ᠸᠠᠩ ᠷᠦᠢ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠠᠶᠤᠯᠭᠦᠶ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/11/20
   11 ᠰᠠᠷ᠎ᠠ ᠶᠢᠨ 18 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠷᠦᠢ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠠᠶᠤᠯᠭᠦᠶ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃    ᠸᠠᠩ ᠷᠦᠢ ᠤᠷᠢᠳ ᠬᠤᠵᠢᠳ ᠪᠤᠭᠤᠲᠤ ᠬᠤᠳᠠ ᠶᠢᠨ ᠢ ᠳ᠋ᠡ ᠨᠧᠢ ᠷᠠᠨ ᠮᠠᠰᠢᠨ ᠤ ᠰᠡᠯᠪᠢᠭ ᠲᠤᠨᠤᠭ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠴᠠᠩ ᠹᠠ ᠮᠠᠰᠢᠨ ᠲᠡᠷᠭᠡᠨ ᠤ ᠰᠡᠯᠪᠢᠭ ᠲᠤᠨᠤᠭ ᠦᠢᠯᠡᠳᠬᠦ ᠬᠢᠵᠠᠭᠠᠷᠲᠤ ᠺᠣᠮᠫᠠᠨᠢ᠂ ᠪᠤᠭᠤᠲᠤ ᠶᠢᠨ ᠮᠧᠩ ᠴᠦ ᠬᠦᠩᠭᠡᠨ ᠴᠠᠭᠠᠨ ᠤ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠂ ᠸᠧᠢ ᠺᠧ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠹᠧᠩ ᠪᠢᠨ ᠡᠯᠧᠺᠳ᠋ᠷᠣᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠨᠣᠭᠤᠭᠠᠨ ᠲᠣᠯᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠤᠨ ᠥᠪᠥᠷ ᠮᠣᠩᠭᠤᠯ ᠤᠨ ᠯᠦᠩ ᠬᠤᠸᠠ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ᠂ ᠭᠠᠷ ᠭᠦᠢᠴᠡᠳᠬᠡᠯ ᠢ ᠭᠦᠢᠴᠡᠳᠬᠡᠬᠦ᠂ ᠦᠢᠯᠡᠳᠪᠦᠷᠢᠯᠡᠯ ᠡᠵᠡᠩᠨᠡᠯᠲᠡ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠴᠠᠢ᠃    ᠸᠠᠩ ᠷᠦᠢ ᠴᠢᠬᠤᠯᠠᠴᠢᠯᠠᠭᠰᠠᠨ ᠨᠢ᠂ ᠭᠤᠣᠯᠳᠠᠯᠭ᠎ᠠ ᠲᠠᠢ ᠲᠥᠷᠥᠯ ᠵᠦᠢᠯ ᠪᠣᠯ ᠠᠵᠤ ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠬᠤ᠂ ᠳᠠᠪᠠᠵᠤ ᠭᠠᠷᠴᠤ ᠬᠥᠭᠵᠢᠬᠦ ᠶᠢ ᠪᠡᠶᠡᠯᠡᠭᠦᠯᠬᠦ ᠶᠢᠨ ᠵᠠᠩᠭᠢᠯᠠᠭ᠎ᠠ ᠮᠥᠨ᠃ ᠪᠦᠬᠦ ᠲᠣᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠡ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠤᠷᠤᠭᠰᠢᠯᠠᠵᠤ᠂ ᠴᠠᠭ ᠲᠤᠬᠠᠢ ᠳᠤᠨᠢ ᠦᠢᠯᠡᠴᠢᠯᠡᠵᠦ᠂ ᠲᠡᠷᠢᠭᠦᠨ ᠤ ᠬᠢ ᠶᠢ ᠴᠢᠷᠮᠠᠶᠢᠨ ᠡᠭᠦᠳᠬᠦ ᠶᠠᠪᠤᠳᠠᠯ ᠢ ︽ᠦᠢᠯᠡᠳᠪᠦᠷᠢᠯᠡᠯ ᠠᠵᠤ ᠠᠬᠤᠶᠢᠯᠠᠯ︾ ᠤᠨ ᠦᠢᠯᠡᠳᠪᠦᠷᠢᠯᠡᠯ ᠢ ᠲᠣᠭᠲᠠᠪᠤᠷᠢᠵᠢᠭᠤᠯᠤᠨ ᠴᠢᠳᠠᠪᠤᠷᠢ ᠪᠠᠨ ᠥᠷᠭᠡᠳᠬᠡᠬᠦ ᠳᠡᠭᠡᠷ᠎ᠡ ᠢᠯᠡᠷᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠬᠠᠷᠠᠯᠲᠠ ᠶᠢᠨ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠲᠦᠷᠦᠯ ᠵᠦᠢᠯ ᠤᠨ ᠡᠯᠧᠮᠧᠨ᠋ᠲ ᠤᠨ ᠪᠠᠲᠤᠯᠠᠭ᠎ᠠ ᠶᠢᠨ ᠲᠣᠭᠲᠠᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠠᠬᠢᠴᠠ ᠶᠢ ᠴᠠᠭ ᠮᠥᠴᠡ ᠶᠢ ᠠᠮᠵᠢᠨ ᠠᠬᠢᠴᠠ ᠶᠢ ᠠᠬᠢᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠤᠷᠤᠭᠰᠢᠯᠠᠵᠤ᠂ ᠲᠡᠷᠢᠭᠦᠨ ᠤ ᠬᠢ ᠶᠢ ᠲᠡᠮᠡᠴᠡᠨ ᠤᠯᠬᠤ ᠠᠮᠵᠢᠯᠲᠠ ᠪᠦᠲᠦᠮᠵᠢ ᠶᠢ ︽ᠪᠠᠷᠢᠯᠭ᠎ᠠ ᠶᠢᠨ ᠠᠵᠢᠯ ᠢ ᠳᠠᠭᠤᠰᠬᠠᠬᠤ︾᠂ ︽ᠪᠠᠷᠢᠯᠭ᠎ᠠ ᠶᠢᠨ ᠭᠠᠵᠠᠷ ᠢ ᠦᠢᠯᠡᠳᠪᠦᠷᠢ ᠪᠣᠯᠭᠠᠨ ᠬᠤᠪᠢᠷᠠᠭᠤᠯᠬᠤ︾᠂ ︽ᠪᠠᠶᠢᠭᠤᠯᠵᠤ ᠪᠠᠶᠢᠭᠰᠠᠨ ᠢ ᠦᠢᠯᠡᠳᠪᠦᠷᠢᠯᠡᠯ ᠪᠣᠯᠭᠠᠨ ᠬᠤᠪᠢᠷᠠᠭᠤᠯᠬᠤ︾ ᠳᠡᠭᠡᠷ᠎ᠡ ᠢᠯᠡᠷᠡᠭᠦᠯᠬᠦ ᠬᠡᠷᠡᠭᠲᠡᠢ᠃ ᠠᠷᠠᠯᠵᠢᠶᠠᠴᠢᠨ ᠤᠷᠢᠬᠤ ︽ᠲᠤᠯᠤᠭᠠᠨ ᠵᠦᠢᠯ ᠤᠨ ᠴᠢᠳᠠᠪᠤᠷᠢ︾ ᠶᠢ ᠦᠨᠡᠨ ᠬᠦ ᠴᠢᠩᠭᠠᠳᠬᠠᠵᠤ᠂ ᠠᠵᠤ ᠦᠢᠯᠡᠰ ᠤᠨ ᠲᠥᠷᠥᠭᠳᠡᠯ ᠢ ᠴᠢᠷᠮᠠᠶᠢᠨ ᠬᠥᠮᠦᠵᠢᠭᠦᠯᠵᠦ᠂ ᠮᠠᠨ ᠤ ᠲᠤᠭᠤᠷᠢᠭ ᠤᠨ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠨᠠᠷᠢᠯᠢᠭ ᠣᠨᠣᠴᠠᠲᠠᠶ ᠪᠠᠷ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠶᠢ ︽ᠲᠥᠷᠥᠯ ᠵᠦᠢᠯ ᠢ ᠶᠠᠷᠢᠯᠴᠠᠬᠤ︾ ᠨᠠᠶᠢᠳᠠᠪᠤᠷᠢᠵᠢᠭᠤᠯᠤᠯᠲᠠ ᠶᠢᠨ ᠪᠣᠳᠠᠲᠠᠶ ᠦᠷ᠎ᠡ ᠪᠦᠲᠦᠮᠵᠢ ᠳᠡᠭᠡᠷ᠎ᠡ ᠢᠯᠡᠷᠡᠭᠦᠯᠬᠦ ᠬᠡᠷᠡᠭᠲᠡᠶ᠃ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠪᠦᠬᠦ ᠲᠤᠭᠤᠷᠢᠭ ᠤᠨ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃    ᠲᠣᠭᠤᠷᠢᠭ ᠤᠨ ᠤᠳᠤᠷᠢᠳᠤᠯᠭ᠎ᠠ ᠯᠢ ᠰᠦᠸᠧ᠂ ᠰᠦᠨ ᠰᠢ ᠯᠢᠨ᠂ ᠲᠢᠶᠠᠨ ᠶᠦᠩ ᠭᠤᠸᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1