11 ᠳ᠋ᠦ᠋ᠭᠡᠷ ᠰᠠᠷ᠎ᠠ ᠶᠢᠨ 13 ᠠᠴᠠ 21 ᠤ ᠡᠳᠦᠷ ᠪᠣᠯᠲᠠᠯ᠎ᠠ᠂ ᠫᠧᠷᠦ᠋ ᠶᠢᠨ ᠶᠡᠷᠦᠩᠬᠡᠶᠢᠯᠡᠭᠴᠢ ᠪᠦᠷᠤ᠋ ᠊ ᠠᠷᠲ᠋ᠧ᠂ | ᠪᠷᠠᠽᠢᠯ ᠤᠨ ᠶᠡᠷᠦᠩᠬᠡᠶᠢᠯᠡᠭᠴᠢ ᠯᠦᠯᠠ ᠶᠢᠨ ᠤᠷᠢᠯᠭ᠎ᠠ ᠪᠠᠷ ᠤᠯᠤᠰ ᠤᠨ ᠲᠡᠷᠢᠭᠦᠯᠡᠭᠴᠢ ᠰᠢ ᠶᠢᠨ ᠫᠢᠩ ᠯᠢᠮᠠ ᠳᠤ ᠬᠦᠷᠴᠦ | ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ | ᠭᠤᠴᠢᠨ ᠨᠢᠭᠡᠳᠦᠭᠡᠷ ᠤᠳᠠᠭ᠎ᠠ ᠶᠢᠨ ᠤᠳᠤᠷᠢᠳᠬᠤ ᠬᠥᠮᠦᠰ ᠤᠨ ᠠᠯᠪᠠᠨ ᠶᠣᠰᠣᠨ ᠤ ᠪᠤᠰᠤ ᠬᠤᠷᠠᠯ᠂ ᠷᠢᠦ᠋ ᠳ᠋ᠢ | ᠿᠧᠨᠧᠶᠢᠷᠦ᠋ ᠳᠤ ᠬᠦᠷᠴᠦ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠦᠰ ᠤᠨ ᠠᠷᠪᠠ ᠶᠢᠰᠦᠳᠦᠭᠡᠷ | ᠤᠳᠠᠭ᠎ᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠭᠰᠠᠨ ᠪᠥᠭᠡᠳ ᠫᠧᠷᠦ᠋᠂ ᠪᠷᠠᠽᠢᠯ ᠳᠤ ᠲᠦᠷᠦ ᠶᠢᠨ ᠶᠠᠪᠤᠳᠠᠯ ᠤᠨ | ᠠᠶᠢᠯᠴᠢᠯᠠᠯᠲᠠ ᠬᠢᠵᠡᠢ᠃ | APEC ᠤᠨ ᠬᠤᠷᠠᠯ ᠠᠴᠠ G20 ᠶᠢᠨ ᠲᠦᠷᠦᠭᠦᠴᠦᠳ ᠤᠨ ᠬᠤᠷᠠᠯ ᠬᠦᠷᠲᠡᠯ᠎ᠡ᠂ ᠲᠡᠷᠢᠭᠦᠯᠡᠭᠴᠢ ᠰᠢ ᠶᠢᠨ ᠫᠢᠩ | ᠣᠯᠠᠨᠲᠠ ᠴᠢᠬᠤᠯᠠ ᠶᠠᠷᠢᠶ᠎ᠠ ᠲᠠᠯᠪᠢᠵᠤ᠂ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠴᠢᠬᠤᠯᠠ ᠴᠢᠨᠠᠷ᠂ | ᠨᠡᠭᠡᠭᠡᠯᠲᠡᠲᠦ ᠬᠠᠮᠲᠤᠷᠠᠯᠴᠠᠭ᠎ᠠ ᠶᠢᠨ ᠵᠠᠶᠢᠯᠠᠰᠢ ᠦᠭᠡᠢ ᠴᠢᠨᠠᠷ ᠢ ᠠᠮᠢᠳᠤᠯᠢᠭ ᠢᠶᠠᠷ ᠵᠦᠢᠷᠯᠡᠵᠦ᠂ ᠡᠯ᠎ᠡ ᠤᠯᠤᠰ ᠤᠨ ᠣᠷᠣᠨ | ᠪᠦᠰᠡ ᠶᠢᠨ ᠠᠵᠤ ᠠᠬᠤᠢ᠂ ᠤᠯᠠᠨ ᠲᠠᠯᠠᠲᠤ ᠠᠷᠠᠯᠵᠢᠶ᠎ᠠ᠂ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠵᠢᠴᠢ ᠢᠯᠵᠠᠷᠠᠯ ᠢ | ᠡᠰᠡᠷᠭᠦᠴᠡᠬᠦ ᠵᠡᠷᠭᠡ ᠬᠦᠷᠢᠶᠡᠨ ᠳᠠᠬᠢ ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠬᠥᠭᠵᠢᠯ ᠴᠡᠴᠡᠭᠯᠡᠯ ᠢ | ᠬᠠᠮᠲᠤ ᠪᠠᠷ ᠠᠬᠢᠭᠤᠯᠵᠤ᠂ ᠨᠡᠩ ᠤᠯᠠᠨ ᠠᠵᠤ ᠠᠬᠤᠢ ᠶᠢᠨ ᠴᠣᠭᠴᠠ᠂ ᠨᠡᠩ ᠤᠯᠠᠨ ᠠᠷᠠᠳ ᠲᠦᠮᠡᠨ ᠳᠤ | ᠬᠥᠭᠵᠢᠯᠲᠡ ᠶᠢᠨ ᠦᠷ᠎ᠡ ᠪᠦᠲᠦᠭᠡᠯ ᠢᠶᠠᠨ ᠡᠳ᠋ᠯᠡᠭᠦᠯᠬᠦ ᠶᠢ ᠵᠥᠪ ᠪᠤᠷᠤᠭᠤ ᠬᠤᠶᠠᠷ ᠲᠠᠯ᠎ᠠ ᠪᠠᠷ ᠠᠮᠢᠳᠤᠯᠢᠭ ᠵᠦᠢᠷᠯᠡᠪᠡ᠃ | ᠬᠠᠮᠲᠤ ᠪᠠᠷ ᠰᠤᠷᠤᠯᠴᠠᠶ᠎ᠠ︕ | | | | | | | | | |