ᠪᠤᠭᠤᠲᠤ ᠣᠷᠣᠨ ᠤ ︽ᠭᠤᠷᠪᠠᠨ ᠭᠠᠵᠠᠷ ᠣᠷᠣᠨ ᠳᠥᠷᠪᠡᠨ ᠰᠤᠷᠭᠠᠭᠤᠯᠢ︾ ᠶᠢᠨ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠨ ᠬᠠᠮᠲᠤ ᠪᠠᠷ ᠪᠠᠶᠢᠭᠤᠯᠬᠤ ᠬᠤᠯᠪᠣᠭ᠎ᠠ ᠶᠢᠨ ᠭᠡᠷ᠎ᠡ ᠲᠣᠭᠲᠠᠵᠤ ᠫᠠᠶᠢᠰᠠ ᠰᠡᠬᠦᠬᠦ ᠶᠣᠰᠣᠯᠠᠯ ᠳ᠋ᠦᠩ ᠾᠧ ᠲᠣᠭᠤᠷᠢᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2024/12/27
     12 ᠰᠠᠷ᠎ᠠ ᠶᠢᠨ 10 ᠤ ᠡᠳᠦᠷ᠂ ᠪᠤᠭᠤᠲᠤ ᠣᠷᠣᠨ ᠤ ︽ᠭᠤᠷᠪᠠᠨ ᠭᠠᠵᠠᠷ ᠣᠷᠣᠨ ᠤ ᠳᠥᠷᠪᠡᠨ ᠰᠤᠷᠭᠠᠭᠤᠯᠢ︾ ᠶᠢᠨ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠨ ᠬᠠᠮᠲᠤ ᠪᠠᠷ ᠪᠠᠶᠢᠭᠤᠯᠬᠤ ᠬᠤᠯᠪᠣᠭ᠎ᠠ ᠶᠢᠨ ᠭᠡᠷ᠎ᠡ ᠲᠣᠭᠲᠠᠵᠤ ᠫᠠᠶᠢᠰᠠ ᠰᠡᠬᠦᠬᠦ ᠶᠣᠰᠣᠯᠠᠯ ᠳ᠋ᠦᠩ ᠾᠧ ᠲᠣᠭᠤᠷᠢᠭ ᠲᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠳ᠋ᠦᠩ ᠰᠢᠨ ᠶᠤᠸᠠᠢ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃ ᠪᠤᠭᠤᠲᠤ ᠶᠢᠨ ᠬᠥᠩᠭᠡᠨᠴᠠᠭᠠᠨ ᠤ ᠦᠢᠯᠡᠰ ᠤᠨ ᠨᠠᠮ ᠤᠨ ᠬᠤᠷᠢᠶ᠎ᠠ ᠶᠢᠨ ᠱᠦᠵᠢ᠂ ᠭᠦᠢᠴᠡᠳᠬᠡᠬᠦ ᠬᠡᠷᠡᠭ ᠮᠡᠳᠡᠭᠴᠢ ᠵᠠᠩ ᠷᠦᠢ ᠵᠦᠩ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠬᠠᠨ ᠶᠦᠩ ᠴᠢᠤᠸᠠᠨ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠳ᠋ᠦᠩ ᠾᠧ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠸᠠᠩ ᠷᠦᠢ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠪᠤᠭᠤᠲᠤ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠪᠠᠶᠢᠩᠭᠤ ᠶᠢᠨ ᠳᠡᠳ᠋ ᠵᠠᠬᠢᠷᠤᠯ ᠬᠤᠸᠠᠩ ᠮᠢᠨ ᠶᠣᠰᠣᠯᠠᠯ ᠢ ᠡᠷᠬᠢᠯᠡᠪᠡ᠃      ᠵᠠᠩ ᠷᠦᠢ ᠵᠥᠩ ᠬᠡᠯᠡᠬᠦ ᠳᠡᠭᠡᠨ᠂ ᠲᠣᠰ ᠤᠳᠠᠭᠠᠨ ᠤ ᠬᠠᠮᠲᠤᠷᠠᠯᠴᠠᠭ᠎ᠠ ᠶᠢ ᠬᠠᠮᠲᠤ ᠪᠠᠷ ᠪᠥᠲᠥᠭᠡᠨ ᠪᠠᠶᠢᠭᠤᠯᠬᠤ ᠬᠤᠯᠪᠣᠭ᠎ᠠ ᠨᠢ ᠪᠤᠭᠤᠲᠤ ᠶᠢᠨ ᠬᠥᠩᠭᠡᠨ ᠴᠠᠭᠠᠨ ᠤ ᠭᠤᠷᠪᠠᠳᠤᠭᠠᠷ ᠤᠳᠠᠭᠠᠨ ᠤ ᠦᠢᠯᠡᠰ ᠴᠣᠭᠴᠠᠯᠠᠬᠤ ᠳᠤ ᠬᠦᠴᠦᠨ ᠲᠡᠭᠦᠯᠳᠡᠷ ᠴᠢᠳᠠᠪᠤᠷᠢᠲᠠᠨ ᠤ ᠪᠠᠲᠤᠯᠠᠭ᠎ᠠ ᠬᠠᠩᠭᠠᠵᠤ᠂ ᠪᠤᠭᠤᠲᠤ ᠶᠢᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠬᠥᠩᠭᠡᠨ ᠴᠠᠭᠠᠨ ᠤ ᠠᠵᠤ ᠦᠢᠯᠡᠰ ᠤᠨ ᠰᠠᠭᠤᠷᠢᠨ ᠭᠠᠵᠠᠷ ᠲᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ ᠭᠡᠵᠡᠶ᠃ ᠪᠤᠭᠤᠲᠤ ᠶᠢᠨ ᠬᠥᠩᠭᠡᠨᠴᠠᠭᠠᠨ ᠨᠢ ᠢᠳᠡᠪᠬᠢᠲᠡᠢ ᠨᠡᠭᠡᠭᠡᠯᠲᠡᠲᠦ ᠳᠦᠷᠢ ᠲᠥᠷᠬᠦ ᠪᠠᠷ ᠬᠤᠯᠪᠣᠭ᠎ᠠ ᠪᠠᠶᠢᠭᠤᠯᠤᠨ ᠬᠠᠮᠲᠤᠷᠠᠯᠴᠠᠵᠤ᠂ ᠨᠠᠷᠢᠨ ᠨᠢᠮᠪᠠᠢ ᠲᠠᠪᠴᠠᠩ ᠪᠠᠶᠢᠭᠤᠯᠤᠨ ᠵᠠᠮ ᠳᠡᠪᠢᠰᠴᠦ᠂ ᠬᠤᠯᠪᠣᠭ᠎ᠠ ᠠᠪᠬᠤ ᠲᠣᠭᠲᠠᠴᠠ ᠶᠢ ᠲᠡᠭᠦᠯᠳᠡᠷᠵᠢᠭᠦᠯᠵᠦ᠂ ᠬᠤᠯᠪᠣᠭ᠎ᠠ ᠶᠢᠨ ᠦᠷ᠎ᠡ ᠪᠦᠲᠦᠭᠡᠯ ᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ ᠬᠤᠪᠢᠷᠠᠭᠤᠯᠬᠤ ᠶᠢ ᠠᠬᠢᠭᠤᠯᠵᠤ᠂ ᠬᠠᠮᠲᠤᠷᠠᠯᠴᠠᠵᠤ ᠬᠠᠮᠲᠤ ᠪᠠᠷ ᠪᠠᠶᠢᠭᠤᠯᠬᠤ ᠬᠤᠯᠪᠣᠭ᠎ᠠ ᠶᠢ ᠨᠠᠮ ᠤᠨ ᠰᠤᠷᠭᠠᠭᠤᠯᠢ ᠶᠢᠨ ᠬᠥᠮᠦᠨ ᠬᠥᠮᠦᠵᠢᠭᠦᠯᠬᠦ ︽ᠵᠢᠱᠢᠶ᠎ᠡ ᠦᠵᠡᠭᠦᠯᠬᠦ ᠲᠠᠷᠢᠶ᠎ᠠ︾᠂ ᠠᠵᠤ ᠠᠬᠤᠶᠢᠯᠠᠯ ᠪᠠ ᠣᠷᠣᠨ ᠨᠤᠲᠤᠭ ᠤᠨ ᠬᠠᠮᠲᠤᠷᠠᠯᠴᠠᠭᠠᠨ ᠤ ︽ᠦᠯᠢᠭᠡᠷ ᠳᠠᠭᠤᠷᠢᠶᠠᠯ ᠤᠨ ᠲᠠᠰᠤᠭ︾ ᠪᠣᠯᠭᠠᠨ ᠪᠠᠶᠢᠭᠤᠯᠬᠤ ᠪᠠᠷ ᠴᠢᠷᠮᠠᠶᠢᠵᠤ᠂ ᠪᠤᠭᠤᠲᠤ ᠶᠢᠨ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠰᠢᠨ᠎ᠡ ᠵᠠᠮ ᠢᠶᠠᠷ ᠲᠦᠷᠭᠡᠨ ᠵᠠᠮᠨᠠᠬᠤ ᠳᠤ ᠪᠠᠶᠢᠪᠠᠰᠤ ᠵᠣᠬᠢᠬᠤ ᠡᠭᠦᠷᠭᠡᠯᠡᠯ ᠢᠶᠠᠨ ᠢᠯᠡᠷᠡᠭᠦᠯᠦᠨ᠎ᠡ᠃      ᠬᠠᠨ ᠶᠦᠩ ᠴᠢᠤᠸᠠᠨ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠲᠤᠰ ᠤᠳᠠᠭ᠎ᠠ ᠶᠢᠨ ᠬᠤᠯᠪᠣᠭ᠎ᠠ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠠᠵᠤ ᠠᠬᠤᠢ ᠪᠣᠯᠤᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠤᠷᠢᠳ ᠢᠶᠠᠷ ᠬᠡᠷᠡᠭᠵᠢᠭᠦᠯᠵᠦ ᠵᠢᠱᠢᠶ᠎ᠡ ᠦᠵᠡᠭᠦᠯᠬᠦ ᠪᠠᠷ ᠪᠤᠭᠤᠲᠤ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ᠂ ᠳ᠋ᠦᠩ ᠾᠧ ᠲᠣᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ᠂ ᠪᠤᠭᠤᠲᠤ ᠶᠢᠨ ᠬᠦᠩᠭᠡᠨ ᠴᠠᠭᠠᠨ ᠤ ᠨᠠᠮ ᠤᠨ ᠰᠤᠷᠭᠠᠭᠤᠯᠢ ᠯᠤᠭ᠎ᠠ ᠤᠬ ᠰᠠᠨᠠᠭ᠎ᠠ ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠳᠠᠪᠠᠭᠤᠯᠢᠭ ᠢᠶᠠᠨ ᠪᠠᠳᠠᠷᠠᠭᠤᠯᠵᠤ᠂ ᠭᠠᠷ ᠬᠤᠯᠪᠣᠯᠴᠠᠨ ᠵᠡᠷᠭᠡᠪᠡᠷ ᠤᠷᠤᠭᠰᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ᠂ ᠪᠤᠭᠤᠲᠤ ᠬᠤᠳᠠ ᠶᠢᠨ ᠪᠦᠬᠦ ᠤᠯᠤᠰ ᠤᠨ ᠵᠠᠭᠤᠨ ᠬᠦᠴᠦᠷᠬᠡᠭ ᠬᠤᠳᠠ ᠶᠢᠨ ᠳᠤᠮᠳᠠ ᠲᠠᠰᠤᠷᠠᠯᠳᠠ ᠦᠭᠡᠢ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠡᠷᠲᠡᠬᠡᠨ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠬᠦᠷᠴᠦ᠂ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠨ᠎ᠠ ᠭᠡᠪᠡ᠃       ᠸᠠᠩ ᠷᠦᠢ ᠪᠤᠭᠤᠲᠤ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ᠂ ᠪᠤᠭᠤᠲᠤ ᠶᠢᠨ ᠬᠦᠩᠭᠡᠨ ᠴᠠᠭᠠᠨ ᠤ ᠦᠢᠯᠡᠰ ᠢ ᠶᠡᠬᠡᠪᠡᠷ ᠳᠡᠮᠵᠢᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠡᠨᠡ ᠤᠳᠠᠭ᠎ᠠ ᠶᠢᠨ ᠬᠠᠮᠲᠤᠷᠠᠯᠴᠠᠭᠠᠨ ᠤ ᠬᠤᠯᠪᠣᠭ᠎ᠠ ᠶᠢ ᠬᠠᠮᠲᠤ ᠪᠠᠷ ᠪᠠᠶᠢᠭᠤᠯᠬᠤ ᠪᠣᠯ ᠪᠢᠳᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ︽ᠨᠠᠮ ᠤᠨ ᠲᠥᠯᠥᠭᠡ ᠴᠢᠳᠠᠪᠤᠷᠢᠲᠠᠨ ᠢ ᠬᠥᠮᠦᠵᠢᠭᠦᠯᠵᠦ᠂ ᠨᠠᠮ ᠤᠨ ᠲᠥᠯᠥᠭᠡ ᠠᠷᠭ᠎ᠠ ᠤᠬᠠᠭᠠᠨ ᠭᠠᠷᠭᠠᠬᠤ︾ ᠤᠭ ᠰᠠᠨᠠᠭᠠᠨ ᠤ ᠠᠮᠢᠳᠤᠯᠢᠭ ᠦᠢᠯᠡᠳᠦᠯᠭᠡ ᠪᠣᠯᠬᠤ ᠪᠠᠷ ᠪᠠᠷᠠᠬᠤ ᠦᠭᠡᠢ᠂ ᠪᠠᠰᠠ ᠴᠤ ︽ᠲᠠᠶᠢᠯᠪᠦᠷᠢᠯᠠᠬᠤ ᠰᠡᠳᠬᠢᠬᠦᠢ︾ ᠪᠠᠷ ᠪᠣᠭᠤᠮᠲᠠ ᠰᠢᠪᠲᠤᠯᠬᠤ᠂ ᠰᠤᠷᠭᠠᠭᠤᠯᠢ ᠡᠷᠬᠢᠯᠡᠬᠦ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠠᠵᠢᠯᠯᠠᠭ᠎ᠠ ᠪᠣᠯᠤᠨ᠎ᠠ᠃ ᠬᠤᠯᠪᠤᠭᠠᠯᠠᠯ ᠪᠤᠯᠤᠨ ᠬᠤᠷᠠᠮᠠᠯ ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠵᠤ᠂᠂ ᠰᠤᠷᠭᠠᠭᠤᠯᠢ ᠶᠢ ᠬᠠᠮᠲᠤ ᠪᠠᠷ ᠪᠠᠶᠢᠭᠤᠯᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠢᠴᠢᠶᠡᠯ ᠢ ᠠᠳᠠᠯᠢ ᠪᠠᠶᠢᠯᠭᠠᠬᠤ᠂ ᠰᠡᠳᠦᠪ ᠢ ᠬᠠᠮᠲᠤ ᠪᠠᠷ ᠰᠤᠳᠤᠯᠬᠤ ᠶᠢ ᠭᠦᠨᠵᠡᠭᠡᠢ ᠠᠬᠢᠭᠤᠯᠵᠤ᠂ ᠬᠦᠩᠭᠡᠨᠴᠠᠭᠠᠨ ᠤ ᠠᠵᠤ ᠦᠢᠯᠡᠰ ᠤᠨ ᠳᠡᠭᠡᠳᠦ ᠲᠡᠰᠵᠢᠭᠰᠡᠨ ᠤᠶᠤᠨᠴᠢᠯᠠᠭᠰᠠᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠤᠨᠤᠯ ᠤᠨ ᠦᠨᠳᠦᠷᠴᠡ ᠲᠠᠢ᠂ ᠪᠣᠳᠠᠲᠠᠢ ᠭᠦᠨᠴᠡ ᠲᠠᠢ᠂ ᠬᠤᠯᠪᠣᠭᠠᠨ ᠤ ᠢᠯᠡᠳᠬᠡᠮᠵᠢ ᠳᠡᠮᠳᠡᠭ ᠪᠦᠬᠦᠢ ᠨᠡᠩ ᠤᠯᠠᠨ ᠰᠤᠳᠤᠯᠭᠠᠨ ᠤ ᠦᠷ᠎ᠡ ᠪᠦᠲᠦᠭᠡᠯ ᠢ ᠬᠦᠴᠦᠯᠡᠨ ᠭᠠᠷᠭᠠᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠥᠪᠯᠡᠯᠭᠡ ᠥᠭᠬᠦ᠂ ᠺᠠᠳ᠋ᠷ ᠤᠨ ᠪᠣᠯᠪᠠᠰᠤᠷᠠᠯ ᠵᠡᠷᠭᠡ ᠲᠠᠯ᠎ᠠ ᠶᠢᠨ ᠠᠰᠠᠭᠤᠳᠠᠯ ᠢ ᠥᠷᠭᠡᠨ ᠢᠶᠠᠷ ᠰᠢᠢᠳᠪᠦᠷᠢᠯᠡᠵᠦ᠂ ᠬᠠᠮᠲᠤᠷᠠᠯᠴᠠᠵᠤ ᠬᠠᠮᠲᠤ ᠪᠠᠷ ᠪᠠᠶᠢᠭᠤᠯᠬᠤ ᠡᠯ᠎ᠡ ᠵᠦᠢᠯ ᠤᠨ ᠠᠵᠢᠯ ᠳᠤ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠵᠤ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠬᠦ ᠪᠣᠳᠠᠲᠤ ᠠᠵᠢᠯᠯᠠᠭ᠎ᠠ ᠪᠠᠷ ᠢᠶᠠᠨ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠬᠡᠷᠡᠭᠲᠡᠢ᠃      ᠳᠠᠷᠠᠭ᠎ᠠ ᠨᠢ᠂ ︽ᠭᠤᠷᠪᠠᠨ ᠭᠠᠵᠠᠷ ᠣᠷᠣᠨ ᠤ ᠳᠥᠷᠪᠡᠨ ᠰᠤᠷᠭᠠᠭᠤᠯᠢ︾ ᠬᠤᠯᠪᠣᠭᠠᠨ ᠤ ᠭᠡᠷ᠎ᠡ ᠲᠣᠭᠲᠠᠬᠤ ᠶᠢ ᠪᠡᠶᠡᠯᠡᠭᠦᠯᠵᠦ᠂ ᠳ᠋ᠦᠩ ᠰᠢᠨ ᠶᠤᠸᠠᠢ ᠵᠠᠩ ᠷᠦᠢ ᠵᠦᠩ ᠲᠠᠢ ᠬᠠᠮᠲᠤ ᠪᠠᠷ ᠬᠥᠩᠭᠡᠨ ᠴᠠᠭᠠᠨ ᠤ ᠠᠵᠤ ᠦᠢᠯᠡᠰ ᠤᠨ ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ ᠤᠨ ᠫᠠᠶᠢᠰᠠ ᠶᠢ ᠰᠡᠬᠦᠪᠡ᠃ ᠭᠠᠷ ᠤᠨ ᠦᠰᠦᠭ ᠵᠢᠷᠤᠬᠤ ᠶᠤᠰᠤᠯᠠᠯ ᠤᠨ ᠳᠠᠷᠠᠭ᠎ᠠ᠂ ᠬᠦᠮᠦᠰ ᠪᠤᠭᠤᠲᠦ ᠶᠢᠨ ᠬᠦᠩᠬᠡᠨᠴᠠᠭᠠᠨ ᠤ ᠦᠵᠡᠬᠦᠯᠦᠯᠭᠡ ᠶᠢᠨ ᠲᠢᠩᠬᠢᠮ ᠪᠠ ᠪᠢᠳᠡᠬᠦᠮᠵᠢᠯᠡᠭᠰᠡᠨ ᠪᠤᠯᠪᠠᠰᠤᠷᠠᠯ ᠤᠨ ᠰᠠᠭᠤᠷᠢᠨ ᠭᠠᠵᠠᠷ ᠢᠶᠠᠷ ᠲᠤᠭᠤᠷᠢᠨ ᠦᠵᠡᠪᠡ      ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠲᠢᠶᠠᠨ ᠯᠢ ᡁᠢ᠂ ᠪᠤᠭᠤᠲᠤ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠰᠢᠶᠠ ᠺᠠᠩ ᠸᠧᠢ᠂ ᠳ᠋ᠦᠩ ᠱᠤᠤ ᠵᠢᠶᠧ᠂ ᠳ᠋ᠦᠩ ᠾᠧ ᠲᠣᠭᠤᠷᠢᠭ ᠤᠨ ᠤᠳᠤᠷᠢᠳᠤᠯᠭ᠎ᠠ ᠸᠠᠩ ᠭᠠᠩ᠂ ᠶᠠᠩ ᠵᠢᠶᠠᠨ ᠵᠢᠶᠦ᠋ᠨ ᠵᠢᠴᠢ ᠬᠠᠮᠲᠤᠷᠠᠯᠴᠠᠭᠠᠨ ᠤ ᠬᠤᠯᠪᠣᠭ᠎ᠠ ᠶᠢᠨ ᠨᠢᠭᠡᠴᠡ ᠶᠢᠨ ᠡᠯ᠎ᠡ ᠪᠦᠷᠢᠯᠳᠦᠬᠦᠨ᠂ ᠬᠡᠰᠡᠭ ᠬᠤᠳᠠ᠂ ᠰᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠶᠢᠨ ᠲᠥᠯᠥᠭᠡᠯᠡᠭᠴᠢ ᠶᠣᠰᠣᠯᠠᠯ ᠳᠤ ᠣᠷᠣᠯᠴᠠᠪᠠ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1