ᠸᠠᠩ ᠷᠦᠢ ᠢᠯᠴᠢ ᠬᠠᠩᠭᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/12/12
   12 ᠰᠠᠷ᠎ᠠ ᠶᠢᠨ 11 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠷᠦᠢ ᠳᠤᠯᠠᠭᠠᠯᠠᠭ᠎ᠠ ᠬᠠᠩᠭᠠᠬᠤ ᠠᠵᠢᠯ ᠢ ᠪᠠᠶᠢᠴᠠᠭᠠᠨ ᠰᠤᠳᠤᠯᠪᠠ᠃    ᠸᠠᠩ ᠷᠦᠢ ᠤᠷᠢᠳ ᠬᠤᠵᠢᠳ ᠪᠦᠦ ᠯᠢ ᠪᠠᠶ ᠾᠧ ᠴᠡᠴᠡᠷᠯᠢᠭ᠂ ᠵᠢᠶᠦ᠋ᠨ ᠶᠤᠸᠠᠨ ᠲᠣᠭᠤᠷᠢᠭ᠂ ᠨᠠᠨ ᠭᠧ ᠳ᠋ᠦᠩ  ᠨᠢᠭᠡᠳᠦᠭᠡᠷ ᠲᠣᠭᠤᠷᠢᠭ᠂ ᠹᠦ᠋ ᠷᠦᠢ ᠸᠠ ᠳ᠋ᠦᠩ ᠲᠣᠭᠤᠷᠢᠭ᠂ ᠳ᠋ᠦᠩ ᠾᠧ ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠢᠯᠴᠢ ᠶᠢᠨ ᠬᠦᠴᠦᠨ ᠤ ᠥᠷᠲᠡᠭᠡ᠂ ᠲᠡᠭᠡᠭᠡᠪᠦᠷᠢ ᠶᠢᠨ ᠺᠣᠮᠫᠠᠨᠢ ᠶᠢᠨ ᠪᠠᠶᠢᠷᠢ ᠳᠤ ᠬᠦᠷᠴᠦ᠂ ᠢᠯᠴᠢ ᠬᠠᠩᠭᠠᠬᠤ ᠦᠢᠯᠡᠴᠢᠯᠡᠭᠡᠨ ᠤ ᠪᠠᠲᠤᠯᠠᠭ᠎ᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠱᠠᠭᠠᠷᠳᠠᠯᠭ᠎ᠠ ᠳᠤᠷᠠᠳᠪᠠ᠃    ᠸᠠᠩ ᠷᠦᠢ ᠬᠡᠯᠡᠬᠦ ᠳᠡᠭᠡᠨ᠂ ᠳᠤᠯᠠᠭᠠᠯᠠᠭ᠎ᠠ ᠬᠠᠩᠭᠠᠬᠤ ᠠᠵᠢᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠪᠠᠨ ᠪᠠᠲᠤ ᠰᠠᠬᠢᠵᠤ᠂ ᠠᠷᠠᠳ ᠤᠯᠠᠨ ᠤ ᠠᠮᠤᠷ ᠲᠦᠪᠰᠢᠨ ᠠᠶᠤᠯ ᠲᠦᠭᠰᠢᠭᠦᠷᠢ ᠬᠦᠴᠢᠷ ᠵᠣᠪᠠᠭᠤᠷᠢ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠳᠤᠯᠠᠭᠠᠯᠠᠭ᠎ᠠ ᠬᠠᠩᠭᠠᠬᠤ ᠦᠢᠯᠡᠴᠢᠯᠡᠭᠡᠨ ᠤ ᠪᠠᠲᠤᠯᠠᠭ᠎ᠠ ᠶᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠬᠢᠵᠦ᠂ ︽ᠳᠤᠯᠠᠭᠠᠨ ᠢᠨᠵᠧᠨᠧᠷᠢᠩ︾ ᠢ ᠬᠡᠷᠡᠭᠵᠢᠭᠦᠯᠦᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠢᠯᠴᠢ ᠬᠠᠩᠭᠠᠬᠤ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠳᠡᠭᠡᠳᠦ ᠳᠣᠤᠷᠠᠳᠤ ᠱᠠᠲᠤ ᠪᠠᠷ ᠢᠶᠠᠨ ᠬᠠᠮᠵᠢᠯᠴᠠᠨ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠢᠯᠴᠢ ᠬᠠᠩᠭᠠᠬᠤ ᠪᠠᠲᠤᠯᠠᠭ᠎ᠠ ᠶᠢᠨ ᠡᠯ᠎ᠡ ᠵᠦᠶ᠋ᠯ ᠤᠨ ᠠᠷᠭ᠎ᠠ ᠬᠡᠮᠵᠢᠶ᠎ᠡ ᠶᠢ ᠡᠷᠡᠰ ᠨᠠᠶᠢᠳᠠᠪᠤᠷᠢᠵᠢᠭᠤᠯᠤᠨ᠂ ᠢᠯᠴᠢ ᠬᠠᠩᠭᠠᠬᠤ ᠢᠯᠴᠢ ᠪᠠᠷ ᠠᠷᠠᠳ ᠤᠨ ᠠᠮᠢᠳᠤᠷᠠᠯ ᠤᠨ ᠳᠤᠯᠠᠭᠠᠨ ᠤ ᠬᠡᠮᠵᠢᠶ᠎ᠡ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠴᠢᠩᠭᠠᠳᠬᠠᠵᠤ᠂ ᠠᠵᠢᠯ ᠤᠨ ᠪᠡᠯᠡᠳᠬᠡᠯ ᠲᠥᠰᠦᠯ ᠢᠶᠠᠨ ᠲᠡᠭᠦᠯᠳᠡᠷᠵᠢᠭᠦᠯᠵᠦ᠂ ᠣᠨᠴᠠᠭᠠᠢ ᠴᠠᠭ ᠠᠭᠤᠷ ᠢ ᠠᠷᠭᠠᠴᠠᠭᠠᠬᠤ ᠪᠡᠯᠡᠳᠬᠡᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠥᠷᠭᠡᠨ ᠤᠯᠠᠨ ᠲᠦᠮᠡᠨ ᠤ ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠢ᠃ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠲᠤᠰᠬᠠᠬᠤ ᠠᠷᠭ᠎ᠠ ᠵᠠᠮ ᠢ ᠰᠢᠯᠤᠭᠤᠳᠬᠠᠵᠤ᠂ ᠰᠠᠨᠠᠭᠠᠴᠢᠯᠠᠭ᠎ᠠ ᠠᠴᠠ ᠪᠠᠨ ᠤᠷᠢᠳᠠᠪᠠᠷ ᠦᠢᠯᠡᠴᠢᠯᠡᠵᠦ᠂ ᠤᠯᠠᠨ ᠲᠦᠮᠡᠨ ᠤ ᠲᠤᠰᠬᠠᠭᠰᠠᠨ ᠡᠯ᠎ᠡ ᠲᠦᠷᠦᠯ ᠤᠨ ᠳᠤᠯᠠᠭᠠᠯᠠᠭ᠎ᠠ ᠶᠢᠨ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠰᠠᠶᠢᠲᠤᠷ ᠰᠢᠢᠳᠪᠦᠷᠢᠯᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠬᠦᠴᠢᠷᠳᠡᠯ ᠢ ᠠᠷᠢᠯᠭᠠᠵᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠬᠡᠷᠡᠭᠲᠡᠢ᠃    ᠲᠣᠭᠤᠷᠢᠭ ᠤᠨ ᠤᠳᠤᠷᠢᠳᠤᠯᠭ᠎ᠠ ᠶᠠᠩ ᠵᠢᠶᠠᠨ ᠵᠢᠶᠦ᠋ᠨ᠂ ᠶᠠᠩ ᠶᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1