ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠴᠢᠩᠭᠠᠳᠬᠠᠵᠤ᠂ ︽ᠦᠵᠡᠯ ᠰᠠᠨᠠᠭᠠᠨ ᠤ ᠬᠡᠷᠡᠮ︾ ᠢ | ᠪᠠᠲᠤ ᠴᠣᠭᠴᠠᠯᠠᠨ᠎ᠠ᠃ ᠸᠢᠴᠠᠲ ᠰᠦᠯᠵᠢᠶ᠎ᠡ ᠶᠢᠨ ᠰᠦᠷᠦᠭᠵᠢᠯ᠂ ᠡᠷᠦᠬᠡ ᠳᠤ ᠣᠷᠣᠵᠤ ᠤᠬᠠᠭᠤᠯᠬᠤ ᠵᠡᠷᠭᠡ ᠠᠷᠭ᠎ᠠ | ᠮᠠᠶ᠋ᠢᠭ ᠢ ᠭᠦᠢᠴᠡᠳ ᠠᠰᠢᠭᠯᠠᠨ᠂ ᠴᠡᠷᠢᠭ ᠤᠨ ᠠᠯᠪᠠ ᠠᠴᠠ ᠬᠠᠯᠠᠭᠳᠠᠭᠰᠠᠨ ᠴᠡᠷᠢᠭ ᠤᠨ ᠠᠰᠠᠷᠠᠨ ᠬᠠᠷᠠᠭᠠᠯᠵᠠᠬᠤ᠂ | ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠥᠷᠭᠡᠨ ᠢᠶᠠᠷ | ᠤᠬᠠᠭᠤᠯᠵᠤ᠂ 42 ᠤᠳᠠᠭ᠎ᠠ ᠰᠣᠯᠢᠯᠴᠠᠨ ᠰᠤᠷᠤᠯᠴᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ 100 | ᠭᠠᠷᠤᠢ ᠤᠳᠠᠭ᠎ᠠ ᠥᠷᠨᠢᠭᠦᠯᠵᠦ᠂ ᠣᠯᠠᠨ ᠲᠦᠮᠡᠨ ᠪᠠ ᠥᠷᠭᠡᠨ ᠣᠯᠠᠨ ᠴᠡᠷᠢᠭ ᠤᠨ ᠠᠯᠪᠠ ᠠᠴᠠ ᠬᠠᠯᠠᠭᠳᠠᠭᠰᠠᠨ | ᠪᠠᠶᠢᠯᠳᠤᠭᠴᠢᠳ ᠤᠨ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠨᠡᠮᠡᠭᠳᠡᠭᠦᠯᠦᠨ᠎ᠡ᠃ | ᠦᠢᠯᠡᠴᠢᠯᠡᠭᠡᠨ ᠤ ᠪᠠᠲᠤᠯᠠᠭ᠎ᠠ ᠶᠢ ᠨᠠᠷᠢᠯᠢᠭ ᠪᠣᠳᠠᠲᠠᠢ ᠬᠢᠵᠦ᠂ ︽ᠬᠠᠶᠢᠷ᠎ᠠ ᠬᠠᠯᠠᠮᠵᠢ ᠶᠢᠨ ᠲᠣᠣᠷ︾ ᠢ | ᠨᠢᠭᠲᠠ ᠰᠦᠯᠵᠢᠪᠡ᠃ ᠪᠠᠶᠢᠩᠭᠤ ᠶᠢᠨ ᠴᠢᠨᠠᠷᠲᠠᠶ ᠬᠠᠷᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠬᠠᠷᠢᠶᠠᠲᠤ | ᠣᠷᠣᠨ ᠤ ᠳᠣᠲᠣᠷᠠᠬᠢ ᠴᠡᠷᠢᠭ ᠠᠴᠠ ᠬᠠᠯᠠᠭᠳᠠᠭᠰᠠᠳ ᠤᠨ ᠦᠨᠳᠦᠰᠦᠨ ᠪᠠᠶᠢᠳᠠᠯ ᠢ ᠤᠶᠢᠯᠠᠭᠠᠨ ᠡᠵᠡᠮᠰᠢᠵᠦ᠂ | ᠨᠢᠭᠡᠨᠲᠡ 2200 ᠭᠠᠷᠤᠶ ᠴᠡᠷᠢᠭ ᠠᠴᠠ ᠬᠠᠯᠠᠭᠳᠠᠭᠰᠠᠳ ᠲᠠᠢ ᠬᠠᠷᠢᠯᠴᠠᠨ᠎ᠠ᠃ 2725 ᠬᠠᠷᠠᠭᠠᠯᠵᠠᠯ ᠤᠨ | ᠦᠨᠡᠮᠯᠡᠯ ᠢ ᠭᠦᠢᠴᠡᠳᠭᠡᠵᠦ᠂ 2568 ᠬᠤᠪᠢ ᠲᠠᠷᠬᠠᠭᠠᠨ᠂ ᠭᠠᠪᠢᠶ᠎ᠠ ᠪᠠᠶᠢᠭᠤᠯᠤᠭᠰᠠᠨ ᠴᠡᠷᠢᠭ ᠤᠨ ᠠᠯᠪᠠ ᠬᠠᠭᠠᠵᠤ | ᠪᠠᠶᠢᠭ᠎ᠠ ᠴᠡᠷᠢᠭ ᠤᠨ ᠬᠡᠷ ᠪᠦᠯᠢ ᠳᠤ 3 ᠤᠳᠠᠭ᠎ᠠ ᠪᠠᠶᠠᠷ ᠤᠨ ᠮᠡᠳᠡᠭᠡ ᠬᠦᠷᠭᠡᠵᠦ᠂ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠭᠡᠷ ᠪᠦᠯᠢ ᠳᠤ 4 ᠬᠡᠰᠡᠭ ᠢᠷᠠᠭᠤ ᠠᠯᠳᠠᠷ ᠤᠨ ᠫᠠᠶᠢᠰᠠ ᠡᠯᠭᠦᠵᠦ᠂ ᠴᠡᠷᠢᠭ ᠤᠨ ᠠᠯᠪᠠ ᠠᠴᠠ | ᠬᠠᠯᠠᠭᠳᠠᠭᠰᠠᠳ ᠵᠢᠴᠢ ᠭᠡᠷ ᠪᠦᠯᠢ ᠶᠢᠨ ᠬᠢᠨ ᠢ ᠬᠦᠯᠢᠶᠡᠨ ᠠᠪᠴᠤ᠂ ᠨᠡᠶᠢᠲᠡ 140 ᠴᠡᠷᠢᠭ ᠤᠨ ᠠᠯᠪᠠᠨ ᠠᠴᠠ | ᠪᠠᠭᠤᠭᠰᠠᠳ ᠢ ᠳᠡᠭᠡᠭᠰᠢ ᠮᠡᠳᠡᠭᠦᠯᠦᠭᠰᠡᠨ ᠪᠠᠶᠢᠨ᠎ᠠ᠃ | ᠬᠤᠶᠠᠷ ᠢ ᠬᠦᠷᠢᠶᠡᠯᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ︽ᠰᠡᠳᠬᠢᠯ ᠬᠤᠯᠪᠣᠬᠤ | ᠬᠥᠭᠦᠷᠭᠡ︾ ᠶᠢ ᠪᠤᠰᠬᠠᠪᠠ᠃ ᠬᠠᠷᠢᠶᠠᠲᠤ ᠣᠷᠣᠨ ᠤ ᠴᠡᠷᠢᠭ ᠠᠴᠠ ᠬᠠᠯᠠᠭᠳᠠᠭᠰᠠᠳ ᠵᠢᠴᠢ ᠴᠡᠷᠢᠭ ᠤᠨ ᠬᠡᠷ | ᠪᠦᠯᠢ ᠶᠢ ᠤᠷᠢᠵᠤ ᠪᠠᠶᠠᠷ ᠤᠨ ᠡᠳᠦᠷ ᠤᠨ ᠠᠵᠢᠯᠯᠠᠭ᠎ᠠ ᠳᠤ ᠣᠷᠣᠯᠴᠠᠭᠤᠯᠵᠤ᠂ ᠴᠡᠷᠢᠭ ᠠᠴᠠ ᠬᠠᠯᠠᠭᠳᠠᠭᠰᠠᠳ ᠢ | ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ︽8 · 1︾ ᠤ ᠴᠡᠷᠢᠭ | ᠪᠠᠢᠭᠤᠯᠤᠭᠳᠠᠭᠰᠠᠨ ᠪᠠᠶᠠᠷ ᠤᠨ ᠡᠳᠦᠷ ᠬᠠᠮᠲᠤᠪᠠᠷ ᠪᠠᠢᠭᠤᠯᠬᠤ ᠴᠡᠷᠢᠭ ᠠᠩᠭᠢ ᠳᠤ ᠭᠦᠨᠵᠡᠭᠡᠢᠷᠡᠨ ᠲᠣᠬᠤᠨᠢᠭᠤᠯᠬᠤ | ᠠᠵᠢᠯᠯᠠᠭ᠎ᠠ ᠥᠷᠨᠢᠭᠦᠯᠵᠦ᠂ ᠴᠡᠷᠢᠭ ᠠᠩᠭᠢ ᠪᠠ ᠣᠷᠣᠨ ᠨᠤᠲᠤᠭ ᠤᠨ ᠪᠦᠯᠬᠦᠮᠳᠡᠯ ᠢ ᠴᠢᠩᠭᠠᠳᠭᠠᠨ᠂ ᠴᠡᠷᠢᠭ | ᠠᠷᠠᠳ ᠤᠨ ᠵᠢᠭᠠᠰᠤ ᠤᠰᠤᠨ ᠤ ᠪᠠᠶᠢᠳᠠᠯ ᠢ ᠨᠡᠮᠡᠭᠳᠡᠭᠦᠯᠦᠨ᠎ᠡ᠃ |