ᠵᠠᠩ ᠯᠢ ᠵᠢᠶᠦ᠋ᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/11/4
   11 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠯᠢ ᠵᠢᠶᠦ᠋ᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠵᠠᠩ ᠯᠢ ᠵᠢᠶᠦ᠋ᠨ ᠤᠷᠢᠳ ᠬᠤᠵᠢᠳ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ᠂ ᠬᠠᠯᠠᠭᠤᠨ ᠳᠤᠯᠠᠭᠠᠨ ᠢᠨᠵᠧᠨᠧᠷᠢᠩ᠂ ᠪᠣᠷᠣᠭᠠᠨ ᠤ ᠤᠰᠤ ᠪᠣᠬᠢᠷ ᠤᠰᠤᠨ ᠤ ᠬᠤᠭᠤᠯᠠᠶ ᠶᠢᠨ ᠱᠤᠭᠤᠮ ᠢ ᠥᠭᠡᠷᠡᠴᠢᠯᠡᠬᠦ ᠪᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ᠂ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢ ᠰᠡᠯᠪᠢᠨ ᠵᠠᠰᠠᠵᠤ ᠥᠭᠡᠷᠡᠴᠢᠯᠡᠬᠦ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠭᠤᠤᠯᠳᠠᠯᠭ᠎ᠠ ᠲᠠᠢ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠬᠦᠷᠴᠦ᠂ ᠲᠥᠷᠥᠯ  ᠵᠦᠢᠯ ᠢ ᠪᠡᠶᠡᠯᠡᠭᠦᠯᠦᠭᠰᠡᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠣᠳᠠᠲᠠᠶ ᠱᠠᠭᠠᠷᠳᠠᠯᠭ᠎ᠠ ᠳᠤᠷᠠᠳᠪᠠ᠃    ᠵᠠᠩ ᠯᠢ ᠵᠢᠶᠦ᠋ᠨ ᠬᠡᠯᠡᠬᠦ ᠳᠡᠭᠡᠨ᠂ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠡᠭᠦᠷᠭᠡ ᠶᠢᠨ ᠨᠠᠷᠢᠨ ᠲᠠᠩᠰᠠ ᠪᠠ ᠠᠭᠤᠯᠭ᠎ᠠ ᠲᠠᠢ ᠵᠦᠢᠯ ᠳᠠᠷᠠᠭᠠᠯᠠᠨ ᠬᠠᠷᠢᠴᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠲᠥᠷᠥᠯ ᠵᠦᠢᠯ ᠤᠨ ᠨᠠᠷᠢᠯᠢᠬᠵᠢᠭᠤᠯᠤᠭᠰᠠᠨ ᠰᠡᠭᠦᠯ ᠬᠤᠷᠢᠶᠠᠬᠤ ᠠᠵᠢᠯ ᠢ ᠴᠠᠭ ᠲᠤᠬᠠᠶ ᠳᠤᠨᠢ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠶ᠃ ︽ᠪᠠᠶᠢᠭᠤᠯᠬᠤ᠂ ᠬᠠᠮᠢᠶᠠᠷᠬᠤ᠂ ᠬᠡᠷᠡᠭᠯᠡᠬᠦ︾ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠲᠦᠷᠦᠯ ᠵᠦᠢᠯ᠂ ᠢᠨᠵᠧᠨᠧᠷᠢᠩ ᠤᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠢᠭᠡ ᠶᠢ ᠰᠠᠶᠢᠲᠤᠷ ᠪᠠᠶᠢᠭᠤᠯᠵᠤ᠂ ᠨᠢᠭᠡ ᠶᠢ ᠰᠠᠶᠢᠲᠤᠷ ᠬᠠᠮᠢᠶᠠᠷᠴᠤ᠂ ᠨᠢᠭᠡ ᠶᠢ ᠰᠠᠶᠢᠲᠤᠷ ᠬᠡᠷᠡᠭᠯᠡᠵᠦ᠂ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠤᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠶᠢ ᠠᠵᠢᠯ ᠤᠨ ᠦᠷ᠎ᠡ ᠪᠦᠲᠦᠮᠵᠢ ᠶᠢ ᠰᠢᠯᠭᠠᠬᠤ ᠴᠢᠬᠤᠯᠠ ᠪᠠᠷᠢᠮᠵᠢᠶ᠎ᠠ ᠪᠣᠯᠭᠠᠵᠤ᠂ ᠠᠵᠢᠯ ᠤᠨ ᠳᠤᠮᠳᠠᠬᠢ ᠰᠠᠶᠢᠨ ᠠᠷᠭ᠎ᠠ ᠬᠢᠳᠡᠯ ᠢ ᠳ᠋ᠦᠩᠨᠡᠨ ᠳᠡᠯᠭᠡᠷᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠷᠭᠦᠯᠵᠢᠯᠡᠨ ᠤᠯᠠᠨ ᠲᠦᠮᠡᠨ ᠤ ᠠᠮᠢᠳᠤᠯᠢᠭ ᠪᠣᠳᠠᠲᠠᠢ ᠶᠠᠪᠤᠳᠠᠯ ᠪᠣᠯᠭᠠᠬᠤ ᠬᠡᠷᠡᠭᠲᠡᠢ᠃    ᠲᠣᠭᠤᠷᠢᠭ ᠤᠨ ᠤᠳᠤᠷᠢᠳᠤᠯᠭ᠎ᠠ ᠶᠠᠩ ᠶᠦᠩ᠂ ᠵᠣᠣ ᠯᠢ ᠰᠢᠶᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠵᠡᠭᠡᠯᠢ ᠪᠠᠯᠭᠠᠰᠤᠨ ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1