ᠵᠢᠯᠤᠭᠤᠳᠬᠤ ᠶᠢ ᠵᠦᠪᠰᠢᠶᠡᠷᠡᠬᠦ ᠨᠠᠰᠤ ᠶᠢ 63 ᠪᠤᠯᠭᠠᠨ ᠤᠷᠳᠤᠳᠬᠠᠪᠠ
ᠨᠡᠶᠢᠲᠡᠯᠡᠭᠰᠡᠨ ᠴᠠᠭ᠄
2024/12/30
   ᠱᠢᠨᠬᠤᠸᠠ ᠰᠦᠯᠵᠢᠶᠡᠨ ᠤ 28 ᠤ ᠡᠳᠦᠷ ᠤᠨ ᠮᠡᠳᠡᠭᠡ᠂ ᠳᠣᠲᠣᠭᠠᠳᠤ ᠶᠢ ᠬᠠᠮᠠᠭᠠᠯᠠᠬᠤ ᠶᠠᠮᠤᠨ  ᠤᠶᠢᠷ᠎ᠠ‌‍ᠳᠤ  ᠰᠢᠨ᠎ᠡ ᠪᠠᠷ ᠵᠠᠰᠠᠪᠤᠷᠢ ᠣᠷᠣᠭᠤᠯᠤᠭᠰᠠᠨ ︽ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ ᠭᠤᠶᠤᠴᠢᠯᠠᠨ ᠠᠪᠬᠤ ᠪᠠ ᠬᠡᠷᠡᠭᠯᠡᠬᠦ ᠲᠣᠭᠲᠠᠭᠠᠯ︾ ᠢ  ᠨᠡᠶᠢᠲᠡᠯᠡᠵᠦ᠂ ᠠᠶᠠᠨᠴᠢᠳ ᠪᠠ ᠪᠠᠷᠠᠭᠠᠨ ᠤ ᠲᠡᠷᠭᠡᠨ ᠤ ᠵᠢᠯᠣᠭᠤᠴᠢ ᠶᠢᠨ ᠦᠨᠡᠮᠯᠡᠯ ᠭᠤᠶᠤᠴᠢᠯᠠᠬᠤ ᠨᠠᠰᠤᠨ ᠤ ᠳᠡᠭᠡᠳᠦ ᠬᠢᠵᠠᠭᠠᠷ ᠢ ᠪᠦᠬᠦᠯᠢ 60 ᠨᠠᠰᠤ ᠪᠠᠢᠭᠰᠠᠨ ᠠᠴᠠ ᠪᠠᠨ 63 ᠪᠦᠬᠦᠯᠢ ᠨᠠᠰᠤ ᠬᠦᠷᠲᠡᠯ᠎ᠡ ᠤᠷᠲᠤᠳᠭᠠᠵᠤ᠂ ᠲᠣᠮᠣ ᠳᠤᠮᠳᠠ ᠬᠡᠯᠪᠡᠷᠢ ᠶᠢᠨ ᠠᠶᠠᠨᠴᠢᠳ ᠪᠠ ᠪᠠᠷᠠᠭᠠᠨ ᠤ ᠲᠡᠷᠭᠡ ᠶᠢᠨ ᠵᠢᠯᠣᠭᠤᠳᠬᠤ ᠶᠢ  ᠵᠦᠪᠰᠢᠶᠡᠷᠡᠬᠦ ᠨᠠᠰᠤᠨ ᠤ ᠳᠡᠭᠡᠳᠦ ᠬᠢᠵᠠᠭᠠᠷ ᠢ ᠪᠦᠬᠦᠯᠢ 60 ᠨᠠᠰᠤ  ᠪᠠᠶᠢᠭᠰᠠᠨ ᠠᠴᠠ ᠪᠠᠨ 63 ᠪᠦᠬᠦᠯᠢ ᠨᠠᠰᠤ ᠬᠦᠷᠲᠡᠯ᠎ᠡ  ᠤᠷᠲᠤᠳᠬᠠᠪᠠ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠮᠠᠰᠢᠨᠲᠤ ᠲᠡᠷᠭᠡᠨ ᠤ ᠵᠢᠯᠣᠭᠤᠴᠢ ᠶᠢᠨ ᠦᠨᠡᠮᠯᠡᠯ ᠭᠤᠶᠤᠴᠢᠯᠠᠨ ᠠᠪᠬᠤ ᠪᠠ ᠬᠡᠷᠡᠭᠯᠡᠬᠦ ᠲᠣᠭᠲᠠᠭᠠᠯ︾ ᠢ 2025 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1