ᠰᠢᠨ ᠶᠤᠸᠠᠨ ᠨᠡᠶᠢᠭᠡᠮ ᠲᠣᠭᠤᠷᠢᠭ ᠤᠨ ︽ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠶᠢ ᠬᠠᠪᠰᠤᠷᠤᠨ ᠣᠷᠣᠯᠠᠨ ᠭᠦᠢᠴᠡᠳᠭᠡᠵᠦ  ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠴᠤ ᠡᠭᠦᠳᠡ ᠪᠠᠨ ᠬᠠᠭᠠᠬᠤ ᠦᠭᠡᠢ︾
ᠨᠡᠶᠢᠲᠡᠯᠡᠭᠰᠡᠨ ᠴᠠᠭ᠄
2024/12/26
     ᠪᠤᠭᠤᠲᠤ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠳᠡᠯ ᠢ ᠦᠨᠳᠦᠰᠦᠯᠡᠨ᠂ 2025 ᠣᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠲᠥᠪᠯᠡᠷᠡᠭᠦᠯᠦᠨ ᠰᠦᠢᠳᠭᠡᠯ ᠲᠤᠰᠢᠶᠠᠬᠤ ᠬᠤᠭᠤᠴᠠᠭ᠎ᠠ ᠨᠢ 2025 ᠣᠨ ᠤ 2 ᠰᠠᠷ᠎ᠠ ᠶᠢᠨ 28 ᠤ ᠡᠳᠦᠷ ᠬᠦᠷᠲᠡᠯ᠎ᠡ᠃ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠦᠢᠯᠡᠴᠢᠯᠡᠭᠡᠨ ᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠵᠤ᠂ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠠᠪᠤᠴᠠ ᠳᠠᠬᠢ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ ᠪᠡᠶᠡᠯᠡᠭᠦᠯᠪᠡ᠃ ᠰᠢᠨ ᠶᠤᠸᠠᠨ ᠨᠡᠶᠢᠭᠡᠮ ᠲᠣᠭᠤᠷᠢᠭ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ︽ᠣᠶᠢᠷ᠎ᠠ ᠬᠠᠪᠢ ᠳᠠᠭᠠᠨ ᠬᠢᠵᠦ ᠪᠣᠯᠬᠤ᠂ ᠳᠤᠲᠠᠭᠤ ᠭᠦᠶᠦᠵᠦ ᠲᠦᠷᠭᠡᠨ ᠭᠦᠢᠴᠡᠳᠭᠡᠬᠦ︾ ᠠᠵᠢᠯ ᠶᠠᠪᠤᠳᠠᠯ ᠭᠦᠢᠴᠡᠳᠭᠡᠬᠦ ᠵᠠᠷᠴᠢᠮ ᠢ ᠲᠠᠰᠤᠷᠠᠯᠲᠠ ᠥᠬᠡᠶ ᠨᠠᠶᠢᠳᠠᠪᠤᠷᠢᠵᠢᠭᠤᠯᠵᠤ᠂ ᠣᠶᠢᠷ᠎ᠠ ᠶᠢᠨ ᠡᠳᠦᠷ ᠤᠳ ᠲᠤ᠂ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠤᠨ ᠳᠤᠮᠳᠠ ᠭᠦᠨᠵᠡᠭᠡᠶᠢᠷᠡᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠢ ᠬᠠᠪᠰᠤᠷᠤᠨ ᠡᠮ ᠡᠮᠨᠡᠯᠭᠡ ᠶᠢᠨ ᠳᠠᠭᠠᠳᠬᠠᠯ ᠢ ᠣᠷᠣᠯᠠᠨ ᠲᠤᠰᠢᠶᠠᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠠᠵᠢᠯ ᠤᠨ ᠡᠭᠦᠷᠭᠡ ᠪᠠᠨ ᠲᠦᠷᠭᠡᠨ ᠪᠡᠶᠡᠯᠡᠭᠦᠯᠬᠦ ᠶᠢ ᠳᠥᠯᠭᠢᠨ ᠠᠬᠢᠭᠤᠯᠪᠠ᠃      ︽ᠯᠢ ᠠᠪᠠᠭ᠎ᠠ᠂ ᠲᠠᠨ ᠤ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠵᠤ ᠳᠡᠶᠢᠯᠵᠡᠢ᠂ ᠡᠨᠡ ᠪᠣᠯ ᠲᠤᠰᠢᠶᠠᠵᠤ ᠳᠡᠶᠢᠯᠦᠭᠰᠡᠨ ᠪᠠᠷᠢᠮᠲᠠ᠂ ᠪᠢ ᠲᠠᠨ ᠳᠤ ᠨᠢᠭᠡᠨᠲᠡ ᠬᠠᠳᠠᠭᠠᠯᠠᠵᠤ ᠥᠭᠭᠦᠭᠰᠡᠨ ᠶᠤᠮ᠂ ᠳᠠᠬᠢᠵᠤ ᠪᠠᠶᠢᠴᠠᠭᠠᠨ ᠦᠵᠡᠬᠦ ᠳᠤ ᠳᠥᠭᠦᠮ ᠦᠵᠡᠭᠦᠯᠦᠨ᠎ᠡ︾ ᠭᠡᠪᠡ᠃ ᠰᠢᠨ ᠶᠤᠸᠠᠨ ᠲᠣᠭᠤᠷᠢᠭ ᠤᠨ ᠰᠠᠭᠤᠭᠠᠯᠢ ᠠᠷᠠᠳ ᠯᠢ ᠠᠪᠠᠭ᠎ᠠ ᠳᠤ ᠪᠠᠶᠠᠷ ᠬᠦᠷᠭᠡᠵᠦ᠂ ᠰᠠᠭᠤᠭᠠᠯᠢ ᠠᠷᠠᠳ ᠡᠨᠡ ᠬᠦ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ︽ᠬᠠᠪᠰᠤᠷᠤᠨ ᠣᠷᠣᠯᠠᠨ ᠭᠦᠢᠴᠡᠳᠬᠡᠬᠦ︾ ᠦᠢᠯᠡᠴᠢᠯᠡᠭᠡ ᠨᠢ ᠮᠠᠰᠢ ᠳᠣᠲᠣᠨᠣ ᠪᠠᠶᠢᠨ᠎ᠠ ᠭᠡᠵᠦ ᠢᠯᠡᠳᠬᠡᠵᠡᠭᠡᠪᠡ᠃ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠲᠣᠭᠤᠷᠢᠭ ᠲᠤ ᠬᠦᠷᠴᠦ᠂ ᠰᠠᠭᠤᠭᠠᠯᠢ ᠠᠷᠠᠳ ᠤᠨ ᠰᠡᠳᠬᠢᠯ ᠲᠠᠯᠪᠢᠵᠤ ᠪᠠᠶᠢᠭ᠎ᠠ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠪᠠᠷᠢᠮᠵᠢᠶ᠎ᠠ᠂ ᠠᠷᠭ᠎ᠠ ᠵᠠᠮ᠂ ᠴᠠᠭ ᠬᠤᠭᠤᠴᠠᠭ᠎ᠠ ᠵᠡᠷᠭᠡ ᠪᠠᠶᠢᠩᠭᠤ ᠲᠣᠬᠢᠶᠠᠯᠳᠤᠬᠤ ᠠᠰᠠᠭᠤᠳᠠᠯ ᠤᠨ ᠲᠣᠭᠤᠷᠢᠨ ᠳᠤ ᠪᠦᠬᠦ ᠲᠠᠯ᠎ᠠ ᠪᠠᠷ ᠲᠠᠶᠢᠯᠪᠤᠷᠢᠯᠠᠨ ᠥᠭᠴᠦ ᠮᠠᠳᠠᠭ ᠲᠠᠢ ᠲᠠᠯ᠎ᠠ ᠶᠢ ᠨᠢ ᠬᠠᠷᠢᠭᠤᠯᠬᠤ ᠶᠢᠨ ᠬᠠᠮᠲᠤ ᠰᠠᠭᠤᠭᠠᠯᠢ ᠠᠷᠠᠳ ᠲᠤ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠯᠬᠤᠮ ᠳᠠᠷᠠᠭ᠎ᠠ ᠶᠢ ᠦᠵᠡᠭᠦᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ᠂ ᠭᠠᠶᠢᠯᠢ ᠶᠢᠨ ᠶᠠᠪᠤᠳᠠᠯ ᠤᠨ ᠲᠢᠩᠬᠢᠮ ᠤᠨ ᠵᠠᠮ ᠬᠤᠯᠠ᠂ ᠶᠠᠭᠠᠬᠢᠵᠤ ᠰᠦᠢᠳᠬᠡᠯ ᠲᠤᠰᠢᠶᠠᠬᠤ ᠶᠢ ᠮᠡᠳᠡᠬᠦ ᠦᠭᠡᠢ ᠵᠡᠷᠭᠡ ᠬᠦᠴᠢᠷ ᠠᠰᠠᠭᠤᠳᠠᠯ ᠢ ᠰᠢᠭᠤᠳ ᠰᠢᠢᠳᠪᠦᠷᠢᠯᠡᠪᠡ᠃ ᠠᠵᠢᠯᠲᠠᠳ ᠨᠢᠭᠡ ᠨᠢᠭᠡ ᠪᠠᠷ ᠬᠠᠪᠰᠤᠷᠤᠨ ᠵᠢᠯᠣᠭᠤᠳᠬᠤ ᠪᠠᠷ ᠳᠠᠮᠵᠢᠨ᠂ ᠰᠠᠭᠤᠭᠠᠯᠢ ᠠᠷᠠᠳ ᠤᠨ ᠰᠥᠢᠳᠭᠡᠯ ᠲᠤᠰᠢᠶᠠᠬᠤ ᠶᠢ ᠤᠷᠤᠭᠰᠢᠲᠠᠶ ᠪᠡᠶᠡᠯᠡᠭᠦᠯᠪᠡ᠂ ᠲᠡᠷᠡ ︽ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ︾ ᠨᠢ ᠦᠨᠡᠬᠡᠷ ᠳᠥᠭᠦᠮ ᠮᠥᠷᠲᠡᠭᠡᠨ ᠥᠨᠳᠥᠷ ᠪᠦᠲᠦᠮᠵᠢᠲᠡᠶ ᠶᠤᠮ ᠭᠡᠵᠦ ᠢᠯᠡᠳᠬᠡᠪᠡ᠃      ᠳᠠᠷᠠᠭᠠᠴᠢ ᠶᠢᠨ ᠠᠯᠬᠤᠮ ᠳᠤ᠂ ᠰᠢᠨ ᠶᠤᠸᠠᠨ ᠨᠡᠶᠢᠭᠡᠮ ᠲᠣᠭᠤᠷᠢᠭ ᠤᠨ ᠬᠢᠨ ᠳᠠᠭᠠᠳᠬᠠᠯ ᠳᠤ ᠣᠷᠣᠯᠴᠠᠵᠤ ᠬᠠᠪᠰᠤᠷᠤᠨ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠠᠷᠭ᠎ᠠ ᠬᠡᠯᠪᠡᠷᠢ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ᠂ ᠵᠣᠯ ᠵᠢᠷᠭᠠᠯᠲᠤ ᠲᠦᠷᠦᠭᠳᠡᠯ ᠪᠣᠯᠤᠨ ᠬᠦᠷᠲᠡᠮᠵᠢ ᠶᠢᠨ ᠲᠦᠷᠦᠭᠳᠡᠯ ᠢ ᠳᠡᠭᠡᠭᠰᠢᠯᠡᠭᠦᠯᠵᠦ᠂ ᠬᠥᠮᠦᠨ ᠪᠦᠬᠦᠨ ᠮᠡᠳᠡᠵᠦ᠂ ᠬᠥᠮᠦᠨ ᠪᠦᠬᠦᠨ ᠳᠠᠭᠠᠳᠬᠠᠯ ᠳᠤ ᠣᠷᠣᠯᠴᠠᠬᠤ ᠶᠢ ᠪᠠᠲᠤᠯᠠᠵᠤ᠂ ᠰᠠᠭᠤᠭᠠᠯᠢ ᠠᠷᠠᠳ ᠲᠤ ᠦᠨᠡᠨᠬᠦ ᠦᠢᠯᠡᠴᠢᠯᠡᠬᠦ ᠶᠢ ᠬᠡᠷᠡᠭᠵᠢᠭᠦᠯᠦᠨ᠎ᠡ᠃
 
ᠢᠷᠡᠯᠲᠡ᠄ ᠳ᠋ᠦᠩ ᠾᠧ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1