ᠨᠡᠷᠡᠰ ᠢ ᠨᠡᠶᠢᠳᠡᠯᠡᠬᠦ︕ ᠳ᠋ᠦᠩ ᠾᠧ ᠲᠣᠭᠤᠷᠢᠭ ᠰᠣᠩᠭᠤᠭᠳᠠᠭᠰᠠᠨ ᠨᠢ
ᠨᠡᠶᠢᠲᠡᠯᠡᠭᠰᠡᠨ ᠴᠠᠭ᠄
2024/11/21
     ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠵᠢᠭᠤᠯᠴᠢᠯᠠᠯ ᠤᠨ ᠨᠠᠷᠠᠲᠤ ᠲᠡᠮᠳᠡᠭᠲᠦ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠬᠢᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠠᠮᠲᠤᠷᠠᠨ ︽ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠪᠠᠯᠭᠠᠰᠤ ᠶᠢᠨ ᠨᠡᠷᠡᠰ ᠢ ᠨᠡᠶᠢᠲᠡᠯᠡᠬᠦ ᠲᠤᠬᠠᠶ ᠮᠡᠳᠡᠭᠳᠡᠯ︾ ᠢ ᠨᠡᠶᠢᠲᠡᠯᠡᠵᠦ᠂ ᠮᠠᠨ ᠤ ᠲᠣᠭᠤᠷᠢᠭ ᠤᠨ ᠠᠳᠣᠭᠤᠴᠢᠠ ᠠᠶᠢᠯ ᠲᠣᠰᠬᠤᠨ ᠳᠥᠷᠪᠡᠳᠦᠭᠡᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠪᠠᠯᠭᠠᠰᠤ ᠶᠢᠨ ᠨᠡᠷᠡᠰ ᠲᠤ ᠠᠮᠵᠢᠯᠲᠠ ᠲᠠᠢ ᠰᠣᠩᠭᠤᠭᠳᠠᠪᠠ᠃
                     ᠠᠳᠤᠭᠤᠴᠢᠨ ᠠᠶᠢᠯ ᠲᠣᠰᠬᠤᠨ      ᠠᠳᠤᠭᠤᠴᠢᠨ ᠠᠶᠢᠯ ᠲᠣᠰᠬᠤᠨ ᠳᠠᠯᠠᠨ ᠬᠠᠷ᠎ᠠ ᠠᠭᠤᠯᠠ ᠶᠢᠨ ᠬᠤᠷᠮᠤᠢ ᠳᠤ ᠪᠠᠶᠢᠷᠢᠯᠠᠵᠤ᠂ ᠲᠣᠰᠬᠤᠨ ᠤ ᠲᠠᠯᠠᠪᠠᠢ 0.89 ᠲᠡᠭᠰᠢ ᠳᠥᠷᠪᠡᠯᠵᠢᠨ ᠺᠢᠯᠤᠮᠧᠲᠷ᠂ ᠲᠠᠷᠢᠶᠠᠨ ᠭᠠᠵᠠᠷ ᠤᠨ ᠲᠠᠯᠠᠪᠠᠢ 610 ᠮᠦ ᠪᠠᠶᠢᠳᠠᠭ᠃ ᠠᠳᠤᠭᠤᠴᠢᠨ ᠠᠶᠢᠯ ᠲᠣᠰᠬᠤᠨ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠪᠣᠯᠤᠨ ᠪᠠᠶᠢᠭᠠᠯᠢ ᠶᠢᠨ ᠠᠮᠢ ᠠᠬᠤᠢ ᠶᠢᠨ ᠣᠷᠴᠢᠨ ᠲᠣᠭᠤᠷᠢᠨ ᠳᠤ ᠲᠦᠰᠢᠭᠯᠡᠵᠦ᠂ ᠲᠣᠭᠤᠷᠢᠨ ᠵᠤᠭᠠᠴᠠᠬᠤ᠂ ᠬᠠᠷᠢᠯᠴᠠᠨ ᠣᠶᠢᠯᠠᠭᠠᠯᠴᠠᠬᠤ ᠶᠢ ᠨᠢᠭᠡ ᠴᠤᠬᠴᠠᠵᠢᠭᠤᠯᠤᠬᠰᠠᠨ ︽ᠪᠢᠴᠢᠯ ᠵᠢᠭᠤᠯᠴᠢᠯᠠᠯ︾ ᠤᠨ ᠠᠮᠠᠷᠠᠯᠲᠠ ᠶᠢᠨ ᠲᠦᠷᠦᠯ ᠲᠡᠮᠳᠡᠭ ᠢ ᠡᠭᠦᠳᠴᠦ᠂ ᠤᠷᠢᠳ ᠬᠤᠵᠢᠳ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠨᠴᠠᠯᠢᠬᠳᠤ ᠲᠣᠰᠬᠤᠨ᠂ ᠭᠤᠷᠪᠠᠳᠤᠭᠠᠷ ᠪᠦᠯᠦᠭ ᠤᠨ ᠪᠦᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠲᠣᠰᠬᠤᠨ᠂ ᠪᠤᠭᠤᠲᠤ ᠬᠤᠳᠠ ᠶᠢᠨ ᠨᠠᠮ ᠤᠨ ᠪᠠᠶᠢᠭᠤᠯᠤᠯᠲᠠ ᠶᠢ ᠠᠳᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠢᠱᠢᠶ᠎ᠡ ᠦᠵᠡᠭᠦᠯᠬᠦ ᠲᠣᠰᠬᠤᠨ ᠵᠡᠷᠭᠡ ᠢᠷᠠᠭᠤ ᠠᠯᠳᠠᠷ ᠢ ᠬᠦᠷᠲᠡᠪᠡ᠃
     ᠠᠳᠤᠭᠤᠴᠢᠨ ᠠᠶᠢᠯ ᠲᠣᠰᠬᠤᠨ ᠳᠤ ᠣᠷᠣᠬᠤ ᠳᠤ ᠬᠥᠮᠦᠨ ᠤ ᠰᠡᠳᠭᠢᠯ ᠢ ᠳᠣᠭᠳᠣᠯᠤᠭᠤᠯᠤᠭᠰᠠᠨ ᠠᠭᠤᠯᠠ ᠤᠰᠤᠨ ᠤ ᠵᠢᠷᠤᠭ ᠰᠢᠭ᠋ ᠦᠵᠡᠮᠵᠢ ᠲᠠᠢ᠂ ᠳᠠᠯᠠᠨ ᠬᠠᠷ᠎ᠠ ᠠᠭᠤᠯᠠ ᠰᠦᠨᠳᠡᠷᠯᠡᠵᠦ᠂ ᠶᠠᠭ ᠯᠠ ᠨᠣᠭᠤᠭᠠᠨ ᠬᠠᠯᠬᠠᠪᠴᠢ ᠮᠡᠲᠦ ᠡᠨᠡ ᠬᠦ ᠨᠤᠲᠤᠭ ᠳᠡᠪᠢᠰᠬᠡᠷ ᠢ ᠰᠠᠬᠢᠨ ᠬᠠᠮᠠᠭᠠᠯᠠᠪᠠ᠃ ᠯᠢᠩᠬᠸ᠎ᠠ ᠠᠭᠤᠯᠠ ᠮᠤᠷᠤᠯᠵᠠᠨ ᠠᠮᠢ ᠠᠬᠤᠶ ᠮᠢᠷᠠᠯᠵᠠᠨ᠎ᠠ᠃ ᠬᠤᠪᠢᠯᠭᠠᠨ ᠪᠤᠯᠠᠭ ᠤᠨ ᠤᠰᠤ ᠲᠣᠰᠬᠤᠨ ᠤ ᠬᠥᠪᠡᠭᠡ ᠮᠢᠩᠭᠠᠨ ᠪᠣᠳᠠᠰ ᠢ ᠬᠥᠩᠭᠡᠬᠡᠨ ᠲᠡᠵᠢᠭᠡᠪᠡ᠃ ᠨᠡᠩ ᠴᠤ ᠲᠡᠷᠡ ᠵᠠᠭᠤᠨ ᠵᠢᠯ ᠤᠨ ᠬᠠᠭᠤᠴᠢᠨ ᠬᠠᠶᠢᠯᠠᠰᠤᠨ ᠮᠣᠳᠣ ᠰᠦᠨᠳᠡᠷᠯᠡᠵᠦ᠂ ᠣᠨ ᠰᠠᠷ᠎ᠠ ᠶᠢᠨ ᠤᠯᠠᠷᠢᠯ ᠬᠤᠪᠢᠰᠤᠯ ᠢ ᠭᠡᠷᠡᠴᠢᠯᠡᠪᠡ᠃ ᠬᠠᠪᠤᠷ ᠴᠡᠴᠡᠭ ᠰᠣᠨᠢᠷᠬᠠᠨ᠂ ᠵᠤᠨ ᠬᠠᠯᠠᠭᠤᠨ ᠠᠴᠠ ᠵᠶᠢᠯᠠᠬᠤ᠂ ᠨᠠᠮᠤᠷ ᠵᠢᠮᠢᠰ ᠲᠡᠭᠦᠵᠦ᠂ ᠡᠪᠦᠯ ᠴᠠᠰᠤ ᠦᠵᠡᠵᠦ᠂ ᠳᠥᠷᠪᠡᠨ ᠤᠯᠠᠷᠢᠯ ᠳᠤ ᠡᠭᠡᠯᠵᠢᠯᠡᠨ ᠰᠠᠭᠤᠵᠤ᠂ ᠠᠳᠤᠭᠤᠴᠢᠨ ᠠᠶᠢᠯ ᠲᠣᠰᠬᠤᠨ ᠤᠨ ᠦᠵᠡᠮᠵᠢ ᠨᠢ ᠰᠡᠳᠭᠢᠯ ᠢ ᠳᠣᠭᠲᠤᠭᠤᠯᠤᠨ᠎ᠠ᠃
     ᠠᠳᠤᠭᠤᠴᠢᠨ ᠠᠶᠢᠯ ᠲᠣᠰᠬᠤᠨ ᠪᠠᠶᠢᠭᠠᠯᠢ ᠶᠢᠨ ᠦᠩᠭᠡ ᠦᠵᠡᠮᠵᠢ ᠶᠢᠨ ᠵᠢᠷᠤᠭ ᠢᠶᠠᠷ ᠪᠠᠷᠠᠬᠤ ᠦᠭᠡᠢ᠂ ᠨᠡᠩ ᠴᠤ
ᠲᠠᠷᠢᠶᠠᠯᠠᠩ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠬᠦᠷᠦᠰᠦ ᠰᠢᠷᠤᠢ  ᠪᠣᠯᠤᠨ᠎ᠠ᠃ ︽ ᠶᠢᠨ ᠮᠧᠢ ᠲᠠᠷᠢᠶᠠᠯᠠᠩ︾ ᠤᠨ ᠠᠮᠢ ᠠᠬᠤᠢ ᠶᠢᠨ ᠲᠣᠭᠤᠷᠢᠨ ᠦᠵᠡᠵᠦ ᠲᠡᠭᠦᠬᠦ ᠰᠠᠭᠤᠷᠢᠨ ᠭᠠᠵᠠᠷ ᠨᠢ ᠲᠠᠨ ᠳᠤ ᠲᠠᠷᠢᠶᠠᠯᠠᠩ ᠤᠨ ᠴᠡᠩᠭᠡᠯ ᠢ ᠰᠤᠨᠢᠷᠬᠠᠭᠤᠯᠵᠤ᠂ ᠰᠢᠨ᠎ᠡ ᠰᠣᠷᠭᠤᠭ ᠵᠢᠮᠢᠰ ᠨᠤᠭᠤᠭ᠎ᠠ ᠠᠮᠲᠠᠯᠠᠨ᠎ᠠ᠃ ︽ᠶᠢᠰᠦᠨ ᠮᠣᠳᠣᠨ ᠤ ᠵᠢᠵᠢᠭ ᠬᠦᠷᠢᠶᠡᠯᠡᠩ︾ ᠤᠨ ᠭᠤᠣᠯ ᠰᠡᠳᠦᠪᠲᠦ ᠢᠳᠡᠭᠡᠨ ᠤᠮᠳᠠᠭᠠᠨ᠂ ᠠᠮᠲᠠᠲᠤ ᠢᠳᠡᠭᠡᠨ ᠪᠠ ᠭᠤᠶᠣ ᠦᠵᠡᠮᠵᠢ ᠶᠢ ᠪᠦᠷᠢᠨ ᠲᠡᠭᠦᠯᠳᠡᠷ ᠪᠣᠯᠭᠠᠵᠤ᠂ ᠲᠠᠨ ᠳᠤ ᠭᠡᠷ ᠤᠨ ᠬᠠᠯᠠᠭᠤᠨ ᠳᠤᠯᠠᠭᠠᠨ ᠢ ᠡᠳ᠋ᠯᠡᠭᠦᠯᠦᠨ᠎ᠡ᠃ ︽ᠬᠤᠸᠠ ᠸᠧᠢ ᠠᠷᠢᠬᠢᠨ ᠫᠦᠰᠡ︾ ᠠᠩᠬᠢᠯᠤᠮ᠎ᠠ ᠰᠠᠶᠢᠬᠠᠨ ᠦᠨᠦᠷ ᠨᠢ ᠦᠵᠦᠮ ᠤᠨ ᠠᠷᠢᠬᠢᠨ ᠤ ᠰᠣᠶᠣᠯ ᠤᠨ ᠷᠢᠳᠢ ᠰᠢᠳᠢ ᠶᠢ ᠳᠠᠮᠵᠢᠭᠤᠯᠤᠨ᠎ᠠ᠃
     ᠠᠳᠡ ᠲᠡᠦᠬᠡ ᠪᠣᠯᠤᠨ ᠣᠷᠴᠢᠨ ᠦᠶ᠎ᠡ ᠬᠠᠷᠢᠯᠴᠠᠨ ᠰᠦᠷ ᠳᠠᠯᠠᠶᠢᠴᠠᠲᠠᠢ ᠬᠥᠭᠵᠢᠮ ᠪᠣᠯᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠶᠤᠸᠠᠨ ᠬᠤᠲᠠ ᠶᠢᠨ ᠣᠨᠴᠠ ᠵᠥᠪᠯᠡᠯ ᠤᠨ ᠨᠢᠭᠤᠴᠠ ᠵᠠᠮ ᠬᠠᠷᠢᠯᠴᠠᠭᠠᠨ ᠤ ᠥᠷᠲᠡᠭᠡᠨ ᠤ ᠬᠠᠭᠤᠴᠢᠨ ᠪᠠᠭᠤᠷᠢ ︵ᠾᠧᠩ ᠱᠧᠩ ᠬᠠᠭᠤᠴᠢᠨ ᠰᠠᠭᠤᠴᠠ︶ ᠨᠠᠮ ᠵᠢᠮ ᠥᠩᠭᠡᠷᠡᠭᠰᠡᠨ ᠤ ᠭᠠᠶᠢᠬᠠᠮᠰᠢᠭᠲᠤ ᠣᠨ ᠵᠢᠯ ᠢ ᠶᠠᠷᠢᠵᠤ ᠪᠠᠶᠢᠨ᠎ᠠ᠂ ᠲᠡᠦᠬᠡ ᠶᠢᠨ ᠳᠤᠷᠠᠰᠬᠠᠯᠲᠤ ᠵᠦᠢᠯ ᠪᠢᠳᠠᠨ ᠢ ᠲᠡᠷᠡ ᠬᠦ ᠴᠠᠭ ᠮᠥᠴᠡ ᠳᠤ ᠠᠪᠴᠢᠷᠠᠭᠰᠠᠨ  ᠶᠤᠮ ᠰᠢᠭ ᠪᠠᠶᠢᠳᠠᠭ᠃  
    ᠠᠳᠤᠭᠤᠴᠢᠨ ᠠᠶᠢᠯ ᠲᠣᠰᠬᠤᠨ ᠨᠢ ᠨᠡᠩ ᠴᠦ ᠦᠨᠳᠦᠰᠦᠲᠡᠨ ᠤ ᠵᠠᠩ ᠦᠢᠯᠡ ᠰᠣᠶᠣᠯ ᠤᠨ ᠥᠩ ᠰᠢᠮᠡᠯᠢᠭ ᠬᠥᠷᠥᠰᠥ ᠪᠣᠯᠤᠨ᠎ᠠ᠃ ᠡᠯᠪᠡᠭ ᠪᠠᠶᠠᠯᠢᠭ ᠠᠭᠤᠯᠭ᠎ᠠ ᠲᠠᠢ ᠠᠷᠠᠳ ᠤᠨ ᠵᠠᠩ ᠦᠢᠯᠡ ᠶᠢᠨ ᠠᠵᠢᠯᠯᠠᠭ᠎ᠠ᠂ ᠭᠤᠶᠢᠳᠠ ᠰᠠᠶᠢᠬᠠᠨ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠨᠢ ᠠᠳᠡ ᠠᠮᠢᠳᠤᠯᠢᠭ ᠤᠯᠠᠮᠵᠢᠯᠠᠯ ᠪᠠ ᠦᠵᠡᠭᠦᠯᠦᠯᠭᠡ ᠶᠢ ᠣᠯᠤᠭᠰᠠᠨ ᠪᠠᠶᠢᠨ᠎ᠠ᠃ ᠤᠨᠴᠠᠯᠢᠬᠳᠤ ᠠᠮᠲᠠᠲᠤ ᠢᠳᠡᠭᠡᠨ ᠨᠢ ᠨᠡᠩ ᠴᠤ ᠬᠥᠮᠦᠰ ᠢ ᠰᠢᠯᠦᠰᠦ ᠭᠤᠭᠤᠵᠢᠭᠤᠯᠤᠮ᠎ᠠ ᠰᠠᠶᠢᠬᠠᠨ ᠮᠥᠷᠲᠡᠭᠡᠨ ᠤᠯᠠᠮᠵᠢᠯᠠᠯᠲᠤ ᠰᠣᠶᠣᠯ ᠢ ᠬᠠᠶᠢᠷᠠᠯᠠᠵᠤ ᠪᠠᠶᠢᠭ᠎ᠠ ᠶᠢᠨ ᠲᠡᠮᠳᠡᠭ ᠪᠠᠶᠢᠨ᠎ᠠ᠃
 
ᠢᠷᠡᠯᠲᠡ᠄ ᠥᠨᠥᠳᠦᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1