ᠳ᠋ᠦᠩ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠠᠮ ᠤᠨ ᠪᠠᠶᠢᠭᠤᠯᠤᠯᠲᠠ᠂ ᠬᠠᠶᠢᠷ᠎ᠠ ᠬᠠᠯᠠᠮᠵᠢ ᠨᠡᠶᠢᠲᠡ ᠶᠢᠨ ᠠᠰᠠᠷᠠᠮᠵᠢ ᠶᠢᠨ ᠰᠠᠭᠤᠷᠢᠨ ᠭᠠᠵᠠᠷ ᠢ ᠲᠣᠭᠤᠷᠢᠨ ᠦᠵᠡᠬᠦ ᠶᠢᠨ ᠬᠠᠮᠲᠤ ᠬᠠᠶᠢᠷ᠎ᠠ ᠬᠠᠯᠠᠮᠵᠢ ᠬᠠᠨᠳᠢᠪᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/29
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠳᠣᠲᠣᠭᠠᠳᠤ ᠶᠢᠨ ᠤᠷᠮᠠᠰᠢᠭᠤᠯᠤᠨ ᠬᠠᠯᠠᠮᠵᠢᠯᠠᠵᠤ ᠬᠠᠪᠰᠤᠷᠤᠨ ᠲᠡᠳᠬᠦᠬᠦ ᠲᠣᠭᠲᠠᠴᠠ ᠶᠢ ᠲᠠᠰᠤᠷᠠᠯᠲᠠ ᠥᠬᠡᠶ ᠴᠢᠩᠭᠠᠳᠬᠠᠵᠤ᠂ ᠨᠠᠮ ᠤᠨ ᠭᠡᠰᠢᠭᠦᠨ ᠤ ᠬᠦᠴᠦᠨ ᠢ ᠨᠢᠭᠲᠠᠷᠠᠭᠤᠯᠤᠨ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 27 ᠤ ᠡᠳᠦᠷ᠂ ᠳ᠋ᠦᠩ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠵᠢᠴᠢ ᠡᠯ᠎ᠡ ᠨᠠᠮ ᠤᠨ ᠡᠭᠦᠷ ᠤᠨ ᠱᠦᠵᠢ ᠴᠢᠩᠱᠠᠨ ᠲᠣᠭᠤᠷᠢᠭ ᠤᠨ ︽ᠨᠠᠮ ᠤᠨ ᠪᠠᠶᠢᠭᠤᠯᠤᠯᠲᠠ · ᠬᠠᠶᠢᠷ᠎ᠠ ᠬᠠᠯᠠᠮᠵᠢ ᠶᠢᠨ ᠨᠡᠶᠢᠲᠡ ᠶᠢᠨ ᠠᠰᠠᠷᠠᠮᠵᠢ ᠶᠢᠨ ᠴᠤᠭᠯᠠᠭᠠᠨ︾ ᠤ ᠰᠠᠭᠤᠷᠢᠨ ᠭᠠᠵᠠᠷ ᠲᠤ ᠬᠦᠷᠴᠦ ᠲᠣᠭᠤᠷᠢᠨ ᠦᠵᠡᠵᠦ ᠰᠤᠷᠤᠯᠴᠠᠬᠤ ᠶᠢᠨ ᠬᠠᠮᠲᠤ ᠬᠠᠶᠢᠷ᠎ᠠ ᠬᠠᠯᠠᠮᠵᠢ ᠶᠢᠨ ᠬᠠᠨᠳᠢᠪᠯᠠᠬᠤ ᠠᠵᠢᠯᠯᠠᠭ᠎ᠠ ᠥᠷᠨᠢᠭᠦᠯᠪᠡ᠃
     ᠲᠠᠶᠢᠯᠪᠤᠷᠢᠯᠠᠭᠴᠢ ᠶᠢᠨ ᠳᠠᠭᠠᠭᠤᠯᠭ᠎ᠠ ᠳᠣᠣᠷ᠎ᠠ᠂ ᠣᠯᠠᠨ ᠢᠶᠠᠷ ᠢᠶᠠᠨ ᠨᠡᠶᠢᠲᠡ ᠶᠢᠨ ᠠᠰᠠᠷᠠᠮᠵᠢ ᠶᠢᠨ ᠴᠤᠭᠯᠠᠷᠠᠯ ᠤᠨ ᠰᠠᠭᠤᠷᠢᠨ ᠭᠠᠵᠠᠷ ᠤᠨ ᠥᠴᠦᠬᠡᠨ ᠬᠦᠰᠡᠯ᠂ ᠪᠢᠴᠢᠯ ᠬᠠᠨᠳᠢᠪᠯᠠᠯ᠂ ᠪᠠᠭ᠎ᠠ ᠪᠢᠴᠢᠯ ᠵᠦᠩᠨᠡᠯ ᠤᠨ ᠴᠤᠭᠯᠠᠭᠤᠯᠭ᠎ᠠ ᠵᠡᠷᠭᠡ ᠡᠯ᠎ᠡ ᠬᠡᠪᠯᠡᠯ ᠤᠨ ᠠᠭᠤᠯᠭ᠎ᠠ ᠶᠢ ᠣᠶᠢᠯᠠᠭᠠᠬᠤ ᠶᠢᠨ ᠬᠠᠮᠲᠤ ᠪᠠᠰᠠ ᠨᠡᠶᠢᠲᠡ ᠶᠢᠨ ᠠᠰᠠᠷᠠᠮᠵᠢ ᠶᠢᠨ ᠭᠤᠪᠢᠭᠤᠯᠭ᠎ᠠ ᠶᠢᠨ ᠡᠵᠡᠩᠨᠡᠯᠲᠡ ᠶᠢᠨ ᠵᠠᠭᠪᠤᠷ ᠪᠣᠯᠤᠨ ᠰᠦᠯᠵᠢᠶᠡᠨ ᠳᠡᠭᠡᠷᠡᠬᠢ ᠨᠠᠮ ᠤᠨ ᠪᠠᠶᠢᠭᠤᠯᠤᠯᠲᠠ ᠶᠢᠨ ᠨᠡᠶᠢᠲᠡ ᠶᠢᠨ ᠠᠰᠠᠷᠠᠮᠵᠢ ᠶᠢᠨ APP ᠶᠢᠨ ᠡᠯ᠎ᠡ ᠵᠦᠢᠯ ᠤᠨ ᠪᠣᠳᠠᠲᠠᠶ ᠴᠢᠳᠠᠮᠵᠢ ᠶᠢ ᠣᠶᠢᠯᠠᠭᠠᠪᠠ᠃ ᠰᠦᠯᠵᠢᠶᠡᠨ ᠤ ᠲᠠᠪᠴᠠᠩ ᠢᠶᠠᠷ ᠳᠡᠮᠵᠢᠨ᠂ ᠬᠠᠶᠢᠷ᠎ᠠ ᠬᠠᠯᠠᠮᠵᠢ ᠶᠢᠨ ᠬᠥᠮᠦᠰ ᠪᠡᠯᠡᠭᠯᠡᠨ ᠬᠦᠷᠭᠡᠬᠦ ᠡᠬᠢ ᠪᠠᠶᠠᠯᠢᠭ ᠢ ᠰᠢᠭᠤᠳ ᠳᠡᠭᠡᠭᠰᠢ ᠳᠠᠮᠵᠢᠭᠤᠯᠵᠤ᠂ ᠬᠡᠷᠡᠭᠴᠡᠭᠡ ᠲᠠᠢ ᠨᠠᠮ ᠤᠨ ᠭᠡᠰᠢᠭᠦᠨ ᠣᠯᠠᠨ ᠲᠦᠮᠡᠨ ᠠᠴᠠ ᠰᠦᠯᠵᠢᠶᠡᠨ ᠳᠡᠭᠡᠷ᠎ᠡ ᠲᠠᠨᠢᠵᠤ ᠠᠪᠤᠭᠰᠠᠨ ᠤ ᠳᠠᠷᠠᠭ᠎ᠠ ᠬᠠᠪᠰᠤᠷᠤᠨ ᠲᠡᠳᠬᠦᠬᠦ ᠶᠢ ᠪᠡᠶᠡᠯᠡᠭᠦᠯᠵᠦ᠂ ︽ᠰᠦᠯᠵᠢᠶᠡᠨ ᠳᠡᠭᠡᠷ᠎ᠡ ᠬᠠᠷᠢᠯᠴᠠᠨ ᠬᠥᠳᠡᠯᠦᠯᠴᠡᠵᠦ᠂ ᠰᠦᠯᠵᠢᠶᠡᠨ ᠭᠠᠳᠠᠨ᠎ᠠ ᠬᠠᠪᠰᠤᠷᠤᠨ ᠲᠡᠳᠬᠦᠬᠦ︾ ᠶᠢ ᠤᠶᠠᠯᠳᠤᠭᠤᠯᠬᠤ ᠵᠠᠭᠪᠤᠷ ᠢ ᠪᠣᠶ ᠪᠣᠯᠭᠠᠵᠤ᠂ ᠨᠠᠮ ᠤᠨ ᠬᠠᠶᠢᠷ᠎ᠠ ᠬᠠᠯᠠᠮᠵᠢ ᠶᠢ ᠨᠠᠩ ᠣᠯᠠᠨ ᠬᠦᠴᠢᠷᠳᠡᠯᠲᠡᠶ ᠨᠠᠮ ᠤᠨ ᠭᠡᠰᠢᠭᠦᠨ ᠣᠯᠠᠨ ᠲᠦᠮᠡᠨ ᠤ ᠭᠠᠷ ᠲᠤ ᠬᠦᠷᠭᠡᠪᠡ᠃      ᠳᠠᠷᠠᠭ᠎ᠠ ᠨᠢ᠂ ᠠᠵᠢᠯᠯᠠᠭ᠎ᠠ ᠳᠤ ᠣᠷᠣᠯᠴᠠᠭᠰᠠᠨ ᠨᠠᠮ ᠤᠨ ᠭᠡᠰᠢᠭᠦᠨ ᠺᠠᠳ᠋ᠷ ᠲᠠᠪᠴᠠᠩ ᠢ ᠠᠰᠢᠭᠯᠠᠨ ᠬᠦᠴᠢᠷᠳᠡᠯᠲᠡᠶ ᠣᠯᠠᠨ ᠲᠦᠮᠡᠨ ᠳᠤ ᠤᠰᠤᠨ ᠴᠣᠮᠣ᠂ ᠴᠠᠬᠢᠯᠭᠠᠨ ᠳᠤᠯᠠᠭᠠᠮᠵᠢ᠂ ᠬᠤᠭᠤᠯᠠᠨ ᠤ ᠬᠡᠷᠡᠭᠰᠡᠯ᠂ ᠴᠠᠬᠢᠯᠭᠠᠨ ᠰᠡᠩᠰᠡ ᠵᠡᠷᠭᠡ ︽ᠬᠠᠶᠢᠷ᠎ᠠ ᠬᠠᠯᠠᠮᠵᠢ ᠶᠢᠨ ᠪᠣᠳᠠᠰ︾ ᠬᠠᠨᠳᠢᠪᠯᠠᠪᠠ᠃
     ᠨᠠᠮ ᠤᠨ ᠪᠠᠶᠢᠭᠤᠯᠤᠯᠲᠠ · ᠬᠠᠶᠢᠷ᠎ᠠ ᠬᠠᠯᠠᠮᠵᠢ ᠶᠢᠨ ᠨᠡᠶᠢᠲᠡ ᠶᠢᠨ ᠠᠰᠠᠷᠠᠮᠵᠢ ᠶᠢᠨ ᠬᠤᠷᠢᠶᠠᠩᠭᠤᠶ ᠲᠠᠪᠴᠠᠩ ᠢᠶᠠᠷ ᠳᠠᠮᠵᠢᠭᠤᠯᠤᠨ᠂ ᠨᠠᠮ ᠤᠨ ᠭᠡᠰᠢᠭᠦᠨ ᠠᠷᠠᠳ ᠤᠨ ᠲᠤᠰᠠᠯᠠᠬᠤ ᠴᠠᠭᠳᠠᠭ᠎ᠠ ᠶᠢᠨ ᠨᠠᠮᠴᠢ ᠴᠢᠨᠠᠷ ᠤᠨ ᠪᠣᠯᠪᠠᠰᠤᠷᠠᠯ ᠪᠠ ᠠᠷᠠᠳ ᠲᠦᠮᠡᠨ ᠳᠤ ᠥᠢᠯᠡᠴᠢᠯᠡᠬᠦ ᠠᠵᠢᠯᠯᠠᠭᠠᠨ ᠤ ᠤᠬᠠᠮᠰᠠᠷ ᠢ ᠲᠦᠢᠯ ᠤᠨ ᠶᠡᠭᠡ ᠪᠠᠷ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢᠨ ᠨᠡᠶᠢᠲᠡ ᠶᠢᠨ ᠠᠰᠠᠷᠠᠮᠵᠢ ᠶᠢᠨ ᠣᠭ ᠰᠠᠨᠠᠭ᠎ᠠ ᠶᠢ ᠥᠢᠯᠡᠳᠦᠯᠭᠡᠵᠢᠭᠦᠯᠵᠦ᠂ ᠳ᠋ᠦᠩ ᠾᠧ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ ᠲᠠᠷᠠᠭᠠᠴᠢ ᠶᠢᠨ ᠠᠯᠬᠤᠮ ᠳᠤ᠂ ᠬᠤᠪᠢᠶᠠᠷᠢ ᠲᠣᠪᠴᠢᠶ᠎ᠠ ᠨᠠᠮ ᠤᠨ ᠪᠠᠶᠢᠭᠤᠯᠤᠯᠲᠠ ᠶᠢᠨ ᠨᠡᠶᠢᠲᠡ ᠶᠢᠨ ᠠᠰᠠᠷᠠᠮᠵᠢ ᠶᠢᠨ ᠲᠠᠪᠴᠠᠩ ᠤᠨ ᠠᠵᠢᠯᠯᠠᠭ᠎ᠠ ᠳᠤ ᠦᠷᠭᠦᠯᠵᠢᠯᠡᠨ ᠵᠣᠬᠢᠶᠠᠨ ᠪᠠᠶᠢᠭᠤᠯᠤᠨ ᠣᠷᠣᠯᠴᠠᠵᠤ᠂ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠢᠶᠠᠷ ᠬᠠᠶᠢᠷᠠᠯᠠᠬᠤ᠂ ᠬᠠᠷᠢᠯᠴᠠᠨ ᠬᠠᠪᠰᠤᠷᠤᠯᠴᠠᠬᠤ᠂ ᠤᠷᠤᠭᠰᠢᠯᠠᠨ ᠳᠠᠪᠰᠢᠬᠤ︾ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢᠨ ᠦᠢᠯᠡᠰ ᠤᠨ ᠲᠥᠯᠥᠭᠡ ᠥᠪᠡᠷ ᠤᠨ ᠥᠴᠦᠬᠡᠨ ᠬᠦᠴᠦᠨ ᠢᠶᠠᠨ ᠡᠷᠭᠦᠵᠦ᠂ ᠨᠠᠮ ᠤᠨ ᠭᠡᠰᠢᠭᠦᠨ ᠠᠷᠠᠳ ᠤᠨ ᠲᠤᠰᠠᠯᠠᠬᠤ ᠴᠠᠭᠳᠠᠭ᠎ᠠ ᠶᠢ ᠬᠥᠲᠥᠯᠥᠨ ᠵᠢᠯᠣᠭᠤᠳᠴᠤ ᠪᠠᠶᠢᠭᠠᠳ ᠦᠨᠡᠨ ᠬᠦ ᠣᠯᠠᠨ ᠲᠦᠮᠡᠨ ᠳᠤ ᠥᠢᠯᠡᠴᠢᠯᠡᠵᠦ᠂ ᠨᠡᠶᠢᠲᠡ ᠶᠢᠨ ᠠᠰᠠᠷᠠᠮᠵᠢ ᠶᠢᠨ ᠥᠢᠯᠡᠰ ᠢ ᠴᠠᠭᠳᠠᠭ᠎ᠠ ᠠᠷᠠᠳ ᠤᠨ ᠬᠠᠯᠠᠭᠤᠨ ᠳᠤᠯᠠᠭᠠᠨ ᠬᠥᠭᠦᠷᠭᠡ ᠪᠣᠯᠭᠠᠨ᠎ᠠ᠃
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1