ᠪᠤᠭᠤᠲᠤ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠡᠪᠦᠯ ᠤᠨ ᠠᠮᠠᠷᠠᠯᠲᠠ ᠶᠢᠨ ᠴᠠᠭ ᠢ ᠨᠡᠢᠲᠡᠯᠡᠪᠡ
ᠨᠡᠶᠢᠲᠡᠯᠡᠭᠰᠡᠨ ᠴᠠᠭ᠄
2024/11/20
   ᠬᠦᠨᠳᠦᠲᠦ ᠬᠤᠲᠠ ᠶᠢᠨ ᠠᠷᠠᠳ᠄ ᠲᠠ ᠰᠠᠶᠢᠨ ᠦᠦ︕ ᠬᠠᠲᠤᠨ ᠭᠤᠤᠯ ᠤᠨ ᠡᠭᠦᠯᠡᠨ ᠲᠠᠪᠴᠠᠩ ᠤᠨ ᠵᠥᠪᠯᠡᠯᠭᠡ ᠥᠭᠬᠦ ᠶᠠᠪᠤᠳᠠᠯ ᠢ ᠲᠣᠰ ᠲᠣᠰ ᠡᠨᠡ ᠵᠢᠯ ᠤᠨ ᠳᠤᠮᠳᠠᠳᠤ ᠪᠠᠭ᠎ᠠ ᠰᠤᠷᠭᠠᠭᠤᠯᠢ ᠬᠡᠵᠢᠶ᠎ᠡ ᠡᠪᠦᠯ ᠤᠨ ᠠᠮᠠᠷᠠᠯᠲᠠ ᠲᠠᠯᠪᠢᠬᠤ ᠠᠰᠠᠭᠤᠳᠠᠯ ᠢ ᠣᠯᠪᠠᠯ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠲᠡᠷᠡ ᠳᠠᠷᠤᠶ ᠳᠤᠨᠢ ᠬᠠᠷᠭᠤᠭᠤᠯᠵᠤ᠂ ᠳᠣᠤᠷᠠᠬᠢ ᠮᠡᠲᠦ ᠬᠠᠷᠢᠭᠤᠯᠲᠠ ᠥᠭᠭᠦᠨ᠎ᠠ᠄ ︽ᠪᠤᠭᠤᠲᠤ ᠬᠤᠲᠠ ᠶᠢᠨ ᠪᠦᠬᠦᠯᠢ ᠡᠳᠦᠷ ᠤᠨ ᠳᠦᠷᠢᠮᠲᠦ ᠳᠤᠮᠳᠠᠳᠤ ᠪᠠᠭ᠎ᠠ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 2024 - 2025 ᠰᠤᠷᠤᠯᠭ᠎ᠠ ᠶᠢᠨ ᠣᠨ ᠤ ᠰᠤᠷᠭᠠᠭᠤᠯᠢ ᠶᠢᠨ ᠲᠡᠤᠬᠡ︾ ᠶᠢᠨ ᠶᠣᠰᠣᠭᠠᠷ᠂ ① ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 2025 ᠣᠨ ᠤ 1 ᠰᠠᠷ᠎ᠠ ᠶᠢᠨ 18 ᠤ ᠡᠳᠦᠷ ︵ᠭᠠᠷᠠᠭ ᠤᠨ ᠵᠢᠷᠭᠤᠭᠠᠨ︶ ᠠᠴᠠ 2 ᠰᠠᠷ᠎ᠠ ᠶᠢᠨ 23 ᠤ ᠡᠳᠦᠷ ︵ᠭᠠᠷᠠᠭ ᠤᠨ ᠡᠳᠦᠷ︶ ᠪᠣᠯᠲᠠᠯᠠᠬᠢ ᠡᠪᠦᠯ ᠤᠨ ᠠᠮᠠᠷᠠᠯᠲᠠ ᠲᠠᠯᠪᠢᠨ᠎ᠠ᠂ ᠠᠮᠠᠷᠠᠯᠲᠠ ᠶᠢᠨ ᠬᠤᠭᠤᠴᠠᠭ᠎ᠠ 5 ᠭᠠᠷᠠᠭ 2 ᠡᠳᠦᠷ᠃ ︵ᠬᠡᠦᠬᠡᠳ ᠤᠨ ᠴᠡᠴᠡᠷᠯᠢᠭ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ︶ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ 2025 ᠣᠨ ᠤ 1 ᠰᠠᠷ᠎ᠠ ᠶᠢᠨ 18 ᠤ ᠡᠳᠦᠷ ︵ᠭᠠᠷᠠᠭ ᠤᠨ ᠵᠢᠷᠭᠤᠭᠠᠨ︶ ᠠᠴᠠ 2 ᠰᠠᠷ᠎ᠠ ᠶᠢᠨ 16 ᠤ ᠡᠳᠦᠷ ︵ᠭᠠᠷᠠᠭ ᠤᠨ ᠡᠳᠦᠷ︶ ᠪᠣᠯᠲᠠᠯᠠᠬᠢ ᠡᠪᠦᠯ ᠤᠨ ᠠᠮᠠᠷᠠᠯᠲᠠ ᠲᠠᠯᠪᠢᠨ᠎ᠠ᠂ ᠠᠮᠠᠷᠠᠯᠲᠠ ᠶᠢᠨ ᠬᠤᠭᠤᠴᠠᠭ᠎ᠠ 4 ᠭᠠᠷᠠᠭ 2 ᠡᠳᠦᠷ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1