ᠵᠠᠮ ᠤᠨ ᠬᠠᠵᠠᠭᠤ ᠪᠠᠷ ᠲᠡᠷᠭᠡ ᠤᠬᠢᠶᠠᠵᠤ ᠪᠠᠶᠢᠬᠤ ᠨᠢ ᠬᠤᠳᠠ ᠶᠢᠨ ᠦᠵᠡᠮᠵᠢ ᠶᠢᠨ ᠣᠷᠴᠢᠨ ᠲᠣᠭᠤᠷᠢᠨ ᠢ | ᠨᠥᠯᠥᠭᠡᠯᠡᠬᠦ ᠪᠠᠷ ᠪᠠᠷᠠᠬᠤ ᠦᠭᠡᠢ ᠪᠠᠰᠠ ᠵᠠᠮ ᠬᠠᠷᠢᠯᠴᠠᠭᠠᠨ ᠤ ᠠᠮᠤᠷ ᠲᠦᠪᠰᠢᠨ ᠢ ᠨᠥᠯᠥᠭᠡᠯᠡᠪᠡ᠂ ᠡᠭᠦᠨ ᠤ ᠲᠤᠬᠠᠢ | ᠳ᠋ᠦᠩ ᠾᠧ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ | ᠲᠦᠷᠭᠡᠨ ᠲᠤᠰᠬᠠᠯ ᠭᠠᠷᠭᠠᠵᠤ᠂ ᠦᠳᠲᠡᠷ ᠲᠦᠷᠭᠡᠨ ᠳᠠᠭᠠᠷᠢᠯᠲᠠ ᠬᠢᠵᠦ᠂ ᠲᠥᠪᠯᠡᠷᠡᠭᠦᠯᠦᠨ ᠲᠤᠰᠬᠠᠢ ᠴᠡᠭᠴᠡᠯᠡᠨ | ᠵᠠᠰᠠᠬᠤ ᠠᠵᠢᠯᠯᠠᠭ᠎ᠠ ᠥᠷᠨᠢᠭᠦᠯᠵᠡᠢ᠃ | ᠠᠵᠢᠯᠯᠠᠭ᠎ᠠ ᠡᠬᠢᠯᠡᠭᠰᠡᠨ ᠤ ᠳᠠᠷᠠᠭ᠎ᠠ᠂ ᠡᠯ᠎ᠡ ᠬᠠᠤᠯᠢ ᠬᠡᠷᠡᠭᠵᠢᠭᠦᠯᠬᠦ ᠳᠤᠮᠳᠠ ᠠᠩᠭᠢ ᠬᠠᠷᠢᠶᠠᠲᠤ ᠣᠷᠣᠨ ᠤ | ᠵᠠᠮ ᠡᠵᠡᠯᠡᠨ ᠲᠡᠷᠭᠡ ᠤᠬᠢᠶᠠᠵᠤ ᠪᠠᠶᠢᠭ᠎ᠠ ᠪᠠᠶᠢᠳᠠᠯ ᠢ ᠲᠣᠤᠷ ᠲᠠᠲᠠᠬᠤ ᠬᠡᠯᠪᠡᠷᠢ ᠪᠠᠷ ᠵᠢᠭᠰᠠᠭᠠᠨ ᠪᠠᠶᠢᠴᠠᠭᠠᠵᠤ᠂ | ᠵᠠᠮ ᠢ ᠡᠵᠡᠯᠡᠵᠦ ᠲᠡᠷᠭᠡ ᠤᠬᠢᠶᠠᠵᠤ ᠪᠠᠶᠢᠭ᠎ᠠ ᠠᠰᠠᠭᠤᠳᠠᠯ ᠨᠡᠯᠢᠶᠡᠳ ᠬᠦᠨᠳᠦ ᠨᠣᠴᠢᠲᠠᠶ ᠥᠷᠲᠡᠭᠡ ᠶᠢᠨ ᠬᠤᠶᠢᠲᠤ | ᠵᠠᠮ ᠤᠨ ᠪᠠᠷᠠᠭᠤᠨ ᠬᠡᠰᠡᠭ᠂ ᠴᠢᠩᠱᠠᠨ ᠵᠠᠮ᠂ ᠳᠣᠲᠣᠭᠠᠳᠤ ᠲᠣᠭᠤᠷᠢᠯ ᠵᠠᠮ᠂ ᠹᠦ᠋ ᠰᠢᠩ ᠶᠡᠭᠡ ᠵᠡᠭᠡᠯᠢ ᠵᠡᠷᠭᠡ | ᠵᠠᠮ ᠤᠨ ᠬᠠᠵᠠᠭᠤ ᠪᠠᠷ ᠲᠡᠷᠭᠡ ᠤᠬᠢᠶᠠᠵᠤ ᠪᠠᠶᠢᠭ᠎ᠠ ᠭᠠᠵᠠᠷ ᠣᠷᠣᠨ ᠳᠤ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠨ | ᠵᠠᠰᠠᠯᠲᠠ ᠬᠢᠵᠦ᠂ ᠵᠠᠮ ᠤᠨ ᠬᠠᠵᠠᠭᠤ ᠪᠠᠷ ᠲᠡᠷᠭᠡ ᠤᠬᠢᠶᠠᠵᠤ ᠪᠠᠶᠢᠭ᠎ᠠ ᠡᠵᠡᠩᠨᠡᠭᠴᠢ ᠳᠤ ᠬᠢᠨᠠᠯᠲᠠ ᠬᠠᠮᠢᠶᠠᠷᠤᠯᠲᠠ ᠪᠠᠨ | ᠴᠢᠩᠭᠠᠷᠠᠭᠤᠯᠪᠠ᠃ | ᠬᠠᠤᠯᠢ ᠬᠡᠷᠡᠭᠵᠢᠭᠦᠯᠬᠦ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠳ ᠤᠬᠠᠭᠤᠯᠭ᠎ᠠ ᠬᠥᠮᠦᠵᠢᠯ ᠢ | ᠤᠶᠠᠯᠳᠤᠭᠤᠯᠬᠤ ᠠᠷᠭ᠎ᠠ ᠮᠠᠶ᠋ᠢᠭ ᠢ ᠵᠡᠷᠭᠡᠪᠡᠷ ᠠᠪᠴᠤ᠂ ᠡᠵᠡᠩᠨᠡᠭᠴᠢᠳ ᠲᠤ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠢ ᠤᠬᠠᠭᠤᠯᠵᠤ᠂ ᠲᠤᠬᠠᠢ ᠶᠢᠨ ᠬᠥᠮᠦᠨ ᠢ ᠰᠢᠮᠳᠠᠭᠤᠯᠵᠤ ᠪᠠᠶᠢᠭᠠᠳ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠨᠢ ᠵᠠᠯᠠᠷᠠᠭᠤᠯᠪᠠ᠃ ᠣᠳᠣᠬᠠᠨ ᠪᠣᠯᠲᠠᠯ᠎ᠠ᠂ ᠬᠠᠤᠯᠢ ᠬᠡᠷᠡᠭᠵᠢᠭᠦᠯᠬᠦ ᠠᠩᠭᠢ ᠶᠢᠨ 40 ᠭᠠᠷᠤᠶ | ᠬᠥᠮᠦᠨ ᠢ ᠬᠥᠳᠡᠯᠭᠡᠵᠦ᠂ ᠵᠠᠮ ᠡᠵᠡᠯᠡᠵᠦ ᠲᠡᠷᠭᠡ ᠤᠬᠢᠶᠠᠬᠤ ᠶᠢ ᠨᠡᠶᠢᠲᠡ 70 ᠭᠠᠷᠤᠶ ᠴᠡᠪᠡᠷᠯᠡᠪᠡ᠃ | ᠲᠠᠷᠠᠭᠠᠴᠢ ᠶᠢᠨ ᠠᠯᠬᠤᠮ ᠳᠤ᠂ ᠳ᠋ᠦᠩ ᠾᠧ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠠᠮ ᠡᠵᠡᠯᠡᠨ ᠲᠡᠷᠭᠡ ᠤᠬᠢᠶᠠᠬᠤ ᠶᠢ ᠪᠠᠶᠢᠩᠭᠤᠵᠢᠭᠤᠯᠤᠨ | ᠲᠣᠭᠤᠷᠢᠨ ᠪᠠᠶᠢᠴᠠᠭᠠᠵᠤ᠂ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠯᠦᠭᠡ ᠶᠢᠨ ᠵᠣᠬᠢᠴᠠᠯᠳᠤᠨ | ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠤᠬᠠᠭᠤᠯᠭ᠎ᠠ ᠶᠢᠨ ᠬᠠᠮᠢᠶᠠᠷᠤᠯᠲᠠ ᠶᠢᠨ ᠡᠷᠴᠢᠮ ᠢᠶᠠᠨ | ᠴᠢᠩᠭᠠᠷᠠᠭᠤᠯᠵᠤ᠂ ᠵᠠᠮ ᠡᠵᠡᠯᠡᠨ ᠲᠡᠷᠭᠡ ᠤᠬᠢᠶᠠᠵᠤ ᠬᠠᠷᠢᠶ᠎ᠠ ᠣᠷᠣᠨ ᠤ ᠪᠠᠨ ᠬᠤᠲᠠ ᠶᠢᠨ ᠦᠵᠡᠮᠵᠢ ᠶᠢᠨ ᠣᠷᠴᠢᠨ | ᠲᠣᠭᠤᠷᠢᠨ ᠳᠤ ᠦᠵᠡᠭᠦᠯᠬᠦ ᠨᠥᠯᠥᠭᠡ ᠶᠢ ᠰᠠᠶᠢᠵᠢᠷᠠᠭᠤᠯᠵᠤ᠂ ᠵᠠᠮ ᠤᠨ ᠴᠡᠪᠡᠷ ᠲᠡᠭᠰᠢ ᠡᠮᠬᠢ ᠵᠢᠷᠤᠮ ᠲᠠᠢ | ᠪᠠᠶᠢᠬᠤ ᠶᠢ ᠦᠨᠡᠨᠬᠦ ᠪᠠᠲᠤᠯᠠᠨ᠎ᠠ᠃ |