︽ᠰᠡᠳᠬᠢᠯ ᠨᠢᠭᠡᠳᠦᠨ ᠬᠤᠸᠠ ᠽᠢ ᠳᠤ ᠬᠦᠷᠴᠦ᠂ ᠠᠵᠤ ᠦᠢᠯᠡᠰ ᠤᠨ ᠰᠢᠨ᠎ᠡ ᠬᠠᠭᠤᠳᠠᠰᠤ ᠶᠢ ᠬᠠᠮᠳᠤ ᠪᠠᠷ ᠪᠢᠴᠢᠭᠯᠡᠬᠦ︾ ᠳ᠋ᠦᠩ ᠰᠢᠩ ᠵᠡᠭᠡᠯᠢ ᠭᠤᠳᠤᠮᠵᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠦᠨᠳᠦᠰᠦᠨ ᠱᠠᠲᠤᠨ ᠳᠤ ᠪᠠᠶᠢᠴᠠᠭᠠᠨ ᠰᠤᠳᠤᠯᠤᠯᠲᠠ ᠬᠢᠵᠦ ᠲᠣᠭᠤᠷᠢᠨ ᠦᠵᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/25
     ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠨᠠᠩ ᠰᠠᠶᠢᠲᠤᠷ ᠠᠬᠢᠭᠤᠯᠵᠤ᠂ ᠵᠡᠭᠡᠯᠢ ᠭᠤᠳᠤᠮᠵᠢ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠳ᠋ᠦᠩ ᠰᠢᠩ ᠵᠡᠭᠡᠯᠢ ᠭᠤᠳᠤᠮᠵᠢ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠢᠶ᠎ᠠ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠬᠤᠶᠠᠳᠤᠭᠠᠷ ᠵᠠᠭᠠᠭ ᠢᠯᠭᠠᠯ ᠤᠨ ᠳᠤᠭᠤᠶᠢᠯᠠᠩ ᠢ ᠳᠠᠭᠠᠭᠤᠯᠤᠨ ᠬᠠᠮᠲᠤ ᠪᠠᠷ︽ᠰᠡᠳᠬᠢᠯ ᠨᠢᠭᠡᠳᠦᠨ ᠬᠤᠸᠠ ᠽᠢ ᠳᠤ ᠬᠦᠷᠴᠦ᠂ ᠠᠵᠤ ᠦᠢᠯᠡᠰ ᠤᠨ ᠰᠢᠨ᠎ᠡ ᠬᠠᠭᠤᠳᠠᠰᠤ ᠶᠢ ᠬᠠᠮᠳᠤ ᠪᠠᠷ ᠪᠢᠴᠢᠭᠯᠡᠬᠦ︾ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠦᠨᠳᠦᠰᠦᠨ ᠱᠠᠲᠤᠨ ᠳᠤ ᠪᠠᠶᠢᠴᠠᠭᠠᠨ ᠰᠤᠳᠤᠯᠤᠯᠲᠠ ᠬᠢᠵᠦ ᠲᠣᠭᠤᠷᠢᠨ ᠦᠵᠡᠬᠦ ᠠᠵᠢᠯᠯᠠᠭ᠎ᠠ ᠶᠢ ᠥᠷᠨᠢᠭᠦᠯᠪᠡ᠃ ᠳ᠋ᠦᠩ ᠾᠧ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠧᠨ ᠸᠧᠨ ᠯᠢ᠂ ᠳ᠋ᠦᠩ ᠾᠧ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠬᠤᠶᠠᠳᠤᠭᠠᠷ ᠵᠠᠭᠠᠭ ᠢᠯᠭᠠᠯ ᠤᠨ ᠳᠤᠭᠤᠶᠢᠯᠠᠩ ᠤᠨ ᠳᠠᠷᠤᠭ᠎ᠠ ᠯᠢᠶᠠᠩ ᠶᠦᠩ ᠯᠢᠶᠠᠩ᠂ ᠳ᠋ᠦᠩ ᠰᠢᠩ ᠵᠡᠭᠡᠯᠢ ᠭᠤᠳᠤᠮᠵᠢ ᠶᠢᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠵᠥᠪᠯᠡᠯ ᠤᠨ ᠡᠷᠬᠢᠯᠡᠭᠴᠢ ᠶᠢᠨ ᠶᠤᠸᠠᠨ ᠵᠢᠴᠢ 24 ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠠᠵᠢᠯᠯᠠᠭ᠎ᠠ ᠳᠤ ᠣᠷᠣᠯᠴᠠᠪᠠ᠃
     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠩ ᠲᠡᠷᠢᠭᠦᠨ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠪᠤᠭᠤᠲᠤ ᠶᠢᠨ ᠬᠤᠸᠠ ᠽᠢ ᠠᠵᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠦᠨᠳᠦᠰᠦᠨ ᠪᠠᠶᠢᠳᠠᠯ ᠢ ᠣᠶᠢᠯᠠᠭᠠᠵᠤ᠂ ᠵᠢᠯ ᠳᠤ 2 ᠲᠦᠮᠡᠨ ᠲᠣᠨ ᠰᠢᠷ᠎ᠠ ᠴᠠᠪᠠᠤ ᠶᠢᠨ ᠲᠦᠷᠦᠯ ᠵᠦᠢᠯ ᠤᠨ ᠤᠬᠠᠭᠤᠯᠭ᠎ᠠ ᠶᠢᠨ ᠹᠢᠯᠢᠮ ᠢ ᠦᠵᠡᠪᠡ᠃ ᠳᠠᠷᠠᠭ᠎ᠠ ᠨᠢ᠂ ᠣᠯᠠᠨ ᠢᠶᠠᠷ ᠢᠶᠠᠨ ᠰᠢᠨ᠎ᠡ ᠪᠠᠷ ᠪᠠᠶᠢᠭᠤᠯᠵᠤ ᠲᠤᠷᠰᠢᠨ ᠦᠢᠯᠡᠳᠪᠦᠷᠢᠯᠡᠭᠰᠡᠨ ᠰᠢᠷ᠎ᠠ ᠴᠠᠪᠠᠤ ᠶᠢᠨ ᠦᠢᠯᠡᠳᠪᠦᠷᠢ ᠶᠢᠨ ᠲᠠᠰᠤᠭ ᠲᠤ ᠬᠦᠷᠴᠦ᠂ ᠬᠤᠸᠠ ᠽᠢ ᠠᠵᠤ ᠦᠢᠯᠡᠰ ᠤᠨ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠴᠢᠳᠠᠪᠤᠷᠢ ᠪᠣᠯᠤᠨ ᠮᠡᠷᠭᠡᠵᠢᠯ ᠤᠨ ᠰᠢᠨ᠎ᠡ ᠶᠢ ᠡᠭᠦᠳᠬᠦ ᠪᠣᠳᠠᠲᠤ ᠬᠦᠴᠦᠨ ᠤ ᠲᠤᠬᠠᠶ ᠤᠯᠠᠮ ᠨᠢᠭᠡ ᠠᠯᠬᠤᠮ ᠣᠶᠢᠯᠠᠭᠠᠯᠲᠠ ᠲᠠᠢ ᠪᠣᠯᠵᠠᠶ᠃ ᠬᠤᠸᠠ ᠽᠢ ᠠᠵᠤ ᠦᠢᠯᠡᠰ ᠤᠨ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠬᠤᠪᠢ ᠨᠡᠮᠡᠷᠢ ᠶᠢ ᠬᠠᠮᠲᠤ ᠳᠤᠨᠢ ᠬᠠᠷᠠᠭᠠᠯᠵᠠᠬᠤ᠂ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠬᠦ ᠲᠠᠯ᠎ᠠ ᠪᠠᠷ ᠭᠠᠷᠭᠠᠭᠰᠠᠨ ᠴᠢᠷᠮᠠᠶᠢᠯᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠵᠠᠰᠠᠭ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠬᠡᠷᠬᠢᠨ ᠴᠢᠩᠭᠠᠳᠬᠠᠬᠤ᠂ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠬᠤ ᠵᠡᠷᠭᠡ ᠠᠰᠠᠭᠤᠳᠠᠯ ᠤᠨ ᠲᠤᠬᠠᠢ ᠡᠷᠬᠢᠮ ᠨᠠᠨᠳᠢᠨ ᠰᠠᠨᠠᠭᠤᠯᠭ᠎ᠠ ᠳᠤᠷᠠᠳᠴᠠᠢ᠃
     ᠲᠡᠷᠢᠭᠦᠯᠡᠭᠴᠢ ᠴᠧᠨ ᠸᠧᠨ ᠯᠢ ᠢᠯᠡᠷᠬᠡᠶᠢᠯᠡᠬᠦ ᠳᠡᠭᠡᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠦᠨᠳᠦᠰᠦᠨ ᠱᠠᠲᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠨᠢ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠶ ᠶᠤᠮ ᠭᠡᠵᠡᠶ᠃ ᠳ᠋ᠦᠩ ᠾᠧ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠭᠡᠰᠢᠭᠦᠳ ᠤᠨ ᠭᠤᠣᠯ ᠴᠣᠭᠴᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ ᠤ ᠲᠠᠪᠴᠠᠩ ᠢ ᠢᠳᠡᠪᠬᠢᠲᠡᠢ ᠪᠠᠶᠢᠭᠤᠯᠵᠤ᠂ ᠠᠵᠤ ᠠᠬᠤᠶᠢᠯᠠᠯ ᠤᠨ ᠬᠠᠷᠢᠯᠴᠠᠨ ᠬᠠᠮᠲᠤᠷᠠᠯᠴᠠᠬᠤ᠂ ᠬᠠᠷᠢᠯᠴᠠᠨ ᠠᠬᠢᠭᠤᠯᠬᠤ ᠶᠢ ᠠᠬᠢᠭᠤᠯᠵᠤ᠂ ᠨᠡᠩ ᠤᠯᠠᠨ ᠬᠠᠭᠤᠴᠢᠨ ᠠᠵᠤ ᠠᠬᠤᠶᠢᠯᠠᠯ ᠢ ᠬᠠᠪᠰᠤᠷᠤᠨ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠨ᠎ᠠ ᠭᠡᠵᠡᠢ᠃ ᠡᠭᠦᠨ ᠤ ᠬᠠᠮᠲᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠬᠤᠯᠪᠣᠭᠳᠠᠯ ᠪᠦᠬᠦᠢ ᠠᠵᠢᠯ ᠢ ᠦᠷᠭᠦᠯᠵᠢᠯᠡᠨ ᠳᠡᠭᠡᠳᠦ ᠬᠡᠮᠵᠢᠶ᠎ᠡ ᠪᠠᠷ ᠠᠩᠬᠠᠷᠤᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ ᠪᠠᠶᠢᠭᠠᠳ ᠬᠠᠷᠢᠶᠠᠲᠤ ᠣᠷᠣᠨ ᠤ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠳ᠋ᠦᠩ ᠾᠧ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠠᠷ ᠬᠠᠮᠲᠤᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ᠥᠨᠥᠳᠦᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1