦᠷᠭᠡᠯᠡᠨ᠎ᠡ᠃ ᠪᠥᠬᠦ ᠲᠣᠭᠤᠷᠢᠭ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠨᠠᠷ ᠰᠠᠶᠢᠲᠠᠶ | ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ | ᠡᠯᠭᠦᠬᠦ ᠪᠠ ᠨᠡᠶᠢᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶᠢᠭᠤᠯᠬᠤ ᠶᠢ ᠵᠣᠬᠢᠴᠠᠭᠤᠯᠤᠨ ᠠᠬᠢᠭᠤᠯᠵᠤ᠂ | ᠬᠤᠪᠢ ᠪᠠᠷ ᠢᠶᠠᠨ ᠴᠤᠭᠯᠠᠭᠤᠯᠬᠤ ᠰᠠᠭᠤᠷᠢ ᠮᠥᠩᠭᠦ ᠶᠢᠨ ᠶᠡᠷᠦᠩᠬᠡᠶᠢᠯᠡᠭᠰᠡᠨ ᠰᠤᠳᠤᠯᠤᠨ ᠮᠠᠭᠠᠳᠯᠠᠵᠤ ᠵᠥᠪᠳᠡᠯᠴᠡᠬᠦ | ᠠᠵᠢᠯ ᠢ ᠬᠠᠮᠵᠢᠯᠴᠠᠨ ᠰᠠᠶᠢᠲᠤᠷ ᠬᠢᠨ᠎ᠠ᠃ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ᠂ | ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠳᠠᠬᠢᠨ ᠪᠡᠯᠡ ᠲᠣᠬᠢᠷᠠᠭᠤᠯᠬᠤ᠂ ᠡᠳ᠋ ᠬᠥᠷᠥᠩᠭᠡ ᠶᠢ ᠡᠮᠬᠢᠯᠡᠨ | ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠨ᠎ᠡ᠃ ᠲᠥᠪ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠤᠭᠤᠲᠤ ᠳᠤ | ᠰᠠᠭᠤᠭ᠎ᠠ ᠪᠠᠶᠢᠭᠤᠯᠤᠮᠵᠢ ᠯᠤᠭ᠎ᠠ ᠬᠠᠮᠵᠢᠯᠴᠠᠨ᠂ ᠪᠥᠬᠦ ᠲᠣᠭᠤᠷᠢᠭ ᠤᠨ ᠬᠥᠷᠥᠩᠭᠡ ᠶᠢᠨ ᠵᠠᠬ᠎ᠠ ᠳᠡᠯᠭᠡᠭᠦᠷ ᠪᠠ ᠣᠷᠣᠨ | ᠨᠤᠲᠤᠭ ᠤᠨ ᠬᠠᠤᠯᠢ ᠶᠢᠨ ᠡᠷᠬᠡᠲᠡᠨ ᠤ ᠲᠡᠮᠳᠡᠭᠲᠦ᠂ ᠢᠲᠡᠭᠡᠮᠵᠢ᠂ ᠳᠠᠭᠠᠳᠬᠠᠯ᠂ ᠡᠳ᠋ ᠤᠨ ᠶᠠᠪᠤᠳᠠᠯ ᠤᠨ ᠺᠣᠮᠫᠠᠨᠢ | ᠵᠡᠷᠭᠡ ᠪᠠᠩᠬᠢ ᠶᠢᠨ ᠪᠤᠰᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠣᠭᠲᠠᠭᠤᠨ ᠢᠶᠠᠷ ᠠᠵᠢᠯᠯᠠᠬᠤ ᠶᠢ | ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠪᠤᠭᠤᠲᠤ ᠬᠤᠲᠠ ᠶᠢᠨ ᠣᠷᠣᠨ ᠪᠦᠰᠡ ᠶᠢᠨ ᠴᠢᠨᠠᠷᠲᠠᠶ ᠰᠲ᠋ᠣᠺ ᠤᠨ ᠡᠷᠬᠡ ᠶᠢᠨ | ᠵᠠᠬ᠎ᠠ ᠳᠡᠯᠭᠡᠭᠦᠷ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠲᠦᠭᠰᠢᠭᠦᠷᠢ ᠶᠢ ᠰᠢᠢᠳᠪᠦᠷᠢᠯᠡᠬᠦ | ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠪᠤᠭᠤᠲᠤ ᠬᠤᠲᠠ ᠶᠢᠨ ᠣᠷᠣᠨ ᠤ ᠳᠣᠲᠣᠷᠠᠬᠢ ᠣᠷᠣᠨ ᠨᠤᠲᠤᠭ ᠤᠨ ᠡᠷᠬᠡ | ᠠᠰᠢᠭ ᠤᠨ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠢ ᠬᠥᠲᠥᠯᠦᠨ ᠵᠢᠯᠣᠭᠤᠳᠬᠤ ᠪᠠ ᠵᠢᠷᠤᠮᠵᠢᠭᠤᠯᠬᠤ ᠶᠢ | ᠴᠢᠩᠭᠠᠳᠬᠠᠬᠤ ᠲᠤᠬᠠᠶ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠬᠠᠷᠢᠭᠤᠴᠠᠨ | ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠲᠣᠭᠤᠷᠢᠭ ᠤᠨ ᠮᠥᠩᠭᠦᠨ | ᠭᠦᠢᠯᠭᠡᠭᠡᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢᠨ ᠪᠠᠶᠢᠭᠤᠯᠤᠯᠲᠠ ᠶᠢ | ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠨᠢᠭᠡᠳᠦᠯᠲᠡᠶ ᠲᠥᠯᠥᠪᠯᠡᠨ ᠵᠣᠬᠢᠶᠠᠨ ᠪᠠᠶᠢᠭᠤᠯᠤᠨ | ᠵᠣᠬᠢᠴᠠᠭᠤᠯᠵᠤ ᠪᠠᠶᠢᠭᠠᠳ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ | ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ | ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠪᠤᠭᠤᠲᠤ ᠬᠤᠲᠠ ᠶᠢᠨ ᠮᠥᠩᠭᠦᠨ | ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ᠂ ᠬᠠᠤᠯᠢ ᠪᠤᠰᠤ ᠪᠠᠷ ᠪᠠᠯᠠ ᠴᠤᠭᠯᠠᠭᠤᠯᠬᠤ | ᠵᠡᠷᠭᠡ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ | ᠲᠦᠷᠦᠭᠦᠯᠡᠨ ᠰᠠᠶᠢᠲᠤᠷ ᠬᠢᠵᠦ᠂ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ᠂ ᠬᠡᠷᠡᠭ ᠢ ᠪᠠᠶᠢᠴᠠᠭᠠᠨ ᠰᠢᠢᠳᠪᠦᠷᠢᠯᠡᠬᠦ᠂ | ᠬᠤᠶᠢᠲᠤᠬᠢ ᠶᠠᠪᠤᠳᠠᠯ ᠢ ᠰᠢᠢᠳᠪᠦᠷᠢᠯᠡᠬᠦ ᠪᠠ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠬᠠᠮᠵᠢᠯᠴᠠᠨ ᠥᠷᠨᠢᠭᠦᠯᠵᠦ | ᠂ ᠬᠠᠮᠢᠶ᠎ᠠ ᠪᠥᠬᠦᠶ ᠤᠬᠠᠭᠤᠯᠭ᠎ᠠ ᠬᠥᠮᠦᠵᠢᠯ ᠪᠠ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠯᠲᠠ ᠶᠢ ᠥᠷᠨᠢᠭᠦᠯᠦᠨ᠎ᠡ᠃ | ᠪᠤᠭᠤᠲᠤ ᠬᠤᠲᠠ ᠶᠢᠨ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ | ᠺᠣᠮᠫᠠᠨᠢ᠂ ᠳᠠᠨᠵᠢᠯᠠᠬᠤ ᠬᠤᠳᠠᠯᠳᠤᠭ᠎ᠠ᠂ ᠪᠠᠯᠠ ᠲᠣᠬᠢᠷᠠᠭᠤᠯᠭ᠎ᠠ ᠶᠢᠨ ᠲᠦᠷᠢᠶᠡᠰᠦᠯᠡᠬᠦ ᠺᠣᠮᠫᠠᠨᠢ᠂ ᠬᠤᠳᠠᠯᠳᠤᠭᠠᠨ ᠤ | ᠬᠠᠳᠠᠭᠠᠯᠠᠨ ᠬᠠᠮᠢᠶᠠᠷᠬᠤ ᠺᠣᠮᠫᠠᠨᠢ᠂ ᠣᠷᠣᠨ ᠨᠤᠲᠤᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠶᠢᠨ | ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠲᠦᠭᠰᠢᠭᠦᠷᠢ ᠶᠢ ᠰᠢᠢᠳᠪᠦᠷᠢᠯᠡᠬᠦ ᠠᠵᠢᠯ ᠤᠨ ᠬᠤᠯᠪᠣᠭᠳᠠᠯ ᠪᠥᠬᠦᠶ | ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ | ᠲᠦᠭᠰᠢᠭᠦᠷᠢ ᠶᠢᠨ ᠪᠠᠶᠢᠳᠠᠯ ᠢ ᠰᠤᠳᠤᠯᠤᠨ ᠮᠠᠭᠠᠳᠯᠠᠵᠤ ᠵᠥᠪᠳᠡᠯᠴᠡᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠲᠦᠭᠰᠢᠭᠦᠷᠢ ᠶᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠴᠠᠭᠤᠯᠤᠨ᠎ᠠ᠃ ᠪᠤᠭᠤᠲᠤ ᠬᠤᠲᠠ ᠶᠢᠨ ᠣᠷᠣᠨ ᠤ | ᠳᠣᠲᠣᠷᠠᠬᠢ ᠪᠠᠯᠠ ᠣᠷᠣᠭᠤᠯᠤᠯᠲᠠ ᠶᠢᠨ ᠺᠣᠮᠫᠠᠨᠢ ᠶᠢ ᠴᠢᠩᠭᠠᠳᠬᠠᠬᠤ᠂ ᠢᠲᠡᠭᠡᠮᠵᠢ ᠶᠢᠨ ᠲᠠᠯ᠎ᠠ ᠪᠠᠷ ᠬᠠᠷᠢᠯᠴᠠᠨ | ᠬᠠᠪᠰᠤᠷᠤᠯᠴᠠᠬᠤ ᠮᠠᠯᠴᠢᠨ ᠲᠠᠷᠢᠶᠠᠴᠢᠨ ᠤ ᠲᠤᠰᠬᠠᠶ ᠬᠤᠷᠰᠢᠶ᠎ᠠ᠂ ᠨᠡᠶᠢᠭᠡᠮ ᠤᠨ ᠣᠯᠠᠨ ᠢᠶᠠᠷ ᠢᠶᠠᠨ ᠴᠤᠭᠯᠠᠭᠤᠯᠬᠤ | ᠪᠠᠶᠢᠭᠤᠯᠤᠮᠵᠢ ᠶᠢᠨ ᠬᠥᠲᠥᠯᠦᠨ ᠵᠢᠯᠣᠭᠤᠳᠬᠤ ᠪᠠ ᠵᠢᠷᠤᠮᠵᠢᠭᠤᠯᠬᠤ ᠲᠤᠬᠠᠶ ᠬᠤᠯᠪᠣᠭᠳᠠᠯ ᠪᠥᠬᠦᠶ ᠲᠥᠷᠥ ᠶᠢᠨ | ᠪᠣᠳᠣᠯᠭ᠎ᠠ ᠶᠢᠨ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠪᠦᠬᠦ ᠲᠣᠭᠤᠷᠢᠭ ᠤᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ | ᠪᠠᠶᠢᠭᠤᠯᠤᠯᠲᠠ ᠶᠢᠨ ᠲᠤᠬᠠᠢ ᠶᠢᠨ ᠭᠠᠵᠠᠷ ᠲᠤᠨᠢ ᠪᠠᠶᠢᠴᠠᠭᠠᠬᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠳᠤᠷᠠᠳᠴᠤ᠂ ᠬᠢᠨᠠᠨ ᠬᠠᠮᠢᠶᠠᠷᠬᠤ | ᠠᠷᠭ᠎ᠠ ᠬᠡᠮᠵᠢᠶ᠎ᠡ ᠪᠠ ᠵᠠᠰᠠᠭ ᠵᠠᠬᠢᠷᠭᠠᠨ ᠤ ᠰᠢᠢᠳᠬᠡᠯ ᠤᠨ ᠰᠠᠨᠠᠭᠤᠯᠭ᠎ᠠ ᠠᠪᠤᠨ᠎ᠠ᠃ ᠬᠠᠮᠢᠶ᠎ᠠ ᠪᠦᠬᠦᠢ ᠣᠷᠣᠨ | ᠨᠤᠲᠤᠭ ᠤᠨ ᠬᠠᠤᠯᠢ ᠲᠣᠭᠲᠠᠭᠠᠬᠤ ᠶᠢ ᠰᠤᠳᠤᠯᠵᠤ ᠦᠨᠡᠯᠡᠨ ᠵᠢᠱᠢᠬᠦ ᠪᠠ ᠵᠣᠬᠢᠴᠠᠭᠤᠯᠤᠨ ᠠᠬᠢᠭᠤᠯᠬᠤ ᠠᠵᠢᠯ ᠢ | ᠬᠠᠮᠵᠢᠯᠴᠠᠨ ᠰᠠᠶᠢᠲᠤᠷ ᠬᠢᠨ᠎ᠡ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠡᠭᠦᠷᠭᠡ | ᠴᠢᠳᠠᠪᠬᠢ ᠶᠢ ᠡᠭᠦᠷᠭᠡᠯᠡᠵᠦ ᠪᠠᠶᠢᠭ᠎ᠠ ᠪᠠᠶᠢᠭᠤᠯᠤᠮᠵᠢ᠂ ᠣᠷᠣᠨ ᠨᠤᠲᠤᠭ ᠤᠨ ᠤᠯᠤᠰ ᠤᠨ ᠥᠮᠴᠢᠯᠡᠯ ᠤᠨ ᠮᠥᠩᠭᠦᠨ | ᠭᠦᠢᠯᠭᠡᠭᠡᠨ ᠤ ᠠᠵᠤ ᠠᠬᠤᠶᠢᠯᠠᠯ ᠪᠣᠯᠤᠨ ᠨᠡᠶᠢᠲᠡ ᠶᠢᠨ ᠥᠮᠴᠢᠯᠡᠯ ᠤᠨ ᠪᠤᠰᠤ ᠮᠥᠩᠭᠦᠨ ᠭᠦᠢᠯᠭᠡᠭᠡᠨ ᠤ ᠠᠵᠤ | ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠲᠠᠢ ᠬᠠᠮᠵᠢᠯᠴᠠᠵᠤ᠂ | ᠨᠠᠮ ᠤᠨ ᠪᠠᠶᠢᠭᠤᠯᠤᠯᠲᠠ ᠶᠢᠨ ᠠᠵᠢᠯ ᠤᠨ ᠲᠥᠯᠥᠪᠵᠢᠭᠦᠯᠭᠡ ᠪᠣᠯᠤᠨ ᠲᠦᠷᠦ ᠶᠢᠨ ᠪᠤᠳᠤᠯᠭ᠎ᠠ ᠶᠢᠨ ᠠᠷᠭ᠎ᠠ | ᠬᠡᠮᠵᠢᠶ᠎ᠡ ᠶᠢ ᠴᠢᠩᠭᠠᠳᠬᠠᠨ ᠰᠠᠶᠢᠵᠢᠷᠠᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠮ ᠤᠨ | ᠰᠤᠷᠲᠠᠯ ᠤᠬᠠᠭᠤᠯᠭ᠎ᠠ ᠦᠵᠡᠯ ᠰᠠᠨᠠᠭ᠎ᠠ᠂ ᠦᠵᠡᠯ ᠤᠬᠠᠮᠰᠠᠷ ᠤᠨ ᠬᠡᠯᠪᠡᠷᠢ᠂ ᠨᠢᠭᠡᠳᠦᠮᠡᠯ ᠹᠷᠣᠨᠲ ᠵᠢᠴᠢ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠤᠨᠤᠯ ᠪᠣᠯᠤᠨ | ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠰᠤᠷᠤᠯᠴᠠᠬᠤ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ | ᠪᠦᠬᠦ ᠲᠣᠭᠤᠷᠢᠭ ᠤᠨ ᠮᠥᠩᠭᠦᠨ ᠭᠦᠢᠯᠭᠡᠭᠡᠨ ᠤ ᠨᠢᠭᠡᠴᠡ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠴᠣᠭᠴᠠᠯᠠᠯᠲᠠ᠂ ᠨᠠᠮ ᠤᠨ ᠭᠡᠰᠢᠭᠦᠨ᠂ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ᠂ | ᠨᠠᠮ ᠤᠨ ᠪᠠᠶᠢᠭᠤᠯᠤᠯᠲᠠ ᠶᠢᠨ ᠬᠢᠨᠠᠨ ᠰᠢᠯᠭᠠᠯᠲᠠ᠂ ᠪᠠᠶᠢᠭᠤᠯᠤᠯᠭ᠎ᠠ ᠶᠢᠨ ᠨᠠᠮ ᠤᠨ ᠬᠤᠷᠢᠶ᠎ᠠ ︵ᠶᠡᠷᠦᠩᠬᠡᠶ ᠡᠭᠦᠷ᠂ | ᠨᠠᠮ ᠤᠨ ᠡᠭᠦᠷ︶ ᠶᠢᠨ ᠬᠤᠭᠤᠴᠠᠭ᠎ᠠ ᠶᠣᠰᠣᠭᠠᠷ ᠬᠤᠭᠤᠴᠠᠭ᠎ᠠ ᠰᠣᠯᠢᠬᠤ ᠠᠵᠢᠯ ᠢ ᠬᠠᠮᠵᠢᠯᠴᠠᠨ ᠰᠠᠶᠢᠲᠤᠷ | ᠠᠳᠬᠤᠨ᠎ᠠ᠃ ᠪᠦᠬᠦ ᠲᠣᠭᠤᠷᠢᠭ ᠤᠨ ᠮᠥᠩᠭᠦᠨ ᠭᠦᠢᠯᠭᠡᠭᠡᠨ ᠤ ᠨᠢᠭᠡᠴᠡ ᠶᠢᠨ ᠤᠳᠤᠷᠢᠳᠬᠤ ᠪᠠᠭ ᠤᠨ ᠦᠵᠡᠯ | ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢᠨ ᠠᠵᠢᠯ ᠢ ᠬᠠᠮᠵᠢᠯᠴᠠᠨ ᠰᠠᠶᠢᠲᠤᠷ ᠬᠢᠨ᠎ᠡ᠃ ᠣᠷᠣᠨ ᠨᠤᠲᠤᠭ ᠤᠨ | ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠠᠵᠤ ᠠᠬᠤᠶᠢᠯᠠᠯ ᠪᠠ ᠨᠡᠶᠢᠲᠡ ᠶᠢᠨ ᠪᠤᠰᠤ ᠥᠮᠴᠢᠯᠡᠯᠲᠦ | ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ ᠪᠠ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠬᠠᠮᠵᠢᠯᠴᠠᠨ | ᠰᠠᠶᠢᠲᠤᠷ ᠬᠢᠨ᠎ᠡ᠃ ᠪᠦᠬᠦ ᠲᠣᠭᠤᠷᠢᠭ ᠤᠨ ᠮᠥᠩᠭᠦᠨ ᠭᠦᠢᠯᠭᠡᠭᠡᠨ ᠤ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ | ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠪᠦᠬᠦ ᠲᠣᠭᠤᠷᠢᠭ ᠤᠨ ᠮᠥᠩᠭᠦᠨ ᠭᠦᠢᠯᠭᠡᠭᠡᠨ ᠤ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ᠃ ᠪᠦᠬᠦ ᠲᠣᠭᠤᠷᠢᠭ ᠤᠨ | ᠮᠥᠩᠭᠦᠨ ᠭᠦᠢᠯᠭᠡᠭᠡᠨ ᠤ ᠨᠢᠭᠡᠴᠡ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ | ᠤᠳᠤᠷᠢᠳᠬᠤ ᠺᠠᠳ᠋ᠷ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠤᠭᠰᠠᠨ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ | ᠵᠢᠷᠤᠮᠯᠠᠭᠰᠠᠨ ᠵᠡᠷᠭᠡ ᠪᠠᠶᠢᠳᠠᠯ ᠳᠤ ᠬᠠᠮᠵᠢᠯᠴᠠᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠬᠢᠨ᠎ᠡ᠃ ᠪᠦᠬᠦ | ᠲᠣᠭᠤᠷᠢᠭ ᠤᠨ ᠮᠥᠩᠭᠦᠨ ᠭᠦᠢᠯᠭᠡᠭᠡᠨ ᠤ ᠨᠢᠭᠡᠴᠡ ᠶᠢᠨ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ | ᠠᠷᠠᠳᠴᠢᠯᠠᠯ ᠤᠨ ᠠᠮᠢᠳᠤᠷᠠᠯ ᠤᠨ ᠬᠤᠷᠠᠯ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ | ᠪᠠᠶᠢᠳᠠᠯ ᠢ ᠵᠢᠭᠠᠨ ᠵᠢᠯᠣᠭᠤᠳᠴᠤ ᠰᠢᠮᠳᠠᠭᠤᠯᠤᠨ ᠪᠠᠶᠢᠴᠠᠭᠠᠨ᠎ᠠ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ | ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠡᠭᠦᠷᠭᠡᠯᠡᠵᠦ ᠪᠠᠶᠢᠭ᠎ᠠ ᠪᠠᠶᠢᠭᠤᠯᠤᠮᠵᠢ᠂ ᠣᠷᠣᠨ ᠨᠤᠲᠤᠭ ᠤᠨ | ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠠᠵᠤ ᠠᠬᠤᠶᠢᠯᠠᠯ ᠪᠣᠯᠤᠨ ᠨᠡᠶᠢᠲᠡ ᠶᠢᠨ ᠥᠮᠴᠢᠯᠡᠯ ᠤᠨ ᠪᠤᠰᠤ | ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ | ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ᠂ ᠴᠢᠬᠤᠯᠠ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠰᠢᠮᠳᠠᠭᠤᠯᠤᠨ ᠪᠠᠶᠢᠴᠠᠭᠠᠬᠤ ᠠᠵᠢᠯ ᠢ ᠬᠠᠮᠵᠢᠯᠴᠠᠨ ᠥᠷᠨᠢᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠨᠠᠮ ᠤᠨ ᠭᠡᠰᠢᠭᠦᠨ ᠺᠠᠳ᠋ᠷᠴᠤᠳ ᠲᠤ ᠬᠢᠨᠠᠯᠲᠠ ᠲᠠᠯᠪᠢᠵᠤ ᠬᠠᠮᠢᠶᠠᠷᠬᠤ ᠪᠠᠨ ᠴᠢᠩᠭᠠᠳᠬᠠᠬᠤ ᠳᠤ | ᠬᠠᠮᠵᠢᠯᠴᠠᠨ᠎ᠠ᠃ ᠣᠷᠣᠨ ᠤ ᠬᠠᠷᠢᠶ᠎ᠠ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠠᠵᠤ ᠠᠬᠤᠶ ᠶᠢᠨ ᠦᠷ᠎ᠡ | ᠠᠰᠢᠭ᠂ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠵᠡᠷᠭᠡ ᠪᠠᠶᠢᠳᠠᠯ ᠢ ᠰᠢᠯᠭᠠᠨ ᠬᠢᠨᠠᠵᠤ ᠦᠨᠡᠯᠡᠬᠦ | ᠠᠵᠢᠯ ᠢ ᠲᠦᠷᠦᠭᠦᠯᠡᠨ ᠥᠷᠨᠢᠭᠦᠯᠦᠨ᠎ᠡ᠃ | ᠠᠷᠪᠠᠳᠤᠭᠠᠷ ᠵᠦᠢᠯ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ | ᠵᠠᠬᠢᠷᠭᠠᠨ ᠤ ᠣᠷᠣᠨ ᠲᠤᠭ᠎ᠠ 13 ᠬᠥᠮᠦᠨ᠃ ᠲᠣᠪᠴᠢᠶᠠᠨ ᠳᠠᠷᠤᠭ᠎ᠠ 1᠂ ᠳᠡᠳ᠋ ᠲᠣᠪᠴᠢᠶᠠᠨ ᠳᠠᠷᠤᠭ᠎ᠠ 3 | ᠲᠣᠬᠢᠷᠠᠭᠤᠯᠵᠠᠢ᠃ | ᠠᠷᠪᠠᠨ ᠨᠢᠭᠡᠳᠦᠭᠡᠷ ᠵᠦᠢᠯ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠬᠠᠷᠢᠶ᠎ᠠ ᠠᠵᠢᠯ | ᠦᠢᠯᠡᠰ ᠤᠨ ᠨᠢᠭᠡᠴᠢ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠣᠭᠠᠨ ᠤ ᠵᠦᠢᠯᠡᠰ ᠢ | ᠠᠰ ᠲᠤᠨᠢ ᠲᠣᠭᠲᠠᠭᠠᠨ᠎ᠠ᠃ | ᠠᠷᠪᠠᠨ ᠬᠤᠶᠠᠳᠤᠭᠠᠷ ᠵᠦᠢᠯ ᠲᠣᠰ ᠲᠣᠭᠲᠠᠭᠠᠯ ᠤᠨ ᠲᠠᠶᠢᠯᠪᠤᠷᠢᠯᠠᠯᠲᠠ ᠶᠢ ᠭᠦᠢᠴᠡᠳᠭᠡᠬᠦ ᠠᠵᠢᠯ ᠢ | ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶ᠎ᠠ ᠶᠢᠨ ᠠᠯᠪᠠᠨ ᠬᠡᠷ ᠠᠴᠠ | ᠬᠠᠷᠢᠭᠤᠴᠠᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶ᠎ᠠ ᠶᠢᠨ | ᠠᠯᠪᠠᠨ ᠬᠡᠷ ᠨᠢ ᠲᠣᠭᠲᠠᠭᠰᠠᠨ ᠵᠢᠷᠤᠮ ᠶᠣᠰᠣᠭᠠᠷ ᠭᠦᠢᠴᠡᠳᠬᠡᠨ᠎ᠡ᠃ | ᠠᠷᠪᠠᠨ ᠭᠤᠷᠪᠠᠳᠤᠭᠠᠷ ᠵᠦᠢᠯ ᠲᠣᠰ ᠲᠣᠭᠲᠠᠭᠠᠯ ᠢ 2024 ᠣᠨ ᠤ 6 ᠳ᠋ᠤᠭᠠᠷ ᠰᠠᠷ᠎ᠠ ᠶᠢᠨ 27 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠬᠠᠶ᠋ᠢᠭ᠄ ᠥᠪᠥᠷ ᠮᠣᠩᠭᠤᠯ ᠤᠨ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠶᠢᠷᠠᠮᠳᠠᠯ ᠵᠠᠮ ᠤᠨ | 192 ᠳ᠋ᠤᠭᠠᠷ ᠲᠣᠭᠠᠲᠤ | ᠬᠠᠷᠢᠯᠴᠠᠬᠤ ᠤᠲᠠᠰᠤ᠄ 0472 - 6933959 | ᠬᠠᠷᠢᠭᠤᠴᠠᠯᠭᠠᠲᠠᠨ᠄ ᠳ᠋ᠦᠩ ᠾᠧ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠭᠦᠸᠧ | ᠵᠢᠶᠠᠨ ᠴᠢᠶᠠᠩ | ᠠᠯᠪᠠᠯᠠᠬᠤ ᠴᠠᠭ᠄ ᠦᠳᠡ ᠶᠢᠨ ᠡᠮᠦᠨᠡᠬᠢ 8᠄ 30-12᠄ 00᠂ ᠦᠳᠡ ᠶᠢᠨ ᠬᠤᠶᠢᠨᠠᠬᠢ 2᠄ 30 - 5 | ᠄ 30 | | |