ᠳ᠋ᠦᠩ ᠾᠧ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶ ᠤᠨ ᠲᠦᠷᠦ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/12/26
     ᠨᠠᠶᠢᠷᠠᠭᠤᠯᠤᠨ ᠵᠣᠬᠢᠶᠠᠬᠤ ᠵᠣᠷᠢᠯᠭ᠎ᠠ      ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠢ ᠰᠡᠷᠭᠡᠶᠢᠯᠡᠬᠦ᠂ ᠵᠢᠯᠣᠭᠤᠳᠬᠤ᠂ ᠴᠤᠤᠷᠢᠶᠠᠳᠤᠨ ᠳᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠤᠷᠢᠳᠴᠢᠯᠠᠨ ᠰᠡᠷᠭᠡᠶᠢᠯᠡᠬᠦ ᠂ ᠤᠷᠢᠳᠴᠢᠯᠠᠨ ᠰᠡᠷᠡᠮᠵᠢᠯᠡᠭᠦᠯᠬᠦ᠂ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠴᠠᠭ ᠲᠤᠬᠠᠶ ᠳᠤᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠪᠦᠲᠦᠮᠵᠢᠲᠡᠶ ᠰᠡᠷᠭᠡᠶᠢᠯᠡᠨ ᠵᠠᠰᠠᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠨ᠎ᠠ᠃ᠲᠤᠬᠢᠷᠠᠬᠤ ᠬᠡᠪᠴᠢᠶ᠎ᠠ      ᠲᠣᠰ ᠪᠡᠯᠡᠳᠬᠡᠯ ᠲᠥᠰᠦᠯ ᠢ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠳᠤ ᠬᠡᠷᠡᠭᠯᠡᠨ᠎ᠡ᠃      ᠨᠠᠶᠢᠷᠠᠭᠤᠯᠤᠨ ᠵᠣᠬᠢᠶᠠᠬᠤ ᠦᠨᠳᠦᠰᠦᠯᠡᠯ      1. ︽ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾      2. ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ      3. ︽ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ ᠠᠵᠢᠯ ᠢ ᠲᠦᠯᠬᠢᠨ ᠠᠬᠢᠭᠤᠯᠬᠤ ᠲᠤᠬᠠᠶ ᠵᠢᠯᠣᠭᠤᠳᠬᠤ ᠰᠠᠨᠠᠯ︾(环办大气函〔2018〕875号)      4. ︽ᠬᠦᠨᠳᠦ ᠪᠣᠬᠢᠷᠲᠤᠯ ᠲᠠᠢ ᠴᠠᠭ ᠠᠭᠤᠷ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠲᠣᠭᠲᠠᠭᠠᠬᠤ ᠮᠡᠷᠭᠡᠵᠢᠯ ᠤᠨ ᠵᠦᠭᠯᠡᠭᠦᠷ ︵2020 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾(环办大气函〔2020〕340号)      5. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾      6. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 ᠣᠨ ᠤ ᠬᠡᠪᠯᠡᠯ︶      7. ︽ᠪᠤᠭᠤᠲᠤ ᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾      8. ︽ᠪᠤᠭᠤᠲᠤ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾      ᠠᠵᠢᠯ ᠤᠨ ᠵᠠᠷᠴᠢᠮ      ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠨᠢ ᠠᠷᠠᠳ ᠤᠨ ᠠᠮᠢᠳᠤᠷᠠᠯ ᠪᠠ ᠠᠮᠤᠷ ᠲᠦᠪᠰᠢᠨ ᠢ ᠪᠠᠲᠤᠯᠠᠬᠤ ᠪᠠᠷ ᠤᠷᠢᠲᠠᠯ ᠪᠣᠯᠭᠠᠵᠤ᠂ ᠬᠤᠲᠠ ᠶᠢᠨ ᠬᠡᠪ ᠤᠨ ᠠᠵᠢᠯᠯᠠᠭᠠᠨ ᠢ ᠨᠥᠯᠥᠭᠡᠯᠡᠬᠦ ᠦᠭᠡᠢ ᠰᠠᠭᠤᠷᠢᠨ ᠳᠡᠭᠡᠷ᠎ᠡ᠂ ᠲᠥᠷᠥᠯ ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠣᠯᠠᠨ ᠨᠡᠶᠢᠲᠡ ᠶᠢᠨ ᠡᠷᠡᠭᠦᠯ ᠮᠡᠨᠳᠦ ᠶᠢ ᠪᠠᠲᠤᠯᠠᠨ᠎ᠠ᠃      1. ᠬᠥᠮᠦᠨ ᠢᠶᠠᠷ ᠦᠨᠳᠦᠰᠦ ᠪᠣᠯᠭᠠᠵᠤ᠂ ᠰᠡᠷᠭᠡᠶᠢᠯᠡᠬᠦ ᠪᠠᠷ ᠭᠤᠤᠯ ᠪᠣᠯᠭᠠᠬᠤ ᠬᠡᠷᠡᠭᠲᠡᠶ᠃      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠰᠢᠵᠢᠮ ᠢ ᠪᠠᠲᠤ ᠪᠠᠬᠢ ᠪᠤᠢ ᠪᠣᠯᠭᠠᠬᠤ ᠶᠢ ᠪᠠᠷᠢᠮᠲᠠᠯᠠᠵᠤ᠂ ᠤᠯᠠᠨ ᠨᠡᠶᠢᠲᠡ ᠶᠢᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠬᠤ ᠶᠢ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠤᠨ ᠭᠠᠷᠤᠭ᠎ᠠ ᠪᠣᠯᠭᠠᠵᠤ᠂ ᠤᠷᠢᠳᠴᠢᠯᠠᠨ ᠵᠢᠱᠢᠵᠦ ᠰᠡᠷᠡᠮᠵᠢᠯᠡᠭᠦᠯᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠠᠴᠠ ᠪᠣᠯᠤᠭᠰᠠᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃      2. ᠰᠢᠨᠵᠢᠯᠡᠬᠦ ᠤᠬᠠᠭᠠᠨᠴᠢ ᠪᠠᠷ ᠰᠡᠷᠡᠮᠵᠢᠯᠡᠭᠦᠯᠵᠦ᠂ ᠴᠠᠭ ᠲᠤᠬᠠᠶ ᠳᠤᠨᠢ ᠴᠤᠤᠷᠢᠶᠠᠲᠤᠨ ᠳᠠᠭᠠᠬᠤ ᠬᠡᠷᠡᠭᠲᠡᠶ᠃      ᠪᠥᠬᠦ ᠲᠣᠭᠤᠷᠢᠭ ᠤᠨ ᠠᠭᠠᠷ ᠮᠠᠨᠳᠠᠯ ᠤᠨ ᠪᠣᠬᠢᠷᠲᠤᠯ ᠤᠨ ᠡᠬᠢ ᠶᠢ ᠬᠢᠨᠠᠨ ᠡᠵᠡᠮᠳᠡᠬᠦ ᠶᠢ ᠴᠢᠩᠭᠠᠳᠬᠠᠵᠤ᠂ ᠠᠭᠠᠷ ᠤᠨ ᠶᠠᠰᠤ ᠴᠢᠨᠠᠷ ᠪᠠ ᠴᠠᠭ ᠠᠭᠤᠷ ᠤᠨ ᠨᠥᠬᠦᠴᠡᠯ ᠤᠨ ᠡᠳᠦᠷ ᠲᠤᠲᠤᠮ ᠤᠨ ᠮᠥᠷᠳᠡᠯᠲᠡ ᠶᠢ ᠰᠠᠶᠢᠲᠤᠷ ᠬᠢᠵᠦ᠂ ᠠᠭᠠᠷ ᠤᠨ ᠶᠠᠰᠤ ᠴᠢᠨᠠᠷ ᠪᠠ ᠴᠠᠭ ᠠᠭᠤᠷ ᠤᠨ ᠨᠥᠬᠦᠴᠡᠯ ᠤᠨ ᠬᠤᠪᠢᠷᠠᠯᠲᠠ ᠶᠢᠨ ᠬᠠᠨᠳᠤᠰᠢ ᠶᠢ ᠴᠠᠭ ᠲᠤᠬᠠᠶ ᠳᠤᠨᠢ ᠣᠨᠣᠪᠴᠢᠲᠠᠶ ᠡᠵᠡᠮᠳᠡᠵᠦ᠂ ᠪᠥᠬᠦ ᠬᠤᠲᠠ ᠶᠢᠨ ᠤᠷᠢᠳᠴᠢᠯᠠᠨ ᠰᠡᠷᠡᠮᠵᠢᠯᠡᠭᠦᠯᠵᠦ ᠨᠡᠶᠢᠲᠡᠯᠡᠬᠦ᠂ ᠬᠦᠴᠦᠨ ᠥᠬᠡᠶ ᠪᠣᠯᠭᠠᠭᠰᠠᠨ ᠪᠠᠶᠢᠳᠠᠯ ᠢ ᠠᠩᠬᠠᠷᠴᠤ᠂ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠳᠠᠭᠠᠵᠤ ᠬᠢᠬᠦ ᠰᠢᠰᠲ᠋ᠧᠮ ᠢ ᠲᠡᠭᠦᠯᠳᠡᠷᠵᠢᠭᠦᠯᠦᠨ᠂ ᠬᠦᠨᠳᠦ ᠪᠣᠬᠢᠷᠲᠤᠯ ᠲᠠᠢ ᠴᠠᠭ ᠠᠭᠤᠷ ᠢ ᠰᠢᠨᠵᠢᠯᠡᠬᠦ ᠤᠬᠠᠭᠠᠨᠴᠢ ᠪᠠᠷ ᠤᠷᠢᠳᠴᠢᠯᠠᠨ ᠰᠡᠷᠡᠮᠵᠢᠯᠡᠭᠦᠯᠬᠦ ᠶᠢᠨ ᠬᠠᠮᠲᠤ ᠴᠠᠭ ᠲᠤᠬᠠᠶ ᠳᠤᠨᠢ ᠪᠦᠲᠦᠮᠵᠢᠲᠡᠶ ᠠᠷᠭᠠᠴᠠᠭᠠᠨ᠎ᠠ᠃      3. ᠱᠠᠲᠤ ᠬᠤᠪᠢᠶᠠᠨ ᠬᠠᠮᠢᠶᠠᠷᠤᠨ ᠡᠵᠡᠮᠳᠡᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠨᠠᠷᠢᠯᠢᠭ ᠣᠨᠣᠴᠠᠲᠠᠶ ᠪᠠᠷ ᠪᠠᠭᠠᠰᠬᠠᠨ᠎ᠠ᠃      ᠵᠠᠰᠠᠬᠤ ᠬᠢᠷᠢ ᠬᠡᠮᠵᠢᠶ᠎ᠡ ᠨᠢ ᠳᠣᠤᠷ᠎ᠠ᠂ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠪᠠᠷ ᠶᠡᠭᠡ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠡᠩ ᠲᠡᠷᠢᠭᠦᠨ ᠳᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ ᠲᠤᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠡᠷᠡᠭᠴᠡᠭᠡ ᠪᠠᠨ ᠦᠨᠳᠦᠰᠦᠯᠡᠨ ᠪᠤᠰᠤᠳ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ ᠠᠵᠤ ᠠᠬᠤᠶᠢᠯᠠᠯ ᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠴᠤ ᠪᠠᠶᠢᠭᠠᠳ ᠭᠦᠨᠵᠡᠭᠡᠶ ᠵᠠᠰᠠᠬᠤ ᠪᠠ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠥᠷᠨᠢᠭᠦᠯᠬᠦ ᠬᠡᠷᠡᠭᠲᠡᠶ᠃ ᠰᠢᠨ᠎ᠡ ᠪᠠᠷ ᠪᠤᠶ ᠪᠣᠯᠤᠭᠰᠠᠨ ᠠᠵᠤ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠵᠤ ᠦᠢᠯᠡᠰ᠂ ᠭᠤᠤᠯᠳᠠᠯᠭ᠎ᠠ ᠲᠠᠢ ᠢᠨᠵᠧᠨᠧᠷᠢᠩ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠠᠵᠤ ᠠᠬᠤᠶᠢᠯᠠᠯ ᠳᠤ ᠪᠣᠳᠠᠲᠤ ᠪᠠᠶᠢᠳᠠᠯ ᠢᠶᠠᠨ ᠦᠨᠳᠦᠰᠦᠯᠡᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠠᠪᠴᠤ᠂ ᠬᠡᠪ ᠤᠨ ᠦᠢᠯᠡᠳᠪᠦᠷᠢᠯᠡᠯ ᠠᠮᠢᠳᠤᠷᠠᠯ ᠳᠤ ᠨᠥᠯᠥᠭᠡ ᠲᠠᠢ ᠪᠣᠯᠬᠤ ᠠᠴᠠ ᠠᠯᠢ ᠪᠣᠯᠬᠤᠶᠢᠴᠠ ᠵᠠᠶᠢᠯᠠᠰᠬᠢᠯᠭᠡᠬᠦ ᠬᠡᠷᠡᠭᠲᠡᠶ᠃      4. ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ᠂ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠬᠤ ᠬᠡᠷᠡᠭᠲᠡᠶ      ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠨ᠂ ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠤᠰ ᠲᠤᠰ ᠤᠨ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃    
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1