ᠳ᠋ᠦᠩ ᠾᠧ ᠲᠣᠭᠤᠷᠢᠭ ᠤᠨ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ | ᠳᠡᠭᠡᠭᠰᠢᠯᠡᠭᠦᠯᠵᠦ᠂ ᠬᠤᠳᠠ ᠶᠢᠨ ᠳᠦᠷᠰᠦ ᠪᠠᠶᠢᠳᠠᠯ ᠢ ᠴᠡᠭᠴᠡᠯᠡᠨ ᠵᠠᠰᠠᠬᠤ ᠠᠵᠢᠯ ᠢ ᠲᠠᠬᠢᠨ ᠰᠢᠨ᠎ᠡ ᠳᠡᠭᠲᠡᠷ ᠲᠤ | ᠭᠠᠷᠭᠠᠬᠤ ᠶᠢ ᠠᠬᠢᠭᠤᠯᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠᠷ ᠵᠣᠷᠢᠯᠲᠠ | ᠪᠣᠯᠭᠠᠵᠤ᠂ ᠤᠯᠠᠨ ᠲᠠᠯ᠎ᠠ ᠶᠢᠨ ᠬᠠᠮᠢᠶᠠᠷᠤᠯᠲᠠ ᠶᠢ ᠵᠡᠷᠭᠡᠪᠡᠷ ᠬᠡᠷᠡᠭᠵᠢᠭᠦᠯᠵᠦ᠂ ᠬᠤᠳᠠ ᠶᠢᠨ ᠲᠣᠭᠤᠷᠢᠭ ᠤᠨ | ᠬᠤᠳᠠ ᠶᠢᠨ ᠳᠦᠷᠰᠦ ᠪᠠᠶᠢᠳᠠᠯ ᠢ ᠳᠡᠭᠡᠭᠰᠢᠯᠡᠭᠦᠯᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃ ᠬᠤᠳᠠᠯᠳᠤᠭᠠᠨ ᠤ | ᠲᠣᠭᠤᠷᠢᠭ᠂ ᠵᠠᠬ᠎ᠠ ᠳᠡᠯᠭᠡᠭᠦᠷ᠂ ᠰᠤᠷᠭᠠᠭᠤᠯᠢ ᠵᠢᠴᠢ ᠭᠤᠤᠯ ᠳᠡᠳ᠋ ᠵᠠᠮ ᠤᠨ ᠵᠠᠮ ᠡᠵᠡᠯᠡᠨ ᠡᠵᠡᠩᠨᠡᠬᠦ᠂ ᠨᠡᠭᠦᠳᠡᠯ | ᠳᠡᠯᠭᠡᠭᠦᠷᠴᠢᠨ᠂ ᠬᠤᠲᠠ ᠶᠢᠨ ᠳᠦᠷᠰᠦ ᠪᠠᠶᠢᠳᠠᠯ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠭᠤᠤᠯᠳᠠᠯᠭ᠎ᠠ ᠲᠠᠢ ᠵᠠᠰᠠᠵᠤ᠂ ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃ | ᠨᠢᠭᠡ ᠳᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠨ᠎ᠠ᠃ ︽ᠡᠭᠦᠳᠡᠨ ᠡᠮᠦᠨᠡᠬᠢ ᠭᠤᠷᠪᠠ ᠶᠢ | ᠳᠠᠭᠠᠭᠠᠴᠢᠯᠠᠬᠤ︾ ᠬᠠᠷᠢᠭᠤᠴᠠᠯᠭ᠎ᠠ ᠶᠢᠨ ᠲᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠬᠠᠷᠢᠭᠤᠴᠠᠯᠭᠠᠲᠤ ᠨᠢᠭᠡᠴᠢ | ᠪᠠ ᠬᠤᠪᠢ ᠬᠥᠮᠦᠨ ᠤ ᠤᠬᠠᠮᠰᠠᠷᠲᠤ ᠴᠢᠨᠠᠷ ᠢ ᠴᠢᠩᠭᠠᠷᠠᠭᠤᠯᠤᠨ᠂ ︽ᠨᠠᠷᠢᠯᠢᠭ ᠠᠳᠬᠤᠬᠤ᠂ ᠪᠠᠭ᠎ᠠ ᠠᠴᠠ | ᠠᠳᠬᠤᠬᠤ᠂ ᠪᠣᠳᠠᠲᠠᠶ ᠠᠳᠬᠤᠬᠤ︾ ᠠᠵᠢᠯ ᠤᠨ ᠦᠨᠳᠦᠰᠦᠨ ᠬᠥᠭ ᠠᠶᠠᠰ ᠤᠨ ᠲᠠᠯ᠎ᠠ ᠪᠠᠷ᠂ ᠥᠷᠭᠡᠨ ᠣᠯᠠᠨ | ᠬᠤᠲᠠ ᠶᠢᠨ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠬᠤᠲᠠ ᠶᠢᠨ ᠬᠠᠮᠢᠶᠠᠷᠤᠯᠲᠠ ᠳᠤ ᠢᠳᠡᠪᠬᠢᠲᠡᠶ | ᠣᠷᠣᠯᠴᠠᠭᠤᠯᠵᠤ᠂ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠬᠠᠮᠠᠭᠠᠯᠠᠨ᠂ ︽ᠬᠠᠮᠲᠤ ᠪᠠᠷ ᠰᠦᠪᠡᠭᠴᠢᠯᠡᠬᠦ | ᠂ ᠬᠠᠮᠲᠤ ᠪᠠᠷ ᠪᠠᠶᠢᠭᠤᠯᠬᠤ᠂ ᠬᠠᠮᠲᠤ ᠪᠠᠷ ᠬᠠᠮᠢᠶᠠᠷᠬᠤ᠂ ᠬᠠᠮᠲᠤ ᠪᠠᠷ ᠡᠳ᠋ᠯᠡᠬᠦ︾ ᠰᠠᠶᠢᠨ ᠰᠠᠶᠢᠬᠠᠨ ᠪᠠᠶᠢᠷᠢᠰᠢᠯ ᠢ | ᠪᠠᠶᠢᠭᠤᠯᠵᠤ᠂ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ︽ᠠᠮᠤᠷ ᠲᠦᠪᠰᠢᠨ᠂ ᠰᠠᠭᠠᠳ ᠥᠬᠡᠶ᠂ ᠡᠮᠬᠢ ᠵᠢᠷᠤᠮ ᠲᠠᠢ︾ | ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠡᠮᠬᠢ ᠳᠢᠭᠯᠢᠮ ᠢ ᠪᠣᠶ ᠪᠣᠯᠭᠠᠨ᠎ᠠ᠃ | ᠬᠤᠶᠠᠷ ᠲᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠵᠠᠮ ᠢ ᠲᠣᠭᠲᠠᠭᠠᠬᠤ᠂ | ᠪᠠᠷᠢᠮᠵᠢᠶ᠎ᠠ ᠶᠢ ᠲᠣᠭᠲᠠᠭᠠᠬᠤ᠂ ᠴᠠᠭ ᠬᠤᠭᠤᠴᠠᠭ᠎ᠠ ᠶᠢ ᠲᠣᠭᠲᠠᠭᠠᠬᠤ᠂ ᠬᠠᠷᠢᠭᠤᠴᠠᠯᠭ᠎ᠠ ᠶᠢ ᠲᠣᠭᠲᠠᠭᠠᠬᠤ | ᠱᠠᠭᠠᠷᠳᠠᠯᠭ᠎ᠠ ᠶᠣᠰᠣᠭᠠᠷ᠂ ᠲᠥᠪᠯᠡᠷᠡᠭᠦᠯᠦᠨ ᠴᠡᠭᠴᠡᠯᠡᠨ ᠵᠠᠰᠠᠬᠤ᠂ ᠬᠥᠳᠡᠯᠦᠩᠭᠦᠶ ᠪᠠᠷ ᠲᠣᠭᠤᠷᠢᠨ ᠪᠠᠶᠢᠴᠠᠭᠠᠬᠤ᠂ | ᠴᠢᠭ ᠲᠣᠭᠲᠠᠭᠠᠨ ᠵᠢᠵᠢᠭᠦᠷᠯᠡᠨ ᠰᠠᠬᠢᠬᠤ᠂ ᠴᠠᠭ ᠵᠥᠷᠢᠭᠦᠯᠦᠨ ᠬᠠᠮᠢᠶᠠᠷᠤᠨ ᠡᠵᠡᠮᠳᠡᠬᠦ ᠶᠢ ᠤᠶᠠᠯᠳᠤᠭᠤᠯᠬᠤ ᠠᠷᠭ᠎ᠠ | ᠮᠠᠶ᠋ᠢᠭ ᠢ ᠠᠪᠴᠤ᠂ ᠬᠤᠲᠠ ᠶᠢᠨ ᠭᠤᠤᠯ ᠪᠠ ᠳᠡᠳ᠋ ᠵᠠᠮ᠂ ᠪᠤᠶᠢᠳᠠ ᠪᠥᠭᠯᠡᠭᠦᠦ ᠵᠢᠵᠢᠭ ᠭᠤᠳᠤᠮᠵᠢ᠂ ᠬᠤᠲᠠ | ᠬᠥᠳᠡᠭᠡ ᠶᠢᠨ ᠠᠭᠤᠯᠵᠠᠷ ᠬᠡᠰᠡᠭ ᠢᠶᠠᠷ ᠭᠤᠤᠯᠳᠠᠯᠭ᠎ᠠ ᠲᠠᠢ ᠣᠷᠣᠨ ᠪᠦᠰᠡ ᠶᠢ ᠪᠣᠯᠭᠠᠵᠤ᠂ ᠵᠡᠭᠡᠯᠢ ᠳᠠᠭᠠᠤ ᠶᠢᠨ | ᠬᠤᠳᠠᠯᠳᠤᠭᠠᠨ ᠤ ᠳᠡᠯᠭᠡᠭᠦᠷ ᠤᠨ ᠭᠠᠳᠠᠨ᠎ᠠ ᠡᠵᠡᠩᠨᠡᠬᠦ᠂ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ | ᠬᠠᠷᠢᠭᠤᠴᠠᠯᠭ᠎ᠠ ᠶᠢ ᠪᠣᠳᠠᠲᠠᠶ ᠨᠠᠶᠢᠳᠠᠪᠤᠷᠢᠵᠢᠭᠤᠯᠤᠭᠰᠠᠨ ᠥᠬᠡᠶ᠂ ᠨᠡᠭᠦᠳᠡᠯ ᠳᠡᠯᠭᠡᠭᠦᠷᠴᠢᠨ ᠵᠡᠷᠭᠡ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠨ᠎ᠠ᠃ | ᠭᠤᠷᠪᠠ ᠳᠤ᠂ ᠤᠬᠠᠭᠤᠯᠵᠤ ᠬᠥᠲᠥᠯᠥᠨ ᠵᠢᠯᠣᠭᠤᠳᠬᠤ ᠶᠢ ᠠᠬᠢᠭᠤᠯᠪᠠ᠃ ᠵᠡᠭᠡᠯᠢ ᠳᠠᠭᠠᠤ ᠶᠢᠨ ᠬᠤᠳᠠᠯᠳᠤᠭᠠᠨ ᠤ | ᠡᠷᠦᠬᠡ ᠳᠤ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠶᠢᠨ ᠬᠠᠷᠢᠭᠤᠴᠠᠯᠭ᠎ᠠ ᠶᠢᠨ ᠬᠠᠮᠢᠶ᠎ᠠ ᠪᠦᠬᠦᠢ | ᠠᠭᠤᠯᠭ᠎ᠠ ᠪᠠ ᠬᠠᠷᠢᠭᠤᠴᠠᠯᠭ᠎ᠠ ᠶᠢᠨ ᠬᠡᠪᠴᠢᠶ᠎ᠡ ᠶᠢ ᠲᠠᠶᠢᠯᠪᠤᠷᠢᠯᠠᠨ ᠥᠭᠴᠦ᠂ ᠬᠤᠲᠠ ᠶᠢᠨ ᠬᠠᠮᠢᠶᠠᠷᠤᠯᠲᠠ ᠶᠢᠨ | ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ᠂ ᠲᠡᠭᠦᠨ ᠢ ᠢᠳᠬᠠᠵᠤ ᠪᠠᠶᠢᠭᠠᠳ ᠳᠡᠯᠭᠡᠭᠦᠷ ᠤᠨ ᠭᠠᠳᠠᠨᠠᠬᠢ | ᠡᠵᠡᠩᠨᠡᠯᠲᠡ ᠶᠢᠨ ᠡᠳ᠋ ᠪᠣᠳᠠᠰ ᠢ ᠤᠬᠠᠮᠰᠠᠷ ᠠᠴᠠ ᠪᠠᠨ ᠴᠡᠪᠡᠷᠯᠡᠭᠦᠯᠵᠦ᠂ ᠬᠦᠴᠢᠷᠳᠡᠯ ᠲᠠᠢ ᠡᠵᠡᠩᠨᠡᠯᠲᠡ ᠶᠢᠨ | ᠡᠷᠦᠬᠡ ᠶᠢ ᠰᠠᠨᠠᠭᠠᠴᠢᠯᠠᠭ᠎ᠠ ᠠᠴᠠ ᠪᠠᠨ ᠬᠠᠮᠵᠢᠨ ᠴᠡᠪᠡᠷᠯᠡᠵᠦ᠂ ᠬᠠᠤᠯᠢ ᠬᠡᠷᠡᠭᠵᠢᠭᠦᠯᠦᠯᠲᠡ ᠶᠢ ᠬᠠᠷᠰᠢᠯᠠᠭᠰᠠᠨ | ᠡᠵᠡᠩᠨᠡᠭᠴᠢ ᠶᠢ ᠣᠯᠠᠨ ᠤᠳᠠᠭ᠎ᠠ ᠴᠡᠪᠡᠷᠯᠡᠨ ᠴᠡᠭᠴᠡᠯᠡᠬᠦ ᠶᠢ ᠲᠡᠪᠴᠢᠭᠰᠡᠨ᠂ ᠬᠠᠤᠯᠢ ᠬᠡᠷᠡᠭᠵᠢᠭᠦᠯᠦᠯᠲᠡ ᠶᠢ | ᠬᠠᠷᠰᠢᠯᠠᠭᠰᠠᠨ ᠡᠵᠡᠩᠨᠡᠭᠴᠢ ᠶᠢ ᠬᠠᠤᠯᠢ ᠶᠣᠰᠣᠭᠠᠷ ︽ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ | ᠮᠡᠳᠡᠭᠳᠡᠯ ᠤᠨ ᠪᠢᠴᠢᠭ︾ ᠢ ᠪᠠᠭᠤᠯᠭᠠᠵᠤ᠂ ᠬᠠᠤᠯᠢ ᠶᠢ ᠵᠥᠷᠢᠴᠡᠭᠰᠡᠨ ᠡᠵᠡᠩᠨᠡᠯᠲᠡ ᠶᠢᠨ ᠡᠳ᠋ ᠪᠣᠳᠠᠰ ᠪᠠ ᠪᠠᠭᠠᠵᠢ | ᠬᠡᠷᠡᠭᠰᠡᠯ ᠢ ᠲᠦᠷ ᠦᠯᠡᠳᠡᠭᠡᠵᠦ ᠠᠪᠤᠨ᠎ᠠ᠃ | ᠣᠲᠣ ᠪᠣᠯᠲᠠᠯ᠎ᠠ᠂ ᠨᠢᠭᠡᠨᠲᠡ 243 ᠨᠡᠭᠦᠳᠡᠯ ᠳᠡᠯᠭᠡᠭᠦᠷᠴᠢᠨ᠂ 314 ︽ᠭᠤᠷᠪᠠᠨ ᠶᠡᠷᠦ ᠪᠣᠰᠤ ᠶᠢᠨ ᠵᠠᠷ | ᠮᠡᠳᠡᠭᠡ︾ ᠶᠢ ᠴᠡᠪᠡᠷᠯᠡᠵᠦ᠂ 235 ᠤᠳᠠᠭ᠎ᠠ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠵᠤ᠂ 299 | ᠤᠳᠠᠭ᠎ᠠ ᠳᠡᠯᠭᠡᠭᠦᠷ ᠤᠨ ᠭᠠᠳᠠᠨᠠᠬᠢ ᠡᠵᠡᠩᠨᠡᠯᠲᠡ ᠶᠢ ᠵᠢᠷᠤᠮᠵᠢᠭᠤᠯᠪᠠ᠃ | ᠲᠠᠷᠠᠭᠠᠴᠢ ᠶᠢᠨ ᠠᠯᠬᠤᠮ ᠳᠤ᠂ ᠳ᠋ᠦᠩ ᠾᠧ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠦᠷᠭᠦᠯᠵᠢᠯᠡᠨ ︽ᠡᠭᠦᠳᠡᠨ ᠡᠮᠦᠨᠡᠬᠢ ᠭᠤᠷᠪᠠ ᠶᠢ | ᠳᠠᠭᠠᠭᠠᠴᠢᠯᠠᠬᠤ︾ ᠬᠠᠷᠢᠭᠤᠴᠠᠯᠭ᠎ᠠ ᠶᠢᠨ ᠲᠦᠷᠢᠮ ᠢᠶᠠᠷ ᠠᠵᠢᠯ ᠤᠨ ᠭᠤᠤᠯᠳᠠᠯᠭ᠎ᠠ ᠪᠣᠯᠭᠠᠵᠤ᠂ ᠬᠢᠨᠠᠯᠲᠠ ᠲᠠᠯᠪᠢᠬᠤ᠂ | ᠬᠠᠮᠢᠶᠠᠷᠬᠤ ᠠᠵᠢᠯ ᠢ ᠴᠢᠩᠭᠠᠳᠬᠠᠵᠤ᠂ ᠬᠠᠷᠢᠭᠤᠴᠠᠯᠭ᠎ᠠ ᠶᠢᠨ ᠤᠬᠠᠮᠰᠠᠷ ᠪᠠ ᠣᠷᠣᠯᠴᠠᠬᠤ ᠤᠬᠠᠮᠰᠠᠷ ᠬᠤᠶᠠᠷ | ᠲᠠᠯ᠎ᠠ ᠠᠴᠠ ᠭᠠᠷᠳᠠᠵᠤ᠂ ᠵᠡᠭᠡᠯᠢ ᠳᠠᠭᠠᠤ ᠶᠢᠨ ᠬᠠᠷᠢᠭᠤᠴᠠᠯᠭᠠᠲᠤ ᠨᠢᠭᠡᠴᠢ ᠵᠢᠴᠢ ᠡᠭᠦᠳᠡᠨ ᠳᠡᠯᠭᠡᠭᠦᠷ ᠤᠨ | ᠬᠤᠲᠠ ᠶᠢᠨ ᠦᠵᠡᠮᠵᠢ ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ | ᠭᠦᠢᠴᠡᠳᠭᠡᠬᠦ ᠶᠢ ᠦᠷᠭᠦᠯᠵᠢᠯᠡᠨ ᠰᠢᠪᠠᠳᠠᠵᠤ᠂ ︽ᠬᠠᠮᠲᠤ ᠪᠠᠷ ᠬᠠᠮᠢᠶᠠᠷᠴᠤ ᠡᠭᠦᠳᠡᠨ ᠡᠮᠦᠨ᠎ᠡ ᠬᠦᠷᠲᠡᠯ᠎ᠡ ᠬᠠᠮᠲᠤ ᠪᠠᠷ | ᠬᠠᠮᠢᠶᠠᠷᠬᠤ︾ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠃ | |