ᠨᠢᠭᠡ ᠳᠤ᠂ ᠭᠠᠯ ᠤᠨᠲᠠᠷᠠᠭᠠᠬᠤ ᠪᠣᠭᠤᠮᠲᠠ ᠰᠢᠪᠲᠤᠯᠵᠤ᠂ ︽ᠭᠠᠯ ᠰᠡᠷᠭᠡᠶᠢᠯᠡᠬᠦ ᠪᠠᠬᠢᠯᠡᠯᠲᠡ︾ ᠶᠢ ᠪᠠᠲᠤ | ᠴᠣᠭᠴᠠᠯᠠᠪᠠ᠃ ᠣᠯᠠᠨ ᠰᠠᠯᠠᠭ᠎ᠠ ᠮᠥᠴᠢᠷ ᠲᠠᠢ ᠬᠠᠮᠲᠤᠷᠠᠨ᠂ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠡᠯ᠎ᠡ | ᠲᠠᠯ᠎ᠠ ᠶᠢᠨ ᠬᠦᠴᠦᠨ ᠢ 50 ᠭᠠᠷᠤᠶ ᠬᠥᠮᠦᠨ ᠴᠤᠭᠯᠠᠭᠤᠯᠵᠤ᠂ ᠬᠠᠷᠢᠶᠠᠲᠤ ᠣᠷᠣᠨ ᠤ ᠮᠠᠰᠢ ᠣᠯᠠᠨ ᠠᠰᠠᠷ᠂ | ᠳᠡᠯᠭᠡᠭᠦᠷ ᠲᠤ ᠴᠠᠬᠢᠯᠭᠠᠨ ᠲᠡᠷᠭᠡ ᠶᠢᠨ ︽ᠠᠰᠠᠷ ᠲᠤ ᠣᠷᠣᠵᠤ ᠡᠷᠦᠬᠡ ᠳᠤ ᠣᠷᠣᠬᠤ︾ ᠲᠤᠰᠬᠠᠶ ᠴᠡᠭᠴᠡᠯᠡᠨ | ᠵᠠᠰᠠᠬᠤ ᠠᠵᠢᠯ ᠢ ᠥᠷᠨᠢᠭᠦᠯᠪᠡ᠃ ᠣᠲᠣ ᠪᠣᠯᠲᠠᠯ᠎ᠠ᠂ 363 ᠲᠡᠷᠭᠡ ᠬᠥᠰᠬᠡ ᠶᠢ ᠴᠡᠭᠴᠡᠯᠡᠨ ᠵᠠᠰᠠᠵᠤ᠂ 93 | ᠤᠲᠠᠰᠤ ᠪᠠᠷ ᠴᠠᠬᠢᠯᠭᠠᠨ ᠴᠡᠨᠡᠭᠯᠡᠬᠦ ᠶᠢ ᠬᠤᠷᠢᠭᠯᠠᠨ ᠵᠣᠭᠰᠣᠭᠠᠵᠤ᠂ 55 ᠠᠮᠤᠷ ᠲᠦᠪᠰᠢᠨ ᠤ ᠳᠠᠯᠳᠠ ᠬᠡᠮ ᠢ | ᠴᠡᠭᠴᠡᠯᠡᠨ ᠰᠠᠶᠢᠵᠢᠷᠠᠭᠤᠯᠤᠭᠰᠠᠨ ᠪᠥᠭᠡᠳ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ ᠨᠢ 100% ᠳᠤ ᠬᠦᠷᠦᠭᠰᠡᠨ | ᠪᠥᠭᠡᠳ 122 ᠴᠠᠬᠢᠯᠭᠠᠨ ᠴᠡᠨᠡᠭᠯᠡᠬᠦ ᠪᠠᠭᠠᠨ᠎ᠠ ᠤᠭᠰᠠᠷᠠᠵᠤ᠂ 284 ᠴᠠᠬᠢᠯᠭᠠᠨ ᠴᠡᠨᠡᠭᠯᠡᠬᠦ ᠨᠢᠭᠡᠴᠢ ᠶᠢ ᠬᠠᠩᠭᠠᠭᠰᠠᠨ | ᠪᠠᠶᠢᠨ᠎ᠠ᠃ | ᠬᠤᠶᠠᠷ ᠲᠤ᠂ ᠠᠵᠢᠯ ᠢᠶᠠᠨ ᠴᠢᠩᠭ᠎ᠠ ᠰᠠᠬᠢᠵᠤ᠂ ︽ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ︾ ᠢ | ᠨᠢᠭᠲᠠ ᠰᠦᠯᠵᠢᠪᠡ᠃ ᠭᠠᠳᠠᠭᠰᠢ ᠳᠠᠭᠠᠭᠠᠴᠢᠯᠠᠭᠤᠯᠬᠤ ᠠᠵᠢᠯ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ | ᠥᠷᠨᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ᠂ ᠴᠠᠬᠢᠯᠭᠠᠨ ᠬᠡᠷᠡᠭᠯᠡᠬᠦ ᠠᠮᠤᠷ ᠲᠦᠪᠰᠢᠨ ᠵᠡᠷᠭᠡ ᠲᠠᠯ᠎ᠠ ᠪᠠᠷ | ᠪᠥᠬᠦ ᠲᠠᠯ᠎ᠠ ᠶᠢᠨ ᠪᠠᠶᠢᠴᠠᠭᠠᠯᠲᠠ ᠬᠢᠨ᠎ᠠ᠃ ᠣᠳᠣᠬᠠᠨ ᠪᠣᠯᠲᠠᠯ᠎ᠠ᠂ ᠨᠡᠶᠢᠲᠡ 48 ᠳᠡᠯᠭᠡᠭᠦᠷ ᠲᠤ ᠭᠦᠨᠵᠡᠭᠡᠶᠢᠷᠡᠵᠦ᠂ | ᠪᠠᠶᠢᠴᠠᠭᠠᠬᠤ ᠳᠤᠭᠤᠶᠢᠯᠠᠩ 22᠂ ᠪᠠᠶᠢᠴᠠᠭᠠᠬᠤ ᠠᠵᠢᠯᠲᠠᠨ 83 ᠬᠥᠮᠦᠨ ᠬᠥᠳᠡᠯᠭᠡᠵᠦ᠂ ᠡᠭᠦᠨ ᠳᠤ 1 | ᠪᠠᠷᠢᠯᠭ᠎ᠠ ᠶᠢᠨ ᠲᠥᠷᠥᠯ ᠵᠦᠢᠯ ᠢ ᠭᠠᠳᠠᠭᠰᠢ ᠳᠠᠭᠠᠭᠠᠴᠢᠯᠠᠭᠤᠯᠵᠤ᠂ 1 ᠠᠰᠠᠭᠤᠳᠠᠯ ᠤᠨ ᠳᠠᠯᠳᠠ ᠬᠡᠮ ᠣᠷᠣᠰᠢᠵᠤ | ᠪᠠᠶᠢᠨ᠎ᠠ᠂ ᠣᠳᠣᠬᠠᠨ ᠳᠤ 4 ᠳᠠᠯᠳᠠ ᠬᠡᠮ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ ᠭᠠᠯ ᠤᠨᠲᠠᠷᠠᠭᠠᠬᠤ | ᠮᠡᠳᠡᠯᠭᠡ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠶᠢ 10 ᠤᠳᠠᠭ᠎ᠠ ᠥᠷᠨᠢᠭᠦᠯᠵᠦ᠂ ᠠᠵᠤ | ᠠᠬᠤᠶᠢᠯᠠᠯ ᠤᠨ ᠬᠤᠳᠠᠯᠳᠤᠭᠠᠴᠢᠨ ᠡᠷᠦᠬᠡ ᠶᠢ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠬᠥᠮᠦᠵᠢᠯ | ᠪᠣᠯᠪᠠᠰᠤᠷᠠᠭᠤᠯᠤᠯ ᠢ 160 ᠡᠷᠦᠬᠡ ᠳᠤ ᠶᠠᠪᠤᠭᠳᠠᠭᠤᠯᠪᠠ᠃ | ᠭᠤᠷᠪᠠ ᠳᠤ᠂ ᠰᠤᠷᠭᠠᠭᠤᠯᠢ ᠶᠢᠨ ᠬᠦᠷᠢᠶᠡᠨ ᠤ ᠠᠶᠠᠯᠠᠯ ᠢ ᠬᠠᠮᠠᠭᠠᠯᠠᠵᠤ᠂ ︽ᠠᠮᠤᠷ ᠲᠦᠪᠰᠢᠨ ᠤ ᠠᠪᠤᠷᠭᠤ | ᠰᠢᠬᠦᠷ︾ ᠢ ᠪᠤᠰᠬᠠᠪᠠ᠃ ︽ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠰᠠᠷ᠎ᠠ︾᠂ ︽ᠰᠡᠳᠬᠢᠴᠡ ᠶᠢᠨ | ᠡᠷᠡᠭᠦᠯ ᠮᠡᠨᠳᠦ ᠶᠢᠨ ᠡᠳᠦᠷ︾ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠢ ᠠᠰᠢᠭᠯᠠᠨ᠂ ᠠᠮᠤᠷ ᠲᠦᠪᠰᠢᠨ ᠤ | ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠤᠯᠠᠮᠵᠢᠯᠠᠯᠲᠤ ᠰᠣᠶᠣᠯ ᠵᠡᠷᠭᠡ ᠠᠵᠢᠯᠯᠠᠭ᠎ᠠ ᠶᠢ 77 | ᠲᠠᠯᠠᠪᠤᠷ ᠤᠳᠠᠭ᠎ᠠ ᠥᠷᠨᠢᠭᠦᠯᠵᠦ᠂ ᠤᠬᠠᠭᠤᠯᠭ᠎ᠠ ᠶᠢᠨ ᠮᠠᠲ᠋ᠧᠷᠢᠶᠠᠯ ᠢ 690 ᠭᠠᠷᠤᠶ ᠬᠤᠪᠢ ᠲᠠᠷᠬᠠᠭᠠᠵᠤ᠂ ᠠᠰᠢᠭ | ᠭᠥᠷᠳᠡᠭᠰᠡᠨ ᠪᠠᠭᠰᠢ ᠰᠣᠷᠣᠭᠴᠢ 1500 ᠭᠠᠷᠤᠶ ᠬᠥᠮᠦᠨ ᠤᠳᠠᠭ᠎ᠠ ᠳᠤ ᠬᠥᠷᠪᠡ᠃ |