ᠰᠣᠶᠣᠯ ᠤᠨ ᠥᠨᠳᠦᠷᠯᠢᠭ ᠢ ᠴᠣᠭᠴᠠᠯᠠᠨ᠎ᠠ -  ᠳ᠋ᠦᠩ ᠾᠧ ᠲᠣᠭᠤᠷᠢᠭ᠄ ᠰᠣᠶᠣᠯ ᠤᠨ ᠠᠮᠢᠵᠢᠷᠠᠯ ᠤᠨ ᠤᠷᠤᠰᠬᠠᠯ ᠪᠢᠯᠬᠠᠵᠤ᠂ ᠬᠤᠲᠠ ᠳᠦᠭᠦᠷᠡᠩ ᠴᠡᠴᠡᠭ ᠢ ᠤᠮᠳᠠᠯᠠᠨ᠎ᠠ
ᠨᠡᠶᠢᠲᠡᠯᠡᠭᠰᠡᠨ ᠴᠠᠭ᠄
2024/12/19
     ᠵᠡᠭᠡᠯᠢ ᠭᠤᠳᠤᠮᠵᠢ ᠶᠢᠨ ᠠᠷᠠᠳ ᠤᠨ ᠵᠠᠩ ᠦᠢᠯᠡ ᠶᠢᠨ ᠰᠣᠶᠣᠯ ᠤᠨ ᠠᠵᠢᠯᠯᠠᠭ᠎ᠠ ᠨᠢ ᠤᠯᠠᠨ ᠲᠦᠮᠡᠨ ᠳᠤ ᠬᠠᠮᠤᠭ ᠤᠨ ᠤᠤᠯ ᠤᠨ ᠦᠨᠦᠷ ᠠᠮᠲᠠ ᠲᠠᠢ ᠪᠤᠭᠤᠲᠤ ᠶᠢᠨ  ᠦᠨᠦᠷ ᠠᠮᠲᠠ ᠶᠢ ᠡᠳ᠋ᠯᠡᠭᠦᠯᠪᠡ᠃ ᠪᠤᠭᠤᠲᠤ ᠶᠢᠨ ᠠᠯᠳᠠᠨ ᠵᠡᠭᠡᠯᠢ ︽ᠪᠤᠭᠤᠲᠤ ᠶᠢᠨ ᠬᠠᠭᠤᠴᠢᠨ ᠬᠤᠳᠠ ᠪᠠᠷ ᠵᠤᠭᠠᠴᠠᠵᠤ ᠡᠷᠲᠡᠨ ᠡᠳᠦᠭᠡ ᠶᠢᠨ ᠴᠠᠢ ᠶᠢᠨ ᠵᠠᠮ ︾ ᠤᠨ ᠠᠵᠢᠯᠯᠠᠭ᠎ᠠ ᠶᠢ ᠮᠡᠳᠡᠷᠡᠭᠦᠯᠵᠦ᠂ ᠵᠤᠭᠠᠴᠠᠭᠰᠠᠳ ᠲᠤ ᠲᠦᠮᠡᠨ ᠭᠠᠵᠠᠷ ᠤᠨ ᠴᠠᠢ ᠶᠢᠨ ᠵᠠᠮ ᠤᠨ ᠲᠡᠦᠬᠡ ᠶᠢᠨ ᠬᠤᠪᠢᠷᠠᠯᠲᠠ ᠶᠢ ᠮᠡᠳᠡᠷᠡᠭᠦᠯᠪᠡ᠃ ᠶᠠᠩ ᠭᠧ ᠯᠧᠩ ᠵᠡᠭᠡᠯᠢ ᠭᠤᠳᠤᠮᠵᠢ ᠶᠢᠨ ᠯᠦᠩ ᠴᠧᠩ ᠨᠡᠶᠢᠭᠡᠮ ᠲᠣᠭᠤᠷᠢᠭ ᠤᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠳᠣᠲᠤᠷ᠎ᠠ᠂ ᠭᠡᠷ ᠤᠨ ᠠᠬᠠᠮᠠᠳ ᠪᠣᠯᠤᠨ ᠬᠡᠦᠬᠡᠳ ᠤᠳ ᠢ ᠰᠢᠷᠡᠭᠡᠨ ᠤ ᠡᠮᠦᠨ᠎ᠡ ᠲᠣᠭᠤᠷᠢᠨ ᠰᠠᠭᠤᠯᠭᠠᠵᠤ᠂ ᠠᠷᠠᠳ ᠤᠨ ᠳᠤᠮᠳᠠᠬᠢ ᠴᠠᠭᠠᠰᠤᠨ ᠬᠠᠶᠢᠴᠢᠯᠠᠮᠠᠯ ᠤᠨ ᠠᠯᠳᠠᠷᠲᠤ ᠤᠷᠠᠯᠢᠭᠴᠢᠨ ᠰᠦᠨ ᠡᠯ ᠯᠢᠨ ᠪᠠᠭᠰᠢ ᠶᠢᠨ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠪᠠ᠃ ᠦᠨᠳᠦᠰᠦᠲᠡᠨ ᠤ ᠬᠥᠭᠵᠢᠮ ᠤᠨ ᠪᠦᠯᠬᠦᠮ ᠤᠨ ᠰᠡᠳᠬᠢᠯ ᠬᠥᠳᠡᠯᠭᠡᠮ᠎ᠡ ᠬᠦᠭ ᠠᠶᠠᠰ ᠪᠤᠭᠤᠲᠤ ᠶᠢᠨ ᠤᠯᠠᠭᠠᠨ ᠵᠡᠭᠡᠯᠢ ᠳᠤ ᠴᠤᠤᠷᠢᠶᠠᠲᠤᠪᠠ ᠁ ᠳ᠋ᠦᠩ ᠾᠧ ᠲᠣᠭᠤᠷᠢᠭ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠰᠣᠶᠣᠯ ᠤᠨ ᠥᠨᠳᠦᠷᠯᠢᠭ ᠢ ᠨᠠᠷᠢᠨ ᠨᠢᠮᠪᠠᠢ ᠴᠣᠭᠴᠠᠯᠠᠵᠤ᠂ ᠠᠯᠢ ᠤᠯᠠᠨ ︽ᠭᠠᠷᠭᠠᠵᠤ ᠳᠡᠶᠢᠯᠬᠦ᠂ ᠪᠠᠭ᠋ᠠᠷᠬᠠᠯ ᠢ ᠲᠠᠲᠠᠬᠤ︾ ᠤᠳᠬ᠎ᠠ ᠤᠷᠠᠯᠢᠭ ᠤᠨ ᠰᠣᠳᠣᠨ ᠪᠦᠲᠦᠭᠡᠯ ᠪᠣᠯᠣᠨ ᠠᠵᠢᠯᠯᠠᠭ᠎ᠠ ᠪᠠᠷ ᠳᠠᠮᠵᠢᠭᠤᠯᠵᠤ᠂ ᠰᠣᠶᠣᠯ ᠤᠨ ᠡᠯᠧᠮᠧᠨ᠋ᠲ ᠢ ᠡᠯ᠎ᠡ ᠵᠦᠢᠯ ᠤᠨ ᠰᠣᠶᠣᠯ ᠤᠨ ᠠᠵᠢᠯᠯᠠᠭ᠎ᠠ ᠳᠤ ᠰᠢᠭᠢᠳᠬᠡᠵᠦ᠂ ᠬᠤᠳᠠ ᠶᠢᠨ ᠢᠷᠠᠭᠤ ᠠᠯᠳᠠᠷ ᠤᠨ ᠬᠡᠮᠵᠢᠶ᠎ᠡ ᠪᠣᠯᠣᠨ ᠵᠥᠭᠡᠯᠡᠨ ᠪᠣᠳᠠᠲᠤ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃
     ᠡᠨᠡ ᠵᠢᠯ ᠠᠴᠠ ᠨᠠᠰᠢ᠂ ᠳ᠋ᠦᠩ ᠾᠧ ᠲᠣᠭᠤᠷᠢᠭ ᠤᠨ ᠬᠢᠨ ᠰᠢᠨ᠎ᠡ ᠰᠣᠶᠣᠯ ᠤᠨ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠤᠮᠠᠷᠠᠲᠤ ᠬᠢᠯᠢ ᠶᠢᠨ ᠰᠣᠶᠣᠯ ᠢ ᠶᠡᠬᠡᠪᠡᠷ ᠪᠠᠶᠢᠭᠤᠯᠵᠤ᠂ ᠲᠡᠦᠬᠡ ᠰᠣᠶᠣᠯ ᠤᠨ ᠢᠲᠡᠭᠡᠯ ᠢ ᠬᠦᠴᠦᠯᠡᠨ ᠬᠥᠭᠵᠢᠭᠡᠵᠦ᠂ ᠰᠣᠶᠣᠯ ᠤᠨ ᠬᠦᠴᠦᠷᠬᠡᠭ ᠲᠣᠭᠤᠷᠢᠭ ᠢ ᠪᠦᠲᠦᠭᠡᠨ ᠪᠠᠶᠢᠭᠤᠯᠵᠤ᠂ ᠳ᠋ᠦᠩ ᠾᠧ ᠲᠣᠭᠤᠷᠢᠭ ᠤᠨ ᠰᠦᠷ ᠬᠦᠴᠦᠨ ᠢ ᠳᠠᠬᠢᠨ ᠪᠠᠳᠠᠷᠠᠭᠤᠯᠵᠤ᠂ ᠥᠩᠭᠡᠷᠡᠭᠰᠡᠨ ᠤ ᠬᠥᠭᠵᠢᠯ ᠪᠠᠳᠠᠷᠠᠯ ᠤᠨ ᠡᠷᠡᠰ ᠵᠣᠷᠢᠭ ᠪᠠ ᠡᠷᠴᠢ ᠬᠦᠴᠦᠨ ᠢ ᠬᠥᠪᠴᠢᠯᠡᠵᠦ᠂ ᠰᠣᠶᠣᠯ ᠢᠶᠠᠷ ᠬᠤᠳᠠ ᠶᠢ ᠱᠤᠭᠤᠬᠤ᠂ ᠰᠣᠶᠣᠯ ᠢᠶᠠᠷ ᠬᠥᠮᠦᠨ ᠢ ᠠᠬᠢᠭᠤᠯᠬᠤ᠂ ᠰᠣᠶᠣᠯ ᠢᠶᠠᠷ ᠠᠵᠤ ᠦᠢᠯᠡᠰ ᠢ ᠠᠬᠢᠭᠤᠯᠬᠤ ᠶᠢ ᠪᠠᠷᠢᠮᠲᠠᠯᠠᠵᠤ᠂ ︽ᠠᠯᠤᠰ ᠬᠡᠳᠤ ᠪᠠᠷ ᠲᠥᠯᠥᠪᠵᠢᠭᠦᠯᠵᠦ᠂ ᠰᠢᠰᠲ᠋ᠧᠮ ᠲᠠᠢ ᠪᠠᠷ ᠠᠬᠢᠭᠤᠯᠬᠤ︾ ᠠᠵᠢᠯ ᠤᠨ ᠰᠡᠳᠬᠢᠴᠡ ᠶᠣᠰᠣᠭᠠᠷ᠂ ᠰᠢᠨ᠎ᠡ ᠴᠠᠭ ᠦᠶ᠎ᠡ ᠶᠢᠨ ᠰᠣᠶᠣᠯ ᠤᠨ ᠥᠨᠳᠦᠷᠯᠢᠭ ᠢ ᠬᠦᠴᠦᠯᠡᠨ ᠴᠣᠭᠴᠠᠯᠠᠵᠤ᠂ ᠲᠠᠰᠤᠷᠠᠯᠲᠠ ᠦᠭᠡᠢ ᠳᠡᠭᠡᠭᠰᠢᠯᠡᠭᠰᠡᠨ ᠬᠤᠳᠠ ᠶᠢᠨ ᠢᠷᠠᠭᠤ ᠠᠯᠳᠠᠷ ᠢᠶᠠᠷ ᠬᠤᠳᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠲᠡᠰ ᠳᠡᠪᠰᠢᠭᠦᠯᠬᠦ ᠶᠢ ᠳᠠᠶᠢᠴᠢᠯᠠᠵᠤ᠂ ᠦᠷᠢᠰᠦᠯᠳᠦᠬᠦ ᠬᠦᠴᠦᠨ ᠪᠦᠬᠦᠢ ᠰᠣᠶᠣᠯ ᠤᠨ ᠵᠥᠭᠡᠯᠡᠨ ᠪᠣᠳᠠᠲᠤ ᠬᠦᠴᠦᠨ ᠢᠶᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃      ᠳ᠋ᠦᠩ ᠾᠧ ᠲᠣᠭᠤᠷᠢᠭ ᠲᠤ ︽ᠬᠠᠭᠤᠴᠢᠨ ᠪᠤᠭᠤᠲᠤ︾ ᠶᠢᠨ ᠭᠦᠨ ᠵᠤᠵᠠᠭᠠᠨ ᠰᠣᠶᠣᠯ ᠤᠨ ᠠᠭᠤᠯᠬᠤᠨ ᠲᠠᠢ ᠪᠥᠭᠡᠳ ᠪᠠᠰᠠ ᠠᠷᠪᠢᠨ ᠭᠦᠢᠴᠡᠳ ᠴᠠᠭ ᠦᠶ᠎ᠡ ᠶᠢᠨ ︽ᠤᠳᠬ᠎ᠠ ᠤᠷᠠᠯᠢᠭ ᠤᠨ ᠵᠠᠭᠪᠤᠷ︾ ᠲᠠᠢ ᠪᠠᠶᠢᠵᠤ᠂ ᠬᠤᠳᠠ ᠶᠢᠨ ᠬᠥᠭᠵᠢᠯᠲᠡ ᠶᠢᠨ ᠰᠤᠳᠠᠰᠤ ᠲᠠᠢ ᠬᠠᠮᠲᠤ ᠪᠠᠷ ᠬᠥᠭᠵᠢᠨ ᠴᠡᠴᠡᠭᠯᠡᠭᠰᠡᠨ ᠰᠣᠶᠣᠯ ᠤᠨ ᠬᠥᠭᠵᠢᠯ ᠪᠠᠳᠠᠷᠠᠯ ᠲᠠᠢ ᠶᠤᠮ᠃ ᠡᠨᠡ ᠵᠢᠯ᠂ ᠳ᠋ᠦᠩ ᠾᠧ ᠲᠣᠭᠤᠷᠢᠭ ᠤᠨ ᠰᠣᠶᠣᠯ ᠤᠨ ᠣᠷᠳᠣᠨ ︵ᠪᠠᠷᠠᠭᠤᠨ ᠣᠷᠣᠨ ᠤ ᠭᠡᠷᠡᠯ ᠵᠢᠷᠤᠭ ᠤᠨ ᠤᠷᠠᠯᠢᠭ ᠤᠨ ᠲᠥᠪ ︶ ᠸᠠᠩ ᠵᠧᠩ ᠫᠢᠩ ᠪᠠᠭᠰᠢ ᠶᠢᠨ ᠭᠡᠷᠡᠯ ᠵᠢᠷᠤᠭ ᠤᠨ ᠡᠮᠬᠢᠳᠭᠡᠯ ︽胡马依北风︾ ᠪᠡᠭᠡᠵᠢᠩ ᠤᠨ ᠶᠠ ᠴᠠᠩ ᠤᠷᠠᠯᠢᠭ ᠤᠨ ᠲᠥᠪ ᠤᠨ ᠰᠣᠨᠢᠨ ᠮᠡᠳᠡᠭᠡ ᠨᠡᠢᠲᠡᠯᠡᠬᠦ ᠬᠤᠷᠠᠯ ᠳᠡᠭᠡᠷ᠎ᠡ᠂ ᠳᠡᠰ ᠳᠡᠰ ᠢᠶᠠᠷ ᠬᠥᠳᠡᠯᠦᠯᠴᠡᠨ᠂ ᠸᠠᠩ ᠵᠧᠩ ᠫᠢᠩ ᠭᠡᠷᠡᠯ ᠵᠢᠷᠤᠭ ᠤᠨ ᠠᠵᠢᠯ ᠤᠨ ᠲᠠᠰᠤᠭ ᠤᠨ ᠭᠡᠰᠢᠭᠦᠨ ᠷᠣᠣ ᠶᠥᠩ ᠰᠢᠶᠠ᠂ ᠴᠧᠨ ᠬᠤᠩ ᠢ ᠵᠡᠷᠭᠡ ᠭᠡᠷᠡᠯ ᠵᠢᠷᠤᠭ ᠤᠨ ᠴᠢᠳᠠᠪᠤᠷᠢᠲᠠᠨ ᠪᠦᠲᠦᠭᠡᠯ ᠢ ᠡᠭᠦᠳᠴᠦ᠂ 2024 ᠫᠢᠩ ᠶᠣᠣ ᠶᠢᠨ ᠣᠯᠠᠨ ᠤᠯᠤᠰ ᠤᠨ ᠲᠣᠮᠣ ᠱᠠᠩᠨᠠᠯ ᠢ ᠣᠯᠵᠤ᠂ ᠭᠡᠷᠡᠯ ᠵᠢᠷᠤᠭ ᠤᠨ ᠤᠯᠤᠰ ᠤᠨ ᠦᠵᠡᠰᠭᠦᠯᠡᠩ ᠳᠤ ᠰᠣᠩᠭᠤᠭᠳᠠᠨ ᠣᠷᠣᠵᠤ᠂ ᠨᠡᠩ ᠴᠤ᠋ ᠡᠨᠡ ᠬᠦ ᠭᠡᠷᠡᠯ ᠵᠢᠷᠤᠭ ᠤᠨ ᠤᠷᠠᠯᠢᠭ ᠢ ᠳ᠋ᠦᠩ ᠾᠧ ᠬᠥᠮᠦᠨ ᠤ ᠰᠡᠳᠭᠢᠯ ᠳᠤ ᠦᠨᠳᠦᠰᠦᠯᠡᠭᠦᠯᠦᠨ ᠰᠣᠶᠣᠭᠠᠯᠠᠭᠤᠯᠵᠠᠢ᠃ ᠨᠠᠨ ᠬᠠᠢ ᠦᠵᠡᠮᠵᠢ ᠶᠢᠨ ᠣᠷᠣᠨ ᠤ ︽ᠦᠵᠡᠰᠭᠦᠯᠡᠩᠲᠦ ᠰᠠᠢᠬᠠᠨ ᠳᠤᠮᠳᠠᠳᠤ ᠤᠯᠤᠰ · ᠠᠮᠢ ᠠᠬᠤᠢ ᠶᠢᠨ ᠨᠠᠨ ᠬᠠᠢ︾ ᠪᠦᠬᠦ ᠤᠯᠤᠰ ᠤᠨ ᠭᠡᠷᠡᠯ ᠵᠢᠷᠤᠭ ᠤᠨ ᠭᠡᠷᠡᠯ ᠵᠢᠷᠤᠭ ᠤᠨ ᠰᠢᠯᠢᠳᠡᠭ ᠪᠦᠲᠦᠭᠡᠯ ᠤᠨ ᠦᠵᠡᠭᠦᠯᠦᠯᠭᠡ᠂ 60 ᠪᠦᠲᠦᠭᠡᠯ ᠶᠠᠭ ᠯᠠ ᠴᠣᠩᠬᠤ ᠰᠢᠭ᠋ ᠪᠠᠶᠢᠵᠤ᠂ ᠤᠮᠠᠷᠠᠲᠤ ᠬᠢᠯᠢ ᠶᠢᠨ ᠰᠣᠶᠣᠯ ᠪᠣᠯᠤᠨ ᠬᠠᠲᠤᠨ ᠭᠤᠣᠯ ᠤᠨ ᠰᠣᠶᠣᠯ ᠤᠨ ᠨᠢᠭᠤᠴᠠ ᠶᠢ ᠢᠯᠡᠷᠡᠭᠦᠯᠵᠦ᠂  ᠬᠥᠮᠦᠰ ᠲᠤ ᠰᠣᠨᠢᠷᠬᠠᠬᠤ ᠳᠤᠮᠳᠠ ᠪᠠᠨ ᠳ᠋ᠦᠩ ᠾᠧ ᠲᠣᠭᠤᠷᠢᠭ ᠤᠨ ᠥᠪᠡᠷᠮᠢᠴᠡ ᠲᠠᠲᠠᠬᠤ ᠬᠦᠴᠦᠨ ᠢ ᠡᠳ᠋ᠯᠡᠭᠦᠯᠵᠡᠢ᠃
     ᠳ᠋ᠦᠩ ᠾᠧ ᠶᠢᠨ ᠰᠣᠶᠣᠯ ᠤᠨ ᠲᠠᠯᠠᠪᠤᠷ ᠣᠷᠳᠣᠨ ᠳᠤ ᠣᠷᠣᠬᠤ ᠳᠤ᠂ ᠠᠳᠡ ᠨᠢ ᠨᠢᠭᠡᠨᠲᠡ ᠳ᠋ᠦᠩ ᠾᠧ ᠶᠢᠨ ᠬᠥᠮᠦᠨ ᠤ ᠥᠪᠡᠷ ᠢ ᠪᠠᠨ ᠲᠠᠶᠢᠪᠤᠰᠢᠷᠠᠭᠤᠯᠬᠤ᠂ ᠰᠣᠶᠣᠯ ᠤᠨ ᠡᠳ᠋ᠯᠡᠯ ᠢ ᠬᠥᠭᠡᠭᠡᠴᠡᠯᠳᠦᠬᠦ ᠲᠠᠯᠠᠪᠤᠷ ᠪᠣᠯᠤᠭᠰᠠᠨ ᠢ ᠣᠯᠵᠤ ᠮᠡᠳᠡᠬᠦ ᠪᠣᠯᠤᠨ᠎ᠠ᠃ ᠹᠦ᠋ ᠱᠧᠩ ᠭᠦᠩ ᠶᠢᠨ ᠱᠠᠩ ᠬᠤᠳᠠᠯᠳᠤᠭᠠᠴᠢᠳ ᠤᠨ ᠡᠪᠯᠡᠯ ᠤᠨ ᠣᠷᠳᠣᠨ᠂ ᠰᠢ ᠺᠧᠦ ᠶᠢᠨ ᠰᠣᠶᠣᠯ ᠢ ᠵᠠᠯᠭᠠᠮᠵᠢᠯᠠᠭᠰᠠᠨ ᠡᠨᠡᠬᠦ ᠲᠢᠶᠠᠲᠷ ᠲᠤ ᠣᠳᠣ ᠰᠢᠨ᠎ᠡ ᠠᠮᠢᠵᠢᠷᠠᠯ ᠤᠨ ᠬᠦᠴᠦᠨ ᠪᠢᠯᠬᠠᠵᠤ᠂ ᠤᠶᠠᠩᠭᠠᠲᠤ ᠵᠦᠴᠦᠭᠡ᠂ ᠳᠠᠭᠤᠤ ᠬᠥᠭᠵᠢᠮ ᠤᠨ ᠲᠣᠭᠯᠠᠯᠲᠠ ᠵᠠᠯᠭᠠᠪᠠᠷ ᠶᠠᠪᠤᠭᠳᠠᠵᠤ᠂ ᠳ᠋ᠦᠩ ᠾᠧ ᠶᠢᠨ ᠬᠥᠮᠦᠰ ᠲᠤ ᠰᠣᠶᠣᠯ ᠤᠨ ᠷᠢᠳᠢ ᠰᠢᠳᠢ ᠶᠢ ᠮᠡᠳᠡᠷᠡᠭᠦᠯᠦᠯ᠎ᠡ᠃ ᠥᠪᠥᠷ ᠮᠣᠩᠭᠤᠯ ᠤᠨ ᠴᠠᠬᠢᠯᠭᠠᠨ ᠬᠦᠴᠦᠨ ᠤ ᠮᠦᠽᠧᠶ ᠵᠢᠩᠬᠢᠨᠢ ᠪᠠᠷ ᠫᠠᠶᠢᠰᠠ ᠡᠯᠬᠦᠵᠤ᠂ ᠴᠠᠬᠢᠯᠭᠠᠨ ᠬᠦᠴᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠨᠳᠦᠰᠦᠨ ᠮᠡᠳᠡᠯᠭᠡ ᠶᠢ ᠲᠦᠭᠡᠮᠡᠯᠵᠢᠭᠦᠯᠦᠭᠰᠡᠨ ᠢᠶᠠᠷ ᠪᠠᠷᠠᠬᠤ ᠦᠭᠡᠢ᠂ ᠪᠠᠰᠠ ᠳᠡᠯᠡᠬᠡᠶ ᠬᠢᠭᠡᠳ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠬᠥᠭᠵᠢᠯᠲᠡ ᠶᠢᠨ ᠣᠳᠣᠬᠢ ᠪᠠᠶᠢᠳᠠᠯ᠂ 3000 ᠲᠡᠭᠰᠢ ᠳᠥᠷᠪᠡᠯᠵᠢᠨ ᠮᠧᠲᠷ ᠤᠨ ᠦᠵᠡᠭᠦᠯᠭᠡ ᠶᠢᠨ ᠲᠢᠩᠬᠢᠮ ᠳᠤ᠂ ᠵᠢᠷᠤᠭ ᠨᠢᠭᠡᠪᠦᠷᠢ᠂ ᠦᠵᠡᠭᠦᠯᠭᠡ ᠶᠢᠨ ᠪᠣᠳᠠᠰ ᠨᠢᠭᠡᠪᠦᠷᠢ ᠨᠢ ᠴᠥᠮ ᠪᠤᠭᠤᠲᠤ ᠶᠢᠨ ᠴᠠᠬᠢᠯᠭᠠᠨ ᠬᠦᠴᠦᠨ ᠤ ᠦᠢᠯᠡᠰ ᠤᠨ ᠭᠡᠷᠡᠯ ᠰᠠᠴᠤᠷᠠᠩᠭᠤᠶ ᠥᠩᠭᠡᠷᠡᠯᠲᠡ ᠶᠢ ᠶᠠᠷᠢᠵᠤ ᠪᠠᠶᠢᠪᠠ᠃ ᠳ᠋ᠦᠩ ᠾᠧ ᠲᠣᠭᠤᠷᠢᠭ ᠤᠨ ᠠᠵᠢᠯᠴᠢᠨ ᠤ ᠰᠣᠶᠣᠯ ᠤᠨ ᠣᠷᠳᠣᠨ ︵ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠠᠵᠢᠯᠲᠠᠨ ᠠᠵᠢᠯᠴᠢᠨ ᠤ ᠬᠠᠮᠲᠤ ᠪᠠᠷ ᠡᠳ᠋ᠯᠡᠬᠦ ᠴᠣᠭᠴᠠ︶ ᠢ ᠠᠰᠢᠭᠯᠠᠯᠲᠠ ᠳᠤ ᠣᠷᠣᠭᠤᠯᠵᠤ᠂ ᠳ᠋ᠦᠩ ᠾᠧ ᠬᠥᠮᠦᠨ ᠤ ᠰᠣᠶᠣᠯ ᠤᠨ ᠠᠮᠢᠳᠤᠷᠠᠯ ᠢ ᠨᠠᠩ ᠪᠠᠶᠠᠯᠢᠭᠵᠢᠭᠤᠯᠪᠠ᠃ ᠳ᠋ᠦᠩ ᠾᠧ ᠲᠣᠭᠤᠷᠢᠭ ᠤᠨ ᠰᠣᠶᠣᠯ ᠤᠨ ᠣᠷᠳᠣᠨ ᠤ ᠬᠤᠸᠠ ᠳ᠋ᠠ ᠵᠠᠩ ᠤᠯᠠᠮᠵᠢᠯᠠᠯᠲᠤ ᠴᠠᠭᠠᠰᠤᠨ ᠬᠠᠶᠢᠴᠢᠯᠠᠮᠠᠯ ᠤᠨ ᠦᠵᠡᠭᠦᠯᠦᠯᠭᠡ ᠶᠢᠨ ᠲᠢᠩᠬᠢᠮ ᠤᠨ ᠲᠥᠷᠥᠯ ᠵᠦᠢᠯ ᠨᠢ ᠤᠯᠤᠰ ᠤᠨ ᠰᠣᠶᠣᠯ ᠵᠢᠭᠤᠯᠴᠢᠯᠠᠯ ᠤᠨ ᠶᠠᠮᠤᠨ ᠤ ︽ᠬᠠᠮᠤᠭ ᠤᠨ ᠭᠤᠶᠣ ᠬᠥᠳᠡᠭᠡ ᠲᠣᠰᠬᠤᠨ ᠤ ᠣᠯᠠᠨ ᠨᠡᠶᠢᠲᠡ ᠶᠢᠨ ᠰᠣᠶᠣᠯ ᠤᠨ ᠣᠷᠣᠨ ᠵᠠᠶ ᠶᠢᠨ ᠵᠢᠷᠤᠭ ᠲᠥᠯᠥᠪᠯᠡᠭᠡᠨ ᠤ ᠲᠥᠷᠥᠯ ᠤᠨ TOP20︾ ᠳᠤ ᠰᠣᠩᠭᠤᠭᠳᠠᠵᠤ᠂ ᠨᠠᠩ ᠴᠤ ᠪᠤᠭᠤᠲᠤ ᠶᠢᠨ ᠴᠠᠭᠠᠰᠤᠨ ᠬᠠᠶᠢᠴᠢᠯᠠᠮᠠᠯ ᠤᠨ ᠤᠷᠠᠯᠢᠭ ᠢ ᠪᠥᠬᠦ ᠤᠯᠤᠰ ᠲᠤ ᠣᠷᠣᠭᠤᠯᠪᠠ᠃
     ᠳ᠋ᠦᠩ ᠾᠧ ᠲᠣᠭᠤᠷᠢᠭ ᠤᠨ ᠬᠢᠨ ᠭᠤᠶᠢᠳᠠ ᠰᠠᠶᠢᠬᠠᠨ ᠰᠣᠶᠣᠯ ᠵᠢᠭᠤᠯᠴᠢᠯᠠᠯ ᠤᠨ ᠠᠵᠢᠯᠯᠠᠭ᠎ᠠ ᠡᠷᠬᠢᠯᠡᠬᠦ ᠪᠠᠷ ᠳᠠᠮᠵᠢᠨ ᠬᠤᠳᠠ ᠶᠢᠨ ᠣᠷᠣᠯᠠᠨ ᠥᠭᠦᠯᠡᠵᠦ᠂ ᠬᠡᠬᠦᠳᠡᠭ ᠳᠦᠭᠦᠷᠡᠩ ᠴᠠᠭ ᠦᠶ᠎ᠡ ᠶᠢᠨ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠥᠨᠢ ᠤᠳᠠᠭᠠᠨ ᠰᠣᠶᠣᠯ ᠤᠨ ᠠᠭᠤᠯᠬᠤᠨ ᠢ ᠳᠡᠯᠭᠡᠨ ᠦᠵᠡᠭᠦᠯᠵᠦ᠂ ᠳ᠋ᠦᠩ ᠾᠧ ᠶᠢᠨ ᠬᠥᠮᠥᠰ ᠤᠨ ᠴᠢᠩ ᠦᠨᠡᠨᠴᠢ ᠬᠠᠯᠠᠭᠤᠨ ᠰᠡᠳᠬᠢᠯᠭᠡ᠂ ᠠᠭᠤᠳᠠᠮᠴᠢ ᠪᠠᠭᠲᠠᠭᠠᠮᠵᠢᠲᠠᠢ ᠵᠠᠩ ᠴᠢᠨᠠᠷ ᠢ ᠤᠯᠠᠮᠵᠢᠯᠠᠵᠤ᠂ ᠬᠤᠳᠠ ᠶᠢᠨ ᠭᠦᠨ ᠵᠤᠵᠠᠭᠠᠨ ᠰᠣᠶᠣᠯ ᠤᠨ ᠠᠭᠤᠯᠬᠤᠨ ᠢ ᠢᠯᠡᠷᠡᠭᠦᠯᠦᠭᠰᠡᠨ ᠬᠤᠳᠠ ᠶᠢᠨ IP ᠶᠢ ᠴᠢᠷᠮᠠᠶᠢᠨ ᠴᠣᠭᠴᠠᠯᠠᠪᠠ᠃ ᠪᠥᠬᠦ ᠤᠯᠤᠰ ᠤᠨ ᠠᠩᠬᠠᠳᠤᠭᠠᠷ ᠬᠤᠭᠤᠴᠠᠭᠠᠨ ᠤ ᠬᠠᠲᠤᠨ ᠭᠤᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠤ ᠰᠠᠷ᠎ᠠ ᠳᠤ ᠬᠠᠲᠤᠨ ᠭᠤᠤᠯ ᠳᠠᠭᠠᠤ ᠶᠢᠨ 9 ᠮᠤᠵᠢ ᠶᠢᠨ 33 ᠲᠤᠰᠬᠠᠶ ᠣᠷᠣᠨ ᠤ ᠲᠠᠰ ᠤᠨ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠢ ᠠᠮᠲᠠᠯᠠᠵᠤ᠂ ᠤᠯᠠᠮᠵᠢᠯᠠᠯᠲᠤ ᠤᠷ᠎ᠠ ᠮᠡᠷᠭᠡᠵᠢᠯ᠂ ᠤᠯᠠᠮᠵᠢᠯᠠᠯᠲᠤ ᠳᠠᠭᠤᠤ ᠬᠥᠭᠵᠢᠮ᠂ ᠤᠯᠠᠮᠵᠢᠯᠠᠯᠲᠤ ᠪᠥᠵᠢᠭ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠦᠵᠡᠭᠦᠯᠦᠯᠭᠡ ᠶᠢ ᠠᠮᠰᠠᠵᠤ᠂ ᠨᠠᠩ ᠴᠤ ᠳ᠋ᠦᠩ ᠾᠧ ᠶᠢᠨ ᠬᠥᠮᠦᠰ ᠲᠤ ᠳᠤᠮᠳᠠᠳᠤ ᠶᠢᠨ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠶ ᠲᠥᠷᠥᠭᠳᠡᠯ ᠢ ᠮᠡᠳᠡᠷᠡᠭᠦᠯᠪᠡ᠃ ᠵᠠᠭᠤᠨ ᠨᠡᠷᠡᠲᠦ ᠬᠥᠮᠦᠰ ᠳ᠋ᠦᠩ ᠾᠧ ᠳᠤ ᠣᠷᠣᠬᠤ ᠨᠢ ᠨᠡᠩ ᠴᠤ᠋ ᠳ᠋ᠦᠩ ᠾᠧ ᠶᠢᠨ ᠰᠣᠶᠣᠯ ᠤᠨ ᠨᠥᠯᠥᠭᠡᠯᠡᠬᠦ ᠬᠦᠴᠦᠨ ᠢ ᠳᠠᠬᠢᠨ ᠢᠶᠠᠷ ᠨᠡᠮᠡᠭᠳᠡᠭᠦᠯᠦᠨ᠎ᠡ᠃ ᠲᠣᠰᠣᠨ ᠵᠢᠷᠤᠭ ᠤᠨ ᠨᠡᠷᠡᠳᠦ ᠬᠥᠮᠦᠰ ᠠᠳᠣᠭᠤᠴᠢᠨ ᠲᠣᠰᠬᠤᠨ᠂ ᠯᠢᠦ ᠪᠦᠦ ᠶᠣᠣ ᠲᠣᠰᠬᠤᠨ ᠳᠤ ᠰᠠᠯᠬᠢ ᠠᠪᠴᠤ ᠵᠣᠬᠢᠶᠠᠨ ᠪᠦᠲᠦᠭᠡᠭᠰᠡᠨ ᠴᠤ᠂ ᠡᠰᠡᠬᠦᠯ᠎ᠡ ᠭᠡᠷᠡᠯ ᠵᠢᠷᠤᠭ ᠤᠨ ᠨᠡᠷᠡᠳᠦ ᠬᠥᠮᠦᠰ ᠨᠠᠨ ᠬᠠᠢ ᠦᠵᠡᠮᠵᠢ ᠶᠢᠨ ᠣᠷᠣᠨ᠂ ᠪᠤᠭᠤᠲᠤ ᠶᠢᠨ ᠠᠯᠲᠠᠨ ᠵᠡᠭᠡᠯᠢ ᠳᠤ ᠦᠵᠡᠭᠳᠡᠯ ᠢᠶᠠᠷ ᠲᠡᠮᠳᠡᠭᠯᠡᠵᠦ᠂ ᠴᠥᠮ ᠳ᠋ᠦᠩ ᠾᠧ ᠶᠢᠨ ︽ᠦᠵᠡᠰᠬᠦᠯᠡᠩᠲᠦ ᠰᠠᠶᠢᠬᠠᠨ ᠰᠡᠭᠦᠳᠡᠷ︾ ᠢ ᠪᠥᠰ ᠪᠣᠯᠤᠨ ᠭᠡᠷᠡᠯ ᠵᠢᠷᠤᠭ ᠳᠡᠭᠡᠷ᠎ᠡ ᠲᠣᠭᠲᠠᠭᠠᠭᠰᠠᠨ ᠪᠠᠶᠢᠨ᠎ᠠ᠃ ᠦᠨᠳᠦᠰᠦᠲᠡᠨ ᠤ ᠳᠠᠭᠤᠤ ᠬᠥᠭᠵᠢᠮ ᠤᠨ ᠴᠤᠭᠯᠠᠭᠠᠨ᠂ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠵᠣᠬᠢᠶᠠᠨ ᠪᠦᠲᠦᠭᠡᠯᠭᠡ ᠶᠢᠨ ᠰᠣᠯᠢᠯᠴᠠᠭ᠎ᠠ ᠵᠡᠷᠭᠡ ᠠᠵᠢᠯᠯᠠᠭ᠎ᠠ ᠨᠢ ᠨᠡᠩ ᠴᠤ ᠳ᠋ᠦᠩ ᠾᠧ ᠶᠢᠨ ᠰᠣᠶᠣᠯ ᠤᠨ ᠠᠭᠤᠷ ᠠᠮᠢᠰᠬᠤᠯ ᠢ ᠤᠯᠠᠮ ᠵᠤᠵᠠᠭᠠᠳᠬᠠᠵᠠᠶ᠃ ᠠᠯᠳᠠᠷᠲᠤ ᠲᠣᠭᠯᠠᠭᠴᠢ ᠰᠠᠷᠠᠨ᠎ᠠ᠂ ᠤᠯᠤᠰ ᠤᠨ ᠨᠢᠭᠡᠳᠦᠭᠡᠷ ᠳᠡᠰ ᠤᠨ ᠤᠳᠤᠷᠢᠳᠤᠭᠠᠴᠢ ᠸᠠᠩ ᠰᠢᠨ ᠮᠢᠨ ᠵᠡᠷᠭᠡ ᠰᠣᠶᠣᠯ ᠤᠨ ᠨᠡᠷᠡᠲᠦ ᠬᠥᠮᠦᠰ ᠤᠨ ᠲᠠᠨᠢᠯᠴᠠᠭᠤᠯᠭ᠎ᠠ ᠨᠢ ᠳ᠋ᠦᠩ ᠾᠧ ᠲᠣᠭᠤᠷᠢᠭ ᠤᠨ ᠨᠡᠷ᠎ᠡ ᠠᠯᠳᠠᠷᠰᠢᠯ ᠢ ᠲᠠᠰᠤᠷᠠᠯᠲᠠ ᠦᠭᠡᠢ ᠥᠷᠭᠡᠳᠬᠡᠵᠡᠶ᠃
     ᠲᠡᠦᠬᠡ ᠪᠣᠯ ᠰᠣᠶᠣᠯ ᠤᠨ ᠬᠥᠭᠵᠢᠯᠲᠡ ᠶᠢᠨ ᠡᠬᠢ ᠰᠤᠷᠪᠤᠯᠵᠢ ᠮᠥᠨ᠂ ᠢᠲᠡᠭᠡᠯ ᠵᠣᠷᠢᠭ ᠪᠣᠯ ᠰᠣᠶᠣᠯ ᠤᠨ ᠴᠡᠴᠡᠭᠯᠡᠯᠲᠡ ᠶᠢᠨ ᠨᠢᠭᠤᠴᠠ ᠲᠡᠮᠳᠡᠭ ᠮᠥᠨ᠃ ᠳ᠋ᠦᠩ ᠾᠧ ᠲᠣᠭᠤᠷᠢᠭ ᠤᠨ ᠬᠢᠨ ᠤᠷᠢᠳ ᠡᠮᠦᠨ᠎ᠡ ᠪᠠᠶᠢᠭ᠎ᠠ ᠦᠭᠡᠢ ᠢᠲᠡᠭᠡᠯ ᠵᠣᠷᠢᠭ ᠢᠶᠠᠷ ᠬᠠᠭᠤᠴᠢᠨ ᠪᠤᠭᠤᠲᠤ ᠶᠢᠨ ᠲᠡᠦᠬᠡ ᠰᠣᠶᠣᠯ ᠢ ᠤᠯᠠᠮᠵᠢᠯᠠᠨ ᠪᠠᠳᠠᠷᠠᠭᠤᠯᠵᠤ᠂ ᠰᠣᠶᠣᠯ ᠢᠶᠠᠷ ᠬᠥᠮᠦᠨ ᠢ ᠬᠥᠮᠦᠵᠢᠭᠦᠯᠵᠦ᠂ ᠰᠣᠶᠣᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠎ᠡ᠃ ᠰᠣᠶᠣᠯ ᠤᠨ ᠬᠦᠴᠦᠨ ᠨᠢ ᠶᠠᠭ ᠰᠠᠶᠢᠬᠠᠨ ᠳ᠋ᠦᠩ ᠾᠧ ᠲᠣᠭᠤᠷᠢᠭ ᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠵᠤ ᠪᠠᠶᠢᠨ᠎ᠠ᠃
 
ᠢᠷᠡᠯᠲᠡ᠄ ᠥᠨᠥᠳᠦᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1