ᠪᠤᠭᠤᠲᠤ ᠬᠤᠳᠠ ᠶᠢᠨ ᠳ᠋ᠦᠩ ᠾᠧ ᠲᠣᠭᠤᠷᠢᠭ ᠤᠨ ᠰᠠᠷᠠᠴᠢᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/11/29
     ᠳ᠋ᠦᠩ ᠾᠧ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠪᠠᠭᠤᠯᠭᠠᠭᠰᠠᠨ ︽ᠰᠠᠯᠠᠭᠠᠨ ᠳᠡᠰ ᠵᠢᠴᠢ ᠲᠡᠭᠦᠨ ᠠᠴᠠ ᠳᠣᠷᠣᠭᠰᠢᠬᠢ ᠺᠠᠳ᠋ᠷ᠂ ᠨᠠᠮ ᠤᠨ ᠭᠡᠰᠢᠭᠦᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠣᠯᠪᠠᠰᠤᠷᠠᠭᠤᠯᠤᠯ ᠤᠨ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠮᠠᠨ ᠤ ᠪᠠᠯᠭᠠᠰᠤ ᠰᠠᠯᠠᠭᠠᠨ ᠲᠠᠰ ᠵᠢᠴᠢ ᠲᠡᠭᠦᠨ ᠠᠴᠠ ᠳᠣᠷᠣᠭᠰᠢᠬᠢ ᠺᠠᠳ᠋ᠷ᠂ ᠨᠠᠮ ᠤᠨ ᠭᠡᠰᠢᠭᠦᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠥᠮᠦᠵᠢᠯ ᠪᠣᠯᠪᠠᠰᠤᠷᠠᠭᠤᠯᠤᠯ ᠢ ᠰᠠᠶᠢᠲᠤᠷ ᠬᠢᠬᠦ ᠶᠢᠨ ᠲᠥᠯᠥᠭᠡ᠂ ᠳᠥᠷᠪᠡᠳᠦᠭᠡᠷ ᠬᠤᠭᠤᠴᠠᠭᠠᠨ ᠤ ᠲᠥᠪᠯᠡᠷᠡᠭᠦᠯᠦᠨ ᠰᠤᠷᠤᠯᠴᠠᠬᠤ ᠶᠢ ᠥᠷᠨᠢᠭᠦᠯᠬᠦ ᠪᠠᠷ ᠲᠥᠯᠥᠪᠯᠡᠵᠦ ᠪᠠᠶᠢᠨ᠎ᠠ᠃      11 ᠰᠠᠷ᠎ᠠ ᠶᠢᠨ 28 ᠤ ᠡᠳᠦᠷ᠂ ᠪᠤᠭᠤᠲᠤ ᠬᠤᠳᠠ ᠶᠢᠨ ᠳ᠋ᠦᠩ ᠾᠧ ᠲᠣᠭᠤᠷᠢᠭ ᠤᠨ ᠰᠠᠷᠠᠴᠢᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠰᠠᠯᠠᠭᠠᠨ ᠲᠡᠰ ᠵᠢᠴᠢ ᠲᠡᠭᠦᠨ ᠠᠴᠠ ᠳᠣᠷᠣᠭᠰᠢᠬᠢ ᠺᠠᠳ᠋ᠷ᠂ ᠨᠠᠮ ᠤᠨ ᠭᠡᠰᠢᠭᠦᠨ ᠤ ︽ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ︾ ᠪᠣᠯᠪᠠᠰᠤᠷᠠᠯ ᠢ ᠥᠷᠨᠢᠭᠦᠯᠵᠦ᠂ ᠪᠣᠯᠪᠠᠰᠤᠷᠠᠯ ᠢ ᠬᠠᠷᠠᠭᠠᠨ ᠳᠠᠪᠳᠠᠮᠵᠢ ᠦᠵᠡᠬᠦ ᠬᠡᠯᠪᠡᠷᠢ ᠪᠠᠷ ᠥᠷᠨᠢᠭᠦᠯᠪᠡ᠃ ᠬᠠᠷᠠᠭᠠᠨ ᠳᠠᠪᠳᠠᠮᠵᠢ ᠪᠠᠷ ᠰᠤᠷᠤᠯᠴᠠᠬᠤ᠂ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠥᠬᠦ ᠺᠠᠳ᠋ᠷᠴᠤᠳ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠩ ᠭᠦᠨᠵᠡᠭᠡᠶ ᠣᠶᠢᠯᠠᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠨᠠᠮ ᠪᠠ ᠤᠯᠤᠰ ᠤᠨ ᠬᠥᠭᠵᠢᠯᠲᠡ ᠳᠤ ᠦᠵᠡᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠨᠠᠩ ᠭᠦᠨᠵᠡᠭᠡᠶ ᠣᠶᠢᠯᠠᠭᠠᠵᠤ᠂ ᠨᠠᠮ ᠤᠨ ᠤᠳᠤᠷᠢᠳᠤᠯᠭ᠎ᠠ ᠪᠣᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠦᠨᠳᠦᠰᠦᠨ ᠪᠠᠲᠤᠯᠠᠭ᠎ᠠ ᠮᠥᠨ ᠭᠡᠳᠡᠭ ᠢ ᠨᠠᠩ ᠭᠦᠨᠵᠡᠭᠡᠶ ᠣᠶᠢᠯᠠᠭᠠᠪᠠ᠃ ᠣᠯᠠᠨ ᠢᠶᠠᠷ ᠢᠶᠠᠨ ᠰᠤᠷᠤᠯᠴᠠᠨ ᠰᠣᠯᠢᠯᠴᠠᠬᠤ ᠳᠤᠮᠳᠠ᠂ ᠬᠤᠶᠢᠰᠢᠳᠠ ᠶᠢᠨ ᠠᠵᠢᠯ ᠤᠨ ᠳᠤᠮᠳᠠ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨ ᠬᠦ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠪᠠ ᠪᠣᠳᠠᠲᠠᠶ ᠠᠵᠢᠯᠯᠠᠭ᠎ᠠ ᠪᠣᠯᠭᠠᠨ ᠬᠤᠪᠢᠷᠠᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ ᠭᠡᠵᠦ ᠢᠯᠡᠳᠬᠡᠪᠡ᠃      ᠲᠠᠷᠠᠭᠠᠴᠢ ᠶᠢᠨ ᠠᠯᠬᠤᠮ ᠳᠤ᠂ ᠰᠠᠷᠠᠴᠢᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ 12 ᠰᠠᠷ᠎ᠠ ᠶᠢᠨ 5 ᠤ ᠡᠳᠦᠷ᠂ 12 ᠰᠠᠷ᠎ᠠ ᠶᠢᠨ 12 ᠤᠨ ᠡᠳᠦᠷ᠂ 12 ᠰᠠᠷ᠎ᠠ ᠶᠢᠨ 19 ᠤ ᠡᠳᠦᠷ ᠤᠨ ᠰᠤᠷᠤᠯᠴᠠᠯᠭ᠎ᠠ ᠪᠣᠯᠪᠠᠰᠤᠷᠠᠭᠤᠯᠤᠯ ᠢ ᠥᠷᠨᠢᠭᠦᠯᠵᠦ᠂ ᠨᠠᠮ ᠤᠨ ᠭᠡᠰᠢᠭᠦᠨ᠂ ᠺᠠᠳ᠋ᠷᠴᠤᠳ ᠢ ᠦᠷᠭᠦᠯᠵᠢᠯᠡᠨ ᠰᠢᠪᠠᠳᠠᠨ ᠵᠢᠯᠣᠭᠤᠳᠴᠤ ᠪᠠᠶᠢᠭᠠᠳ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠠᠵᠢᠯᠯᠠᠭᠠᠨ ᠤ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠲᠤᠬᠠᠶᠢᠯᠠᠭᠰᠠᠨ ᠠᠵᠢᠯ ᠳᠤ ᠣᠷᠣᠯᠴᠠᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ᠃
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1