ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠣᠯᠠᠨ ᠤ ᠡᠳᠦᠷ ᠲᠤᠲᠤᠮ ᠤᠨ | ᠠᠮᠢᠳᠤᠷᠠᠯ ᠤᠨ ᠶᠠᠪᠤᠯᠴᠠᠭ᠎ᠠ ᠳᠤ ᠲᠥᠬᠦᠮ ᠦᠵᠡᠭᠦᠯᠵᠦ᠂ ᠡᠯ᠎ᠡ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ | ᠮᠥᠴᠢᠷ ᠪᠠ ᠨᠡᠶᠢᠭᠡᠮ ᠤᠨ ᠡᠯ᠎ᠡ ᠡᠲᠡᠭᠡᠳ ᠤᠨ ᠤᠬᠠᠮᠰᠠᠷ ᠠᠴᠠ ᠪᠠᠨ ᠪᠠᠷᠢᠮᠵᠢᠶᠠᠲᠤ ᠭᠠᠵᠠᠷ ᠤᠨ ᠨᠡᠷᠡᠶᠢᠳᠦᠯ ᠢ | ᠬᠡᠷᠡᠭᠯᠡᠬᠦ ᠶᠢ ᠬᠥᠲᠥᠯᠦᠨ ᠵᠢᠯᠣᠭᠤᠳᠬᠤ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠭᠠᠵᠠᠷ ᠤᠨ | ᠨᠡᠷᠡᠶᠢᠳᠦᠯ ᠤᠨ ᠬᠠᠮᠢᠶᠠᠷᠤᠯᠲᠠ ᠶᠢᠨ ᠲᠦᠷᠢᠮ︾ ᠤᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠰᠠᠭᠤᠭᠠᠯᠢ | ᠲᠣᠭᠤᠷᠢᠭ ᠤᠨ ᠪᠠᠷᠢᠮᠵᠢᠶ᠎ᠠ ᠶᠢᠨ ᠨᠡᠷᠡᠶᠢᠳᠦᠯ ᠢ ᠴᠣᠬᠤᠯᠠᠪᠤᠷᠢᠯᠠᠭᠰᠠᠨ ᠤ ᠳᠠᠷᠠᠭ᠎ᠠ ᠤᠯᠤᠰ ᠤᠨ ᠭᠠᠵᠠᠷ ᠤᠨ | ᠨᠡᠷᠡᠶᠢᠳᠦᠯ ᠤᠨ ᠳ᠋ᠠᠶᠢᠲ᠋ᠠ ᠶᠢᠨ ᠬᠥᠮᠥᠷᠭᠡ ᠳᠤ ᠵᠠᠷᠯᠠᠨ ᠨᠡᠶᠢᠲᠡᠯᠡᠬᠦ ᠬᠡᠷᠡᠭᠲᠡᠶ᠃ | ᠴᠣᠬᠤᠯᠠᠪᠤᠷᠢᠯᠠᠯᠲᠠ ᠪᠠᠷ ᠳᠠᠮᠵᠢᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠯᠢᠦᠢ ᠳ᠋ᠢ ᠰᠤᠷᠭᠠᠭᠤᠯᠢ ᠶᠢᠨ | ᠲᠣᠭᠤᠷᠢᠭ ᠠᠴᠠ ᠪᠠᠷᠠᠭᠤᠨᠰᠢ᠂ ᠬᠤᠶᠢᠲᠤ ᠶᠡᠭᠡ ᠵᠡᠭᠡᠯᠢ ᠠᠴᠠ ᠵᠡᠭᠦᠨᠰᠢᠬᠢ ᠰᠠᠭᠤᠭᠠᠯᠢ ᠲᠣᠭᠤᠷᠢᠭ ᠤᠨ | ᠪᠠᠷᠢᠮᠵᠢᠶ᠎ᠠ ᠶᠢᠨ ᠨᠡᠷ᠎ᠡ ᠪᠠᠷ ︽ᠯᠢᠦᠢ ᠳ᠋ᠢ ᠰᠠᠭᠤᠭᠠᠯᠢ ᠲᠣᠭᠤᠷᠢᠭ︾ ᠭᠡᠵᠦ ᠨᠡᠷᠡᠯᠡᠪᠡ᠃ ᠲᠥᠷᠥ ᠶᠢᠨ ᠶᠠᠪᠤᠳᠠᠯ ᠤᠨ | ᠬᠤᠷᠢᠶᠠᠨ ᠤ ︽ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠲᠦᠷᠢᠮ︾ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ | ᠦᠨᠳᠦᠰᠦᠯᠡᠨ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠣᠲᠣ ᠰᠢᠨ᠎ᠡ ᠪᠠᠷ ᠨᠡᠷᠡᠶᠢᠳᠦᠭᠰᠡᠨ | ᠯᠢᠦᠢ ᠳ᠋ᠢ ᠰᠠᠭᠤᠭᠠᠯᠢ ᠲᠣᠭᠤᠷᠢᠭ ᠤᠨ ᠪᠠᠷᠢᠮᠵᠢᠶ᠎ᠠ ᠶᠢᠨ ᠨᠡᠷᠡᠶᠢᠳᠦᠯ ᠢ ᠤᠯᠤᠰ ᠤᠨ ᠭᠠᠵᠠᠷ ᠤᠨ ᠨᠡᠷ᠎ᠡ ᠶᠢᠨ ᠳ᠋ᠠᠶᠢᠲ᠋ᠠ | ᠬᠥᠮᠥᠷᠭᠡ ᠳᠤ ᠵᠠᠷᠯᠠᠨ ᠨᠡᠶᠢᠲᠡᠯᠡᠪᠡ᠃ ᠲᠣᠰ ᠰᠠᠭᠤᠭᠠᠯᠢ ᠲᠣᠭᠤᠷᠢᠭ ᠲᠤ ᠲᠣᠳᠣᠷᠬᠠᠶ ᠪᠤᠰᠤ᠂ ᠣᠨᠣᠪᠴᠢᠲᠠᠶ | ᠪᠥᠭᠡᠳ ᠢᠯᠭᠠᠨ ᠲᠠᠨᠢᠬᠤ ᠲᠡᠮᠳᠡᠭ ᠣᠯᠭᠤᠵᠤ᠂ ᠭᠠᠵᠠᠷ ᠤᠨ ᠵᠢᠷᠤᠭ ᠤᠨ ᠲᠣᠳᠣᠷᠬᠠᠶᠢᠯᠠᠯᠲᠠ᠂ ᠰᠢᠤᠳᠠᠨ ᠤ ᠴᠢᠮᠡᠭᠡ | ᠬᠤᠯᠪᠣᠭ᠎ᠠ᠂ ᠡᠷᠦᠬᠡ ᠠᠮᠠ ᠶᠢᠨ ᠲᠠᠩᠰᠠ ᠶᠢᠨ ᠬᠠᠮᠢᠶᠠᠷᠤᠯᠲᠠ᠂ ᠬᠡᠷ ᠬᠥᠷᠥᠩᠭᠡ ᠶᠢᠨ ᠳᠡᠩᠰᠡᠯᠡᠯᠲᠡ ᠵᠡᠷᠭᠡ | ᠠᠷᠠᠳ ᠤᠨ ᠠᠮᠢᠳᠤᠷᠠᠯ ᠪᠠ ᠵᠠᠰᠠᠭ ᠵᠠᠬᠢᠷᠭᠠᠨ ᠤ ᠬᠠᠮᠢᠶᠠᠷᠤᠯᠲᠠ ᠳᠤ ᠬᠤᠯᠪᠣᠭᠳᠠᠬᠤ ᠮᠠᠰᠢ ᠣᠯᠠᠨ ᠬᠦᠷᠢᠶᠡᠨ ᠳᠠᠬᠢ | ᠨᠢᠭᠡᠳᠦᠯᠲᠡᠶ ᠪᠥᠭᠡᠳ ᠵᠢᠷᠤᠮᠵᠢᠭᠰᠠᠨ ᠮᠡᠳᠡᠭᠡ ᠵᠠᠩᠭᠢ ᠶᠢᠨ ᠯᠠᠪᠯᠠᠯᠲᠠ ᠶᠢᠨ ᠰᠢᠰᠲ᠋ᠧᠮ ᠢ ᠪᠠᠶᠢᠭᠤᠯᠬᠤ ᠳᠤ ᠠᠰᠢᠭᠲᠠᠶ | ᠪᠠᠶᠢᠵᠤ᠂ ᠡᠭᠦᠨ ᠤ ᠤᠯᠠᠮ ᠠᠴᠠ ᠭᠠᠵᠠᠷ ᠤᠨ ᠨᠡᠷᠡᠶᠢᠳᠦᠯ ᠨᠢ ᠨᠢᠭᠡᠳᠦᠯ ᠥᠬᠡᠶ ᠪᠤᠶᠤ ᠵᠢᠷᠤᠮᠵᠢᠯ ᠥᠬᠡᠶ ᠠᠴᠠ | ᠪᠣᠯᠵᠣ ᠡᠭᠦᠰᠴᠦ ᠮᠡᠳᠡᠬᠦ ᠠᠳᠡᠭᠦᠦ ᠣᠶᠢᠯᠠᠭᠠᠯᠲᠠ ᠪᠠ ᠳᠥᠭᠦᠮ ᠦᠭᠡᠢ ᠪᠠᠶᠢᠳᠠᠯ ᠢ ᠲᠦᠢᠯ ᠤᠨ ᠶᠡᠭᠡ ᠪᠠᠷ | ᠪᠠᠭᠠᠰᠬᠠᠵᠤ᠂ ᠨᠡᠶᠢᠭᠡᠮ ᠤᠨ ᠠᠵᠢᠯᠯᠠᠭᠠᠨ ᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ |