ᠳ᠋ᠦᠩ ᠾᠧ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠨᠢ ᠪᠤᠭᠤᠲᠤ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ 2024 ᠣᠨ ᠤ ᠲᠠᠪᠤᠳᠤᠭᠠᠷ ᠬᠤᠭᠤᠴᠠᠭᠠᠨ ᠤ ︽ᠬᠠᠩᠭᠠᠨ ᠪᠣᠷᠣᠯᠠᠭᠤᠯᠬᠤ ᠬᠢᠴᠢᠶᠡᠯ ᠤᠨ ᠲᠠᠩᠬᠢᠮ︾ ᠳᠤ ᠢᠳᠡᠪᠬᠢᠲᠡᠢ ᠣᠷᠣᠯᠴᠠᠪᠠ
ᠨᠡᠶᠢᠲᠡᠯᠡᠭᠰᠡᠨ ᠴᠠᠭ᠄
2024/11/27
     11 ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠬᠤᠳᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ 2024 ᠣᠨ ᠤ ᠲᠠᠪᠤᠳᠤᠭᠠᠷ ᠬᠤᠭᠤᠴᠠᠭᠠᠨ ᠤ ︽ᠬᠠᠩᠭᠠᠨ ᠪᠣᠷᠣᠯᠠᠭᠤᠯᠬᠤ ᠬᠢᠴᠢᠶᠡᠯ ᠤᠨ ᠲᠠᠩᠬᠢᠮ︾ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠳ᠋ᠦᠩ ᠾᠧ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠬᠤᠷᠠᠯ ᠳᠤ ᠣᠷᠣᠯᠴᠠᠪᠠ᠃      ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠳᠦᠷᠢᠮ︾ ᠢ ᠰᠤᠷᠤᠯᠴᠠᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠬᠠᠩᠭᠠᠨ ᠪᠣᠷᠣᠯᠠᠭᠤᠯᠬᠤ ᠰᠢᠰᠲ᠋ᠧᠮ ᠤᠨ ᠠᠵᠢᠯ ᠤᠨ ᠶᠡᠷᠦᠩᠬᠡᠶ ᠰᠡᠳᠬᠢᠮᠵᠢ ᠶᠢ ᠲᠣᠳᠣᠷᠬᠠᠶᠢᠯᠠᠵᠤ᠂ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠳᠤ ᠦᠢᠯᠡᠴᠢᠯᠡᠬᠦ ᠰᠢᠰᠲ᠋ᠧᠮ ᠢ ᠲᠡᠭᠦᠯᠳᠡᠷᠵᠢᠭᠦᠯᠬᠦ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠬᠤᠷᠰᠢᠶ᠎ᠠ ᠶᠢᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠰᠢᠰᠲ᠋ᠧᠮ ᠢ ᠲᠡᠭᠦᠯᠳᠡᠷᠵᠢᠭᠦᠯᠬᠦ ᠵᠡᠷᠭᠡ ᠠᠵᠢᠯ ᠤᠨ ᠱᠠᠭᠠᠷᠳᠠᠯᠭ᠎ᠠ ᠶᠢ ᠳᠤᠷᠠᠳᠪᠠ᠃
     ᠲᠠᠷᠠᠭᠠᠴᠢ ᠶᠢᠨ ᠠᠯᠬᠤᠮ ᠳᠤ᠂ ᠳ᠋ᠦᠩ ᠾᠧ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠢᠨ ᠲᠠᠷᠢᠶᠠᠯᠠᠩ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠦᠷᠭᠦᠯᠵᠢᠯᠡᠨ ᠪᠠᠷᠢᠮᠲᠠᠯᠠᠵᠤ᠂ ︽ᠲᠠᠶᠢᠯᠬᠤ ᠰᠡᠳᠬᠢᠬᠦᠶ ᠲᠠᠢ︾ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠪᠠᠷ ᠭᠤᠤᠯ ᠪᠣᠯᠭᠠᠵᠤ᠂ ᠰᠢᠨ᠎ᠡ ᠴᠠᠭ ᠦᠶ᠎ᠡ ᠶᠢᠨ ᠬᠠᠩᠭᠠᠨ ᠪᠣᠷᠣᠯᠠᠭᠤᠯᠬᠤ ᠠᠵᠢᠯ ᠤᠨ ᠰᠢᠨ᠎ᠡ ᠪᠠᠶᠢᠳᠠᠯ ᠢ ᠪᠣᠶ ᠪᠣᠯᠭᠠᠨ᠎ᠠ᠃
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1