ᠣᠶᠢᠷ᠎ᠠ ᠳᠤ᠂ ᠲᠡᠮᠦᠷ ᠵᠠᠮ ᠤᠨ ᠪᠠᠷᠠᠭᠤᠨᠳᠡᠬᠢ ᠵᠡᠭᠡᠯᠢ ᠭᠤᠳᠤᠮᠵᠢ ᠶᠢᠨ ᠱᠧᠨ ᠯᠦᠩ ᠨᠡᠶᠢᠭᠡᠮ ᠲᠣᠭᠤᠷᠢᠭ ᠤᠨ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠪᠤᠭᠤᠲᠤ ᠶᠢᠨ ᠠᠨᠠᠭᠠᠬᠤ ᠤᠬᠠᠭᠠᠨ ᠤ ᠳᠡᠭᠡᠳᠦ | ᠰᠤᠷᠭᠠᠭᠤᠯᠢ ᠶᠢᠨ ᠰᠠᠭᠤᠷᠢ ᠠᠨᠠᠭᠠᠬᠤ ᠤᠬᠠᠭᠠᠨ ᠬᠢᠭᠡᠳ ᠬᠠᠤᠯᠢ ᠶᠢᠨ ᠠᠨᠠᠭᠠᠬᠤ ᠤᠬᠠᠭᠠᠨ ᠤ ᠳᠡᠭᠡᠳᠦ | ᠰᠤᠷᠭᠠᠭᠤᠯᠢ ᠲᠠᠢ ᠬᠠᠮᠲᠤᠷᠠᠨ ︽ᠵᠠᠯᠠᠭᠤ ᠨᠠᠰᠤᠨ ᠤ ᠬᠦᠴᠦᠨ ᠢᠶᠠᠷ ᠪᠢᠴᠢᠯ ᠴᠡᠴᠡᠷᠯᠢᠭ ᠤᠨ ᠰᠢᠨ᠎ᠡ ᠳᠦᠷᠰᠦ | ᠪᠠᠶᠢᠳᠠᠯ ᠳᠤ ᠬᠦᠴᠦᠨ ᠨᠡᠮᠡᠷᠢᠯᠡᠬᠦ︾ ᠭᠤᠤᠯ ᠰᠡᠳᠦᠪᠲᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ | ᠥᠷᠨᠢᠭᠦᠯᠪᠡ᠃ | | ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠠᠵᠢᠯ ᠤᠨ ᠬᠤᠪᠢᠶᠠᠷᠢᠯᠠᠯ ᠲᠣᠳᠣᠷᠬᠠᠢ᠂ | ᠬᠠᠮᠵᠢᠯᠴᠠᠭ᠎ᠠ ᠬᠢᠵᠦ ᠰᠡᠳᠬᠢᠯ ᠰᠠᠨᠠᠭ᠎ᠠ ᠪᠠᠨ ᠣᠯᠣᠯᠴᠠᠵᠤ᠂ ᠱᠦᠭᠦᠷ᠂ ᠳᠡᠪᠢᠭᠦᠷ ᠵᠡᠷᠭᠡ ᠪᠠᠭᠠᠵᠢ ᠬᠡᠷᠡᠭᠰᠡᠯ ᠢᠶᠠᠨ | ᠠᠪᠴᠤ᠂ ᠬᠡᠭᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠴᠡᠴᠡᠷᠯᠢᠭ ᠤᠨ ᠣᠷᠴᠢᠨ ᠲᠣᠭᠤᠷᠢᠨ ᠢ ᠠᠷᠢᠭᠤᠨ | ᠴᠡᠪᠡᠷ ᠪᠠᠶᠢᠯᠭᠠᠬᠤ ᠠᠵᠢᠯ ᠳᠤ ᠣᠷᠣᠯᠴᠠᠪᠠ᠃ ᠲᠡᠳᠡ ᠴᠠᠭᠠᠨ ᠥᠩᠭᠡ ᠶᠢᠨ ᠬᠤᠭ ᠨᠣᠪᠰᠢ᠂ ᠵᠢᠮᠢᠰ ᠤᠨ ᠬᠠᠯᠢᠰᠤ | ᠴᠠᠭᠠᠰᠤᠨ ᠦᠷᠦᠪᠳᠡᠰᠦ᠂ ᠤᠨᠠᠭᠰᠠᠨ ᠨᠠᠪᠴᠢ ᠶᠢ ᠱᠦᠭᠦᠷᠳᠡᠪᠡ᠃ ᠤᠯᠠᠨ ᠢᠶᠠᠷ ᠢᠶᠠᠨ ᠡᠷᠴᠢ ᠵᠣᠷᠢᠭ ᠲᠡᠭᠦᠯᠳᠡᠷ | ᠪᠠᠶᠢᠵᠤ᠂ ᠴᠡᠴᠡᠷᠯᠢᠭ ᠤᠨ ᠳᠣᠲᠣᠷ᠎ᠠ ᠭᠠᠳᠠᠨᠠᠬᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠦᠷᠰᠦ | ᠪᠠᠶᠢᠳᠠᠯ ᠢ ᠰᠠᠶᠢᠵᠢᠷᠠᠭᠤᠯᠵᠤ᠂ ᠤᠯᠠᠨ ᠲᠦᠮᠡᠨ ᠳᠤ ᠴᠡᠪᠡᠷ ᠲᠡᠭᠰᠢ ᠵᠤᠭ᠎ᠠ ᠴᠡᠩᠭᠡᠯ ᠤᠨ ᠣᠷᠴᠢᠨ ᠲᠣᠭᠤᠷᠢᠨ ᠢ | ᠬᠠᠩᠭᠠᠵᠠᠢ᠃ | ᠳᠠᠷᠠᠭᠠᠴᠢ ᠶᠢᠨ ᠠᠯᠬᠤᠮ ᠳᠤ᠂ ᠲᠡᠮᠦᠷ ᠵᠠᠮ ᠤᠨ ᠪᠠᠷᠠᠭᠤᠨᠳᠡᠬᠢ ᠵᠡᠭᠡᠯᠢ ᠭᠤᠳᠤᠮᠵᠢ ᠶᠢᠨ ᠱᠧᠨ ᠯᠦᠩ ᠨᠡᠶᠢᠭᠡᠮ | ᠲᠣᠭᠤᠷᠢᠭ ᠤᠨ ᠬᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠣᠳᠠᠲᠤ | ᠠᠵᠢᠯᠯᠠᠭ᠎ᠠ ᠪᠠᠷ ᠢᠶᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠪᠦᠬᠦ | ᠠᠷᠠᠳ ᠢᠶᠠᠷ ᠢᠶᠠᠨ ᠣᠷᠴᠢᠨ ᠲᠣᠭᠤᠷᠢᠨ ᠢ ᠬᠠᠶᠢᠷᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ | ᠢᠳᠡᠪᠬᠢᠲᠡᠢ ᠪᠤᠢ ᠪᠣᠯᠭᠠᠨ᠎ᠠ᠃ |