ᠠᠮᠤᠷ ᠲᠠᠶᠢᠪᠤᠩ ᠰᠥᠨᠢ ᠪᠠ ᠢᠰᠦ᠋ᠰ ᠤᠨ ᠮᠡᠨᠳᠦᠯᠡᠭᠰᠡᠨ ᠪᠠᠶᠠᠷ ᠤᠨ ᠡᠳᠦᠷ ᠤᠨ ᠬᠤᠭᠤᠴᠠᠭᠠᠨ ᠳᠠᠬᠢ | ᠾᠷᠢᠰᠲ᠋ᠣᠰ ᠤᠨ ᠱᠠᠰᠢᠨ᠂ ᠺᠠᠲ᠋ᠤᠯᠢᠭ ᠱᠠᠰᠢᠨ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠠᠮᠤᠷ | ᠲᠦᠪᠰᠢᠨ ᠲᠣᠭᠲᠠᠭᠤᠨ ᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠰᠠᠷᠠᠴᠢᠨ ᠪᠠᠯᠭᠠᠰᠤ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠳᠤᠭᠠᠩ ᠤᠨ ᠲᠤᠬᠠᠶ ᠶᠢᠨ ᠲᠠᠯᠠᠪᠤᠷ ᠲᠤ ᠰᠤᠷᠪᠤᠯᠵᠢᠯᠠᠨ | ᠪᠠᠶᠢᠴᠠᠭᠠᠵᠤ᠂ ᠪᠠᠶᠠᠷ ᠤᠨ ᠡᠳᠦᠷ ᠤᠨ ᠠᠵᠢᠯᠯᠠᠭ᠎ᠠ ᠶᠢᠨ ᠠᠮᠤᠷ ᠲᠦᠪᠰᠢᠨ ᠲᠣᠭᠲᠠᠭᠤᠨ ᠢ ᠦᠨᠡᠨ ᠬᠦ ᠪᠠᠲᠤᠯᠠᠪᠠ᠃ | ᠨᠢᠭᠡ ᠳᠤ᠂ ᠳᠠᠯᠳᠠ ᠬᠡᠮ ᠢ ᠨᠠᠷᠢᠨ ᠨᠢᠮᠪᠠᠶ ᠵᠢᠭᠰᠠᠭᠠᠨ ᠪᠠᠶᠢᠴᠠᠭᠠᠪᠠ᠃ ᠪᠥᠬᠦ ᠪᠠᠯᠭᠠᠰᠤᠨ ᠤ ᠡᠯ᠎ᠡ ᠱᠠᠰᠢᠨ | ᠰᠤᠷᠲᠠᠬᠤᠨ ᠤ ᠲᠠᠯᠠᠪᠤᠷ ᠲᠤ ᠭᠦᠨᠵᠡᠭᠡᠶᠢᠷᠡᠨ ᠪᠠᠶᠠᠷ ᠤᠨ ᠡᠳᠦᠷ ᠠᠴᠠ ᠡᠮᠦᠨᠡᠬᠢ ᠲᠣᠤᠷ ᠲᠠᠲᠠᠬᠤ ᠬᠡᠯᠪᠡᠷᠢ ᠶᠢᠨ | ᠵᠢᠭᠰᠠᠭᠠᠨ ᠪᠠᠶᠢᠴᠠᠭᠠᠯᠲᠠ ᠶᠢ ᠥᠷᠨᠢᠭᠦᠯᠵᠦ᠂ ᠲᠠᠯᠠᠪᠤᠷ ᠳᠣᠲᠣᠷᠠᠬᠢ ᠴᠠᠬᠢᠯᠭᠠᠨ ᠤ ᠱᠤᠭᠤᠮ᠂ ᠭᠠᠯ ᠤᠨᠲᠠᠷᠠᠭᠠᠬᠤ | ᠪᠡᠯᠡᠳᠬᠡᠮᠵᠢ᠂ ᠲᠠᠷᠬᠠᠭᠠᠬᠤ ᠵᠠᠮ ᠢ ᠨᠢᠭᠡᠳ ᠨᠢᠭᠡ ᠪᠠᠷ ᠨᠠᠷᠢᠨ ᠨᠢᠮᠪᠠᠶ ᠪᠠᠶᠢᠴᠠᠭᠠᠪᠠ᠃ ᠵᠢᠭᠰᠠᠭᠠᠨ ᠪᠠᠶᠢᠴᠠᠭᠠᠵᠤ | ᠭᠠᠷᠭᠠᠭᠰᠠᠨ ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠨᠠᠷᠢᠨ | ᠲᠠᠩᠰᠠ ᠭᠠᠷᠭᠠᠵᠤ᠂ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠲᠣᠳᠣᠷᠬᠠᠶᠢᠯᠠᠨ᠂ ᠲᠤᠰᠬᠠᠶ ᠬᠥᠮᠦᠨ ᠳᠠᠭᠠᠵᠤ | ᠳᠠᠬᠢᠨ ᠪᠠᠶᠢᠴᠠᠭᠠᠵᠤ᠂ ᠪᠣᠶ ᠪᠥᠬᠦᠶ ᠬᠡᠮ ᠰᠣᠭᠤᠭ ᠢ ︽ᠲᠡᠭ ᠪᠣᠯᠭᠠᠬᠤ︾ ᠶᠢ ᠦᠨᠡᠨᠬᠦ ᠪᠠᠲᠤᠯᠠᠬᠤ ᠬᠡᠷᠡᠭᠲᠡᠶ᠃ | ᠬᠤᠶᠠᠷ ᠲᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠎ᠡ᠃ ᠠᠵᠢᠯ ᠤᠨ | ᠤᠳᠤᠷᠢᠳᠬᠤ ᠳᠤᠭᠤᠶᠢᠯᠠᠩ ᠪᠠᠶᠢᠭᠤᠯᠵᠤ᠂ ︽ᠰᠠᠷᠠᠴᠢᠨ ᠪᠠᠯᠭᠠᠰᠤ ᠶᠢᠨ ᠾᠷᠢᠰᠲ᠋ᠣᠰ ᠤᠨ ᠱᠠᠰᠢᠨ᠂ ᠺᠠᠲ᠋ᠤᠯᠢᠭ | ᠱᠠᠰᠢᠨ ᠤ ᠬᠦᠷᠢᠶᠡᠨ ᠳᠠᠬᠢ ᠠᠮᠤᠷ ᠲᠦᠪᠰᠢᠨ ᠰᠥᠨᠢ ᠶᠢᠨ ᠪᠠᠶᠠᠷ ᠤᠨ ᠠᠵᠢᠯᠯᠠᠭ᠎ᠠ ᠶᠢᠨ ᠬᠤᠭᠤᠴᠠᠭᠠᠨ ᠳᠠᠬᠢ | ᠠᠮᠤᠷ ᠢ ᠬᠠᠮᠠᠭᠠᠯᠠᠬᠤ ᠠᠵᠢᠯ ᠤᠨ ᠬᠡᠷᠡᠭᠵᠢᠭᠦᠯᠬᠦ ᠲᠥᠰᠦᠯ ᠵᠢᠴᠢ ᠪᠠᠴᠢᠮ ᠪᠠᠶᠢᠳᠠᠯ ᠢ ᠠᠷᠭᠠᠴᠠᠬᠤ ᠲᠥᠰᠦᠯ︾ ᠢ | ᠲᠣᠭᠲᠠᠭᠠᠵᠤ᠂ ᠲᠣᠰᠬᠤᠨ ᠢ ᠳᠠᠭᠠᠭᠠᠴᠢᠯᠠᠭᠰᠠᠨ ᠤᠳᠤᠷᠢᠳᠤᠯᠭ᠎ᠠ᠂ ᠲᠣᠰᠬᠤᠨ ᠢ ᠳᠠᠭᠠᠭᠠᠴᠢᠯᠠᠭᠰᠠᠨ ᠺᠠᠳ᠋ᠷ ᠵᠢᠴᠢ | ᠦᠨᠳᠦᠰᠦᠲᠡᠨ ᠱᠠᠰᠢᠨ ᠰᠤᠷᠲᠠᠬᠤᠨ ᠤ ᠬᠠᠪᠰᠤᠷᠤᠭᠴᠢ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠬᠦᠷᠴᠦ | ᠵᠢᠵᠢᠭᠦᠷᠯᠡᠨ ᠰᠠᠬᠢᠵᠤ᠂ ᠲᠤᠬᠠᠶ ᠶᠢᠨ ᠲᠠᠯᠠᠪᠤᠷ ᠲᠤ ᠭᠠᠷᠴᠤ ᠮᠡᠳᠡᠬᠦ ᠭᠡᠨᠡᠳᠲᠡ ᠶᠢᠨ ᠪᠠᠶᠢᠳᠠᠯ ᠢ ᠲᠣᠬᠢᠲᠠᠶ | ᠰᠢᠢᠳᠪᠦᠷᠢᠯᠡᠵᠦ᠂ ᠦᠳᠲᠡᠷ ᠲᠦᠷᠭᠡᠨ ᠳᠡᠭᠡᠭᠰᠢ ᠮᠡᠳᠡᠭᠦᠯᠬᠦ ᠬᠡᠷᠡᠭᠲᠡᠶ᠃ | ᠭᠤᠷᠪᠠ ᠳᠤ᠂ ᠠᠵᠢᠯᠯᠠᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠪᠠ᠃ ᠲᠣᠰᠬᠤᠨ ᠤ ᠬᠦᠷᠢᠶ᠎ᠡ ᠬᠡᠪᠴᠢᠶ᠎ᠡ ᠶᠢ | ᠵᠢᠭᠰᠠᠭᠠᠨ ᠪᠠᠶᠢᠴᠠᠭᠠᠵᠤ᠂ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠶᠢ ᠰᠡᠷᠭᠡᠶᠢᠯᠡᠨ ᠬᠤᠷᠢᠭᠯᠠᠵᠤ᠂ | ᠲᠠᠯᠠᠪᠤᠷ ᠭᠠᠵᠠᠷ ᠤᠨ ᠵᠥᠷᠢᠴᠡᠯ ᠵᠢᠭᠤᠷᠠᠯᠳᠤᠭᠠᠨ ᠢ ᠵᠣᠬᠢᠴᠠᠭᠤᠯᠤᠨ ᠰᠢᠢᠳᠪᠦᠷᠢᠯᠡᠵᠦ᠂ ᠱᠠᠰᠢᠨ ᠰᠢᠲᠦᠳᠡᠭ ᠣᠯᠠᠨ | ᠲᠦᠮᠡᠨ ᠢ ᠤᠬᠠᠭᠤᠯᠤᠨ ᠵᠢᠯᠣᠭᠤᠳᠴᠤ ᠪᠠᠶᠢᠭᠠᠳ ᠡᠮᠬᠢ ᠵᠢᠷᠤᠮ ᠲᠠᠢ ᠪᠠᠷ ᠣᠷᠣᠵᠤ ᠭᠠᠷᠬᠤ ᠬᠡᠷᠡᠭᠲᠡᠶ᠃ | ᠳᠠᠷᠠᠭᠠᠴᠢ ᠶᠢᠨ ᠠᠯᠬᠤᠮ ᠳᠤ᠂ ᠰᠠᠷᠠᠴᠢᠨ ᠪᠠᠯᠭᠠᠰᠤ ᠤᠬᠠᠮᠰᠠᠷ ᠠᠴᠠ ᠪᠠᠨ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢᠨ ᠤᠬᠠᠮᠰᠠᠷ ᠪᠣᠯᠤᠨ ᠬᠤᠷᠢᠭ᠎ᠠ ᠱᠤᠭᠤᠮ ᠤᠨ | ᠰᠡᠳᠬᠢᠬᠦᠢ ᠪᠠᠨ ᠴᠢᠩᠭᠠᠳᠬᠠᠵᠤ᠂ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠤᠨ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠵᠦ᠂ ᠱᠠᠰᠢᠨ ᠰᠤᠷᠲᠠᠬᠤᠨ ᠤ ᠬᠦᠷᠢᠶᠡᠨ ᠤ ᠠᠮᠤᠷ ᠲᠦᠪᠰᠢᠨ | ᠲᠣᠭᠲᠠᠭᠤᠨ ᠢ ᠬᠠᠮᠠᠭᠠᠯᠠᠨ᠎ᠠ᠃ |