ᠳ᠋ᠦᠩ ᠾᠧ ᠲᠣᠭᠤᠷᠢᠭ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ | ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠶᠡᠬᠡᠪᠡᠷ ᠠᠬᠢᠭᠤᠯᠵᠤ᠂ ᠨᠠᠷᠢᠨ ᠨᠢᠮᠪᠠᠢ ᠲᠥᠯᠥᠪᠵᠢᠭᠦᠯᠵᠦ᠂ ᠥᠨᠳᠥᠷ ᠲᠦᠪᠰᠢᠨ ᠢᠶᠠᠷ ᠠᠬᠢᠭᠤᠯᠵᠤ᠂ ︽ᠨᠢᠭᠡ | ᠲᠣᠭᠤᠷᠢᠭ ᠲᠦᠷᠪᠡᠨ ᠬᠦᠷᠢᠶᠡᠯᠡᠩ ᠭᠤᠷᠪᠠᠨ ᠰᠠᠭᠤᠷᠢᠨ︾ ᠤ ᠪᠦᠳᠦᠭᠡᠨ ᠪᠠᠶᠢᠭᠤᠯᠤᠯᠲᠠ ᠶᠢᠨ ᠪᠠᠶᠢᠷᠢᠰᠢᠯ ᠢ ᠪᠦᠬᠦ | ᠬᠦᠴᠦᠨ ᠢᠶᠠᠷ ᠢᠶᠠᠨ ᠪᠠᠶᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠣᠷᠣᠨ ᠵᠠᠢ᠂ ᠰᠣᠶᠣᠯ᠂ ᠠᠵᠤ | ᠠᠬᠤᠢ᠂ ᠨᠡᠶᠢᠭᠡᠮ᠂ ᠰᠡᠳᠬᠢᠴᠡ ᠵᠡᠷᠭᠡ ᠲᠠᠯ᠎ᠠ ᠪᠠᠷ ᠪᠦᠬᠦ ᠲᠠᠯ᠎ᠠ ᠪᠠᠷ ᠰᠢᠭᠢᠳᠬᠡᠬᠦ ᠶᠢ ᠠᠬᠢᠭᠤᠯᠵᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠥᠷᠨᠢᠩᠭᠦᠢ ᠬᠥᠭᠵᠢᠯᠲᠡ ᠶᠢ ᠦᠷᠭᠦᠯᠵᠢᠯᠡᠨ | ᠠᠬᠢᠭᠤᠯᠪᠠ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠲᠣᠭᠤᠷᠢᠭ ᠢ | ᠪᠠᠶᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠥᠷᠭᠡᠨ ᠢᠶᠠᠷ ᠨᠢᠭᠲᠠᠷᠠᠭᠤᠯᠤᠨ᠎ᠠ᠃ ︽ᠠᠨᠠᠷ ᠴᠡᠴᠡᠭ︾ | ᠬᠡᠬᠦ ᠭᠤᠣᠯ ᠰᠡᠳᠦᠪ ᠤᠨ ᠲᠣᠭᠤᠷᠢᠨ ᠳᠤ᠂ ︽ᠨᠠᠢᠮᠠ ᠳᠤ ᠣᠷᠣᠭᠤᠯᠵᠤ N ᠳᠤ ᠣᠷᠣᠭᠤᠯᠬᠤ︾ ᠡᠭᠦᠳᠦᠨ | ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ | ᠡᠭᠦᠳᠦᠨ ᠪᠠᠶᠢᠭᠤᠯᠬᠤ ᠶᠢ ᠡᠯ᠎ᠡ ᠵᠡᠭᠡᠯᠢ ᠪᠠᠯᠭᠠᠰᠤ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠭᠤᠣᠯ | ᠬᠠᠷᠢᠭᠤᠴᠠᠯᠭ᠎ᠠ ᠭᠤᠣᠯ ᠠᠵᠢᠯ ᠳᠤ ᠠᠭᠤᠰᠤᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠵᠢᠭᠰᠠᠭᠠᠯ ᠤᠨ ᠭᠠᠵᠠᠷ ᠤᠨ ᠪᠦᠳᠦᠭᠡᠨ ᠪᠠᠶᠢᠭᠤᠯᠤᠯᠲᠠ᠂ | ᠤᠬᠠᠭᠤᠯᠭ᠎ᠠ ᠬᠥᠮᠦᠵᠢᠯ ᠵᠡᠷᠭᠡ ᠡᠯ᠎ᠡ ᠵᠦᠢᠯ ᠤᠨ ᠠᠵᠢᠯ ᠳᠤ ᠠᠭᠤᠰᠤᠯᠴᠠᠭᠤᠯᠵᠤ᠂ ᠡᠭᠦᠳᠦᠨ ᠪᠠᠶᠢᠭᠤᠯᠬᠤ ᠵᠢᠱᠢᠶ᠎ᠡ | ᠦᠵᠡᠭᠦᠯᠬᠦ ᠴᠡᠭ 35᠂ ᠬᠢᠯᠠᠰ ᠴᠡᠭ ᠵᠢᠱᠢᠶ᠎ᠡ ᠦᠵᠡᠭᠦᠯᠬᠦ ᠴᠡᠭ 8᠂ 8 ᠦᠨᠳᠦᠰᠦᠲᠡᠨ ᠤ ᠪᠦᠯᠬᠦᠮᠳᠡᠯ ᠤᠨ ᠬᠢᠯᠠᠰ | ᠴᠡᠭ ᠤᠨ ᠲᠦᠷᠦᠯ ᠲᠡᠮᠳᠡᠭ᠂ 7 ᠤᠨᠴᠠᠯᠢᠭᠳᠤ ᠵᠠᠮ ᠱᠤᠭᠤᠮ ᠢ ᠡᠭᠦᠳᠴᠦ᠂ ᠠᠭᠤᠰᠤᠯᠴᠠᠨ ᠡᠭᠦᠳᠦᠨ ᠪᠠᠶᠢᠭᠤᠯᠬᠤ | ᠂ ᠦᠢᠯᠡᠳᠦᠯᠭᠡᠵᠢᠭᠦᠯᠦᠨ ᠡᠭᠦᠳᠦᠨ ᠪᠠᠶᠢᠭᠤᠯᠬᠤ᠂ ᠤᠨᠢᠨ ᠳᠡᠭᠡᠷ᠎ᠡ ᠨᠢ ᠡᠭᠦᠳᠦᠨ ᠪᠠᠶᠢᠭᠤᠯᠬᠤ ᠵᠠᠭᠪᠤᠷ ᠢ | ᠪᠦᠷᠢᠯᠳᠦᠭᠦᠯᠪᠡ᠃ | ᠤᠯᠠᠭᠠᠨ ᠠᠨᠠᠷ ᠭᠡᠷ ᠣᠷᠣᠨ᠂ ᠲᠠᠷᠢᠶᠠᠴᠢᠨ ᠠᠵᠤ ᠠᠬᠤᠢᠯᠠᠯ ᠪᠣᠯᠤᠨ ᠦᠵᠡᠰᠭᠦᠯᠡᠩᠲᠦ ᠰᠠᠢᠬᠠᠨ ᠭᠡᠷ ᠣᠷᠣᠨ᠂ | ᠰᠡᠳᠭᠢᠯ ᠨᠢᠭᠡᠳᠦᠨ ᠭᠡᠷ ᠣᠷᠣᠨ᠂ ᠬᠠᠷᠢᠯᠴᠠᠨ ᠬᠠᠮᠲᠤᠳᠬᠠᠭᠰᠠᠨ ᠮᠠᠶᠢᠭ ᠤᠨ ᠭᠡᠷ ᠣᠷᠣᠨ ᠢ ᠪᠦᠲᠦᠭᠡᠨ ᠪᠠᠢᠭᠤᠯᠵᠤ᠂ | ᠬᠠᠷᠢᠯᠴᠠᠨ ᠬᠠᠮᠲᠤᠳᠬᠠᠭᠰᠠᠨ ᠮᠠᠶᠢᠭ ᠤᠨ ᠬᠥᠭᠵᠢᠯᠲᠡ ᠶᠢᠨ ᠣᠷᠴᠢᠨ ᠲᠣᠭᠤᠷᠢᠨ ᠢ ᠭᠦᠨᠵᠡᠭᠡᠢᠷᠡᠭᠦᠯᠦᠨ᠎ᠡ᠃ | ᠨᠢᠭᠡ ᠳᠤ᠂ 15 ᠤᠯᠠᠭᠠᠨ ᠠᠨᠠᠷ ᠭᠡᠷ ᠣᠷᠣᠨ᠂ 3 ︽ᠤᠯᠠᠭᠠᠨ ᠠᠨᠠᠷ ᠠᠳᠠᠯ ᠦᠢᠯᠡᠰ ᠴᠣᠭᠴᠠᠯᠠᠵᠤ ᠠᠵᠢᠯ | ᠣᠯᠭᠤᠬᠤ ᠪᠣᠯᠪᠠᠰᠤᠷᠠᠯ ᠤᠨ ᠲᠠᠰᠤᠭ︾ ᠢ ᠪᠠᠶᠢᠭᠤᠯᠵᠤ᠂ 17 ᠤᠯᠠᠭᠠᠨ ᠠᠨᠠᠷ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠨᠠᠰᠤᠲᠠᠶᠢᠴᠤᠳ ᠤᠨ ᠶᠡᠭᠡ ᠰᠤᠷᠭᠠᠭᠤᠯᠢ᠂ ᠠᠷᠠᠳ ᠣᠯᠠᠨ ᠤ | ᠰᠦᠯᠵᠢᠶᠡᠨ ᠤ ᠲᠧᠯᠸᠢᠰ ᠬᠤᠷᠢᠶ᠎ᠠ᠂ ᠡᠳᠦᠷ ᠲᠤᠲᠤᠮ ᠤᠨ ᠠᠰᠠᠷᠠᠨ ᠬᠠᠷᠠᠭᠠᠯᠵᠠᠬᠤ ᠲᠥᠪ ᠵᠡᠷᠭᠡ ᠨᠠᠷᠠᠲᠤ ᠲᠥᠷᠥᠯ | ᠲᠡᠮᠳᠡᠭᠲᠦ ᠶᠢ ᠭᠠᠷᠭᠠᠵᠤ᠂ ᠦᠨᠳᠦᠰᠦᠲᠡᠨ ᠤ ᠪᠦᠯᠬᠦᠮᠳᠡᠯ ᠤᠨ ᠨᠥᠬᠦᠷᠯᠡᠯ ᠤᠨ ᠠᠵᠢᠯᠯᠠᠭ᠎ᠠ ᠶᠢᠨ ᠬᠡᠯᠪᠡᠷᠢ ᠪᠠ | ᠠᠭᠤᠯᠭ᠎ᠠ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠪᠡ᠃ ᠬᠤᠶᠠᠷ ᠲᠤ᠂ ᠲᠠᠷᠢᠶᠠᠯᠠᠩ ᠠᠵᠤ ᠠᠬᠤᠶᠢᠯᠠᠯ ᠪᠣᠯᠤᠨ | ᠦᠵᠡᠰᠬᠦᠯᠡᠩᠲᠦ ᠰᠠᠶᠢᠬᠠᠨ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ︽ᠰᠣᠭᠲᠣᠭᠤ | ᠰᠠᠶᠢᠬᠠᠨ ᠠᠳᠤᠭᠤ︾ ᠪᠣᠯᠤᠨ ︽ᠲᠢᠶᠠᠨ ᠾᠧ ᠳ᠋ᠤᠤ ᠵᠢᠭᠠᠰᠤ ᠠᠩᠨᠠᠬᠤ ᠣᠷᠣᠨ ᠵᠠᠶ︾ ᠵᠡᠷᠭᠡ ᠲᠦᠷᠦᠯ ᠲᠡᠮᠳᠡᠭ ᠢ | ᠪᠦᠬᠦ ᠬᠦᠴᠦᠨ ᠢᠶᠠᠷ ᠢᠶᠠᠨ ᠡᠭᠦᠳᠴᠦ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ᠂ ᠲᠠᠷᠢᠶᠠᠯᠠᠩ ᠤᠨ | ᠵᠤᠭᠠᠴᠠᠯ᠂ ᠬᠥᠳᠡᠭᠡ ᠲᠣᠰᠬᠤᠨ ᠢ ᠰᠡᠯᠡᠭᠦᠴᠡᠬᠦ ᠶᠢ ᠨᠢᠭᠡ ᠴᠤᠬᠴᠠᠵᠢᠭᠤᠯᠤᠬᠰᠠᠨ ᠪᠣᠬᠢᠷᠲᠤᠯ ᠦᠭᠡᠢ ᠲᠠᠷᠢᠶᠠᠯᠠᠩ | ᠵᠤᠭᠠᠴᠠᠯ ᠰᠡᠯᠡᠭᠦᠴᠡᠯ ᠤᠨ ᠰᠣᠳᠣᠨ ᠵᠠᠮ ᠱᠤᠭᠤᠮ ᠢ ᠨᠡᠪᠲᠡᠷᠡᠭᠦᠯᠵᠦ᠂ ᠤᠨᠴᠠᠯᠢᠬᠳᠤ ᠠᠵᠤ ᠦᠢᠯᠡᠰ ᠪᠣᠯᠤᠨ | ᠦᠨᠳᠦᠰᠦᠲᠡᠨ ᠤ ᠪᠦᠯᠬᠦᠮᠳᠡᠯ ᠤᠨ ᠬᠠᠷᠢᠯᠴᠠᠨ ᠠᠭᠤᠰᠤᠯᠴᠠᠵᠤ᠂ ᠬᠠᠷᠢᠯᠴᠠᠨ ᠠᠬᠢᠭᠤᠯᠬᠤ ᠶᠢ ᠪᠡᠶᠡᠯᠡᠭᠦᠯᠦᠨ᠎ᠡ᠃ | ᠸᠠᠩ ᠳ᠋ᠠ ᠬᠠᠨ ᠲᠣᠰᠬᠤᠨ᠂ ᠠᠳᠤᠭᠤᠴᠢᠨ ᠲᠣᠰᠬᠤᠨ ᠲᠣᠰ ᠲᠣᠰ ᠤᠯᠤᠰ ᠤᠨ ᠲᠠᠰ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ᠂ ᠥᠪᠡᠷᠲᠡᠭᠡᠨ ᠵᠠᠰᠠᠬᠤ ᠣᠷᠣᠨ ᠤ ᠬᠥᠳᠡᠭᠡ | ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠪᠠᠯᠭᠠᠰᠤ ᠶᠢᠨ ᠢᠷᠠᠭᠤ ᠠᠯᠳᠠᠷ ᠤᠨ ᠴᠣᠯᠠ ᠶᠢ | ᠭᠥᠷᠳᠡᠵᠦ᠂ ᠱᠢ ᠳ᠋ᠡ ᠭᠦ᠋ ᠲᠣᠰᠬᠤᠨ ᠪᠥᠬᠦ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠣᠩᠭᠤᠭᠳᠠᠵᠤ᠂ ᠳ᠋ᠦᠩ ᠾᠧ ᠲᠣᠭᠤᠷᠢᠭ ᠨᠢ ᠪᠥᠬᠦ ᠤᠯᠤᠰ ᠤᠨ ︽ᠮᠢᠩᠭᠠᠨ | ᠲᠣᠰᠬᠤᠨ ᠲᠦᠮᠡᠨ ᠴᠠᠶᠢᠵᠠ ᠰᠢᠨ᠎ᠡ ᠴᠢᠷᠠᠶ ᠶᠢ ᠳᠡᠯᠭᠡᠨ ᠦᠵᠡᠭᠦᠯᠬᠦ︾ ᠴᠣᠷ ᠤᠨ ᠭᠠᠭᠴᠠ ᠬᠤᠰᠢᠭᠤ ᠰᠢᠶᠠᠨ | ᠲᠣᠭᠤᠷᠢᠭ ᠲᠤ ᠰᠣᠩᠭᠤᠭᠳᠠᠪᠠ᠃ ᠭᠤᠷᠪᠠ ᠳᠤ᠂ ᠰᠡᠳᠬᠢᠯ ᠨᠢᠭᠡᠳᠦᠨ ᠭᠡᠷ ᠣᠷᠣᠨ ᠢᠶᠠᠨ ᠪᠠᠶᠢᠭᠤᠯᠵᠤ᠂ ᠶᠠᠩ ᠭᠧ | ᠯᠧᠩ ᠵᠡᠭᠡᠯᠢ ᠭᠤᠳᠤᠮᠵᠢ ᠳᠤ ᠠᠷᠠᠳᠴᠢᠯᠠᠭᠰᠠᠨ ᠨᠠᠮ ᠪᠦᠯᠦᠭ ᠤᠨ ᠭᠡᠷ ᠪᠦᠯᠢ ᠶᠢ ᠪᠠᠶᠢᠭᠤᠯᠵᠤ᠂ ︽ᠨᠢᠭᠡᠳᠦᠮᠡᠯ | ᠹᠷᠣᠨᠲ ᠤᠨ ᠨᠡᠶᠢᠭᠡᠮ ᠲᠣᠭᠤᠷᠢᠭ︾ ᠤᠨ ᠬᠤᠤᠰᠯᠠᠨ ᠪᠠᠶᠢᠭᠤᠯᠵᠤ ᠬᠠᠮᠲᠤ ᠪᠠᠷ ᠪᠠᠶᠢᠭᠤᠯᠬᠤ ᠶᠢ ᠠᠬᠢᠭᠤᠯᠵᠤ᠂ ︽ | ᠵᠢᠵᠢᠭ ᠵᠢᠭᠰᠠᠭᠠᠯ ᠤᠨ ᠭᠠᠵᠠᠷ᠂ ᠶᠡᠭᠡ ᠨᠢᠭᠡᠳᠦᠮᠡᠯ ᠹᠷᠣᠨᠲ︾ ᠤᠨ ᠴᠣ ᠰᠢᠨ᠎ᠡ ᠪᠠᠶᠢᠳᠠᠯ ᠢ ᠪᠦᠷᠢᠯᠳᠦᠭᠦᠯᠦᠨ᠎ᠡ᠃ | ᠼᠠᠢ ᠱᠧᠨ ᠮᠢᠶᠣᠣ ᠵᠡᠭᠡᠯᠢ ᠭᠤᠳᠤᠮᠵᠢ᠂ ᠬᠤᠲᠣᠩ ᠠᠷᠠᠳ ᠤᠨ ᠵᠡᠭᠡᠯᠢ ᠭᠤᠳᠤᠮᠵᠢ ᠳᠤ ᠨᠡᠶᠢᠭᠡᠮ ᠤᠨ | ᠳᠠᠪᠬᠤᠷᠭ᠎ᠠ ᠶᠢᠨ ᠬᠥᠮᠦᠰ ᠤᠨ ᠨᠢᠭᠡᠳᠦᠮᠡᠯ ᠹᠷᠣᠨᠲ ᠤᠨ ᠠᠵᠢᠯ ᠤᠨ ᠦᠢᠯᠡᠳᠦᠯᠭᠡ ᠶᠢᠨ ᠰᠢᠨ᠎ᠡ ᠶᠢ ᠡᠭᠦᠳᠬᠦ ᠰᠢᠨ᠎ᠡ | ᠰᠠᠭᠤᠷᠢᠨ ᠭᠠᠵᠠᠷ ᠢ ᠪᠠᠶᠢᠭᠤᠯᠵᠤ᠂ ᠰᠢᠨ᠎ᠡ ᠵᠠᠭᠤᠴᠢᠯᠠᠭᠤᠷ ᠤᠨ ᠠᠵᠢᠯᠲᠠᠨ᠂ ᠡᠯᠧᠺᠳ᠋ᠷᠣᠨ ᠬᠤᠳᠠᠯᠳᠤᠭᠠᠨ ᠤ ᠭᠤᠣᠯ | ᠨᠡᠪᠲᠡᠷᠡᠭᠦᠯᠦᠭᠴᠢ᠂ ᠰᠦᠯᠵᠢᠶᠡᠨ ᠤ ᠨᠡᠷᠡᠳᠦ ᠬᠥᠮᠦᠰ ᠢ ᠵᠣᠬᠢᠶᠠᠨ ᠪᠠᠶᠢᠭᠤᠯᠤᠨ ᠵᠢᠭᠤᠯᠴᠢᠯᠠᠯ ᠤᠨ ᠤᠬᠠᠭᠤᠯᠭ᠎ᠠ᠂ | ᠰᠢᠭᠤᠳ ᠨᠡᠪᠲᠡᠷᠡᠭᠦᠯᠭᠡ ᠪᠠᠷ ᠪᠠᠷᠠᠭ᠎ᠠ ᠠᠪᠴᠤ ᠶᠠᠪᠤᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠭᠠᠵᠠᠷ ᠣᠷᠣᠨ ᠤ | ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ | ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠪᠦᠲᠦᠮᠵᠢᠲᠡᠢ ᠲᠠᠶᠢᠴᠢᠯᠠᠪᠠ᠃ ᠳᠥᠷᠪᠡ ᠳᠤ ︽ᠬᠠᠷᠢᠯᠴᠠᠨ | ᠰᠢᠭᠢᠳᠬᠡᠬᠦ ᠬᠡᠯᠪᠡᠷᠢ ᠶᠢᠨ ᠭᠡᠷ ᠣᠷᠣᠨ︾ ᠢ ᠪᠦᠲᠦᠭᠡᠨ ᠪᠠᠶᠢᠭᠤᠯᠵᠤ᠂ ︽ᠦᠨᠳᠦᠰᠦᠲᠡᠨ ᠨᠦᠭᠦᠳ ᠤᠨ ᠣᠯᠠᠨ | ᠲᠦᠮᠡᠨ ᠤ ᠬᠠᠷᠢᠯᠴᠠᠨ ᠰᠢᠭᠢᠳᠬᠡᠬᠦ ᠮᠠᠶ᠋ᠢᠭ ᠤᠨ ᠬᠥᠭᠵᠢᠯᠲᠡ ᠶᠢᠨ ᠲᠥᠯᠥᠪᠯᠡᠭᠡ︾ ᠶᠢ ᠭᠦᠨᠵᠡᠭᠡᠶ ᠬᠡᠷᠡᠭᠵᠢᠭᠦᠯᠵᠦ᠂ | 30 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠰᠢᠨᠡᠳᠬᠡᠬᠦ᠂ 47 ︽ᠬᠠᠶᠢᠷ᠎ᠠ ᠬᠠᠯᠠᠮᠵᠢ ᠶᠢᠨ ᠢᠨᠵᠧᠨᠧᠷᠢᠩ︾ | ᠢ ᠪᠡᠶᠡᠯᠡᠭᠦᠯᠵᠦ᠂ 14600 ᠭᠠᠷᠤᠶ ᠡᠷᠦᠬᠡ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠠᠰᠢᠭ | ᠬᠦᠷᠲᠡᠭᠡᠪᠡ᠃ ᠤᠷᠳᠤᠰ ᠬᠤᠳᠠ ᠶᠢᠨ ᠳᠠᠯᠠᠳ ᠬᠤᠰᠢᠭᠤ᠂ ᠪᠠᠶᠠᠨᠨᠠᠭᠤᠷ ᠬᠤᠳᠠ ᠶᠢᠨ ᠬᠠᠩᠭᠢᠨ ᠬᠤᠶᠢᠲᠤ ᠬᠤᠰᠢᠭᠤ | ᠂ ᠳ᠋ᠧᠵᠸᠤ ᠬᠤᠳᠠ ᠶᠢᠨ ᠳ᠋ᠧᠴᠧᠩ ᠲᠣᠭᠤᠷᠢᠭ ᠯᠤᠭ᠎ᠠ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ | ᠪᠦᠳᠦᠭᠦᠪᠴᠢ ᠵᠥᠪᠯᠡᠯᠴᠡᠭᠡᠷ ᠲᠣᠭᠲᠠᠵᠤ᠂ ᠰᠣᠯᠢᠯᠴᠠᠭ᠎ᠠ ᠬᠠᠮᠲᠤᠷᠠᠯᠴᠠᠭ᠎ᠠ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ | ᠴᠢᠳᠠᠪᠤᠷᠢᠲᠠᠨ ᠢ ᠬᠥᠮᠦᠵᠢᠭᠦᠯᠬᠦ ᠬᠠᠮᠲᠤᠷᠠᠯᠴᠠᠭ᠎ᠠ ᠵᠡᠷᠭᠡ ᠶᠢ ᠥᠷᠭᠡᠨ ᠢᠶᠠᠷ ᠥᠷᠨᠢᠭᠦᠯᠵᠦ᠂ ᠣᠷᠣᠨ ᠪᠦᠰᠡ | ᠠᠯᠤᠰᠯᠠᠭᠰᠠᠨ ᠬᠠᠮᠲᠤᠷᠠᠯᠴᠠᠭ᠎ᠠ ᠰᠣᠯᠢᠯᠴᠠᠭ᠎ᠠ᠂ ᠬᠤᠣᠰᠯᠠᠨ ᠬᠠᠮᠲᠤᠪᠠᠷ ᠡᠭᠦᠳᠬᠦ ᠶᠢ ᠴᠢᠩᠭᠠᠳᠬᠠᠵᠤ᠂ ︽ | ᠬᠠᠷᠢᠯᠴᠠᠨ ᠰᠤᠷᠤᠯᠴᠠᠵᠤ ᠬᠠᠮᠲᠤᠪᠠᠷ ᠤᠷᠤᠭᠰᠢᠯᠠᠵᠤ᠂ ᠬᠠᠮᠲᠤᠪᠠᠷ ᠴᠡᠴᠡᠭᠯᠡᠨ ᠬᠠᠮᠲᠤᠪᠠᠷ ᠬᠥᠭᠵᠢᠬᠦ︾ ᠶᠢ | ᠪᠡᠶᠡᠯᠡᠭᠦᠯᠦᠨ᠎ᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠦᠢᠯᠡᠳᠦᠯᠭᠡ ᠶᠢᠨ | ᠰᠠᠭᠤᠷᠢᠨ ᠭᠠᠵᠠᠷ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠤᠯᠠᠮᠵᠢᠯᠠᠨ ᠪᠠᠳᠠᠷᠠᠭᠤᠯᠬᠤ ᠰᠠᠭᠤᠷᠢᠨ | ᠭᠠᠵᠠᠷ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠤᠳᠤᠯᠤᠨ ᠰᠤᠷᠤᠯᠴᠠᠬᠤ ᠰᠠᠭᠤᠷᠢᠨ | ᠭᠠᠵᠠᠷ ᠢ ᠪᠠᠶᠢᠭᠤᠯᠤᠨ ᠬᠦᠴᠦᠷᠬᠡᠭᠵᠢᠭᠦᠯᠵᠦ᠂ ︽ᠤᠮᠠᠷᠠᠲᠤ ᠬᠢᠯᠢ ᠶᠢᠨ ᠰᠣᠶᠣᠯ︾ ᠢ ᠦᠭᠡ ᠳᠠᠭᠤᠨ ᠦᠭᠡᠢ ᠪᠠᠷ | ᠬᠥᠮᠦᠨ ᠤ ᠰᠡᠳᠬᠢᠯ ᠢ ᠤᠮᠳᠠᠯᠠᠨ᠎ᠠ᠃ ᠨᠢᠭᠡ ᠳᠤ᠂ ᠸᠠᠩ ᠷᠦᠸᠧ ᠹᠸᠢ ᠳᠤᠷᠠᠰᠬᠠᠯ ᠤᠨ ᠣᠷᠳᠣᠨ ᠤ ᠥᠪᠡᠷᠲᠡᠭᠡᠨ | ᠵᠠᠰᠠᠬᠤ ᠣᠷᠣᠨ ᠤ ᠱᠠᠲᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ︽ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠰᠢᠷᠢᠰ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠤᠪᠢᠰᠬᠠᠯ ᠤᠨ ᠤᠯᠠᠮᠵᠢᠯᠠᠯᠲᠤ ᠬᠥᠮᠦᠵᠢᠯ ᠢ ᠥᠷᠨᠢᠭᠦᠯᠵᠦ᠂ | ᠬᠤᠪᠢᠰᠬᠠᠯ ᠤᠨ ᠤᠳᠤᠮᠰᠢᠯ ᠢ ᠵᠤᠵᠠᠭᠠᠳᠬᠠᠵᠤ᠂ ᠬᠤᠪᠢᠰᠬᠠᠯ ᠤᠨ ᠤᠳᠤᠮᠰᠢᠯ ᠢ ᠦᠷᠭᠦᠯᠵᠢᠯᠡᠭᠦᠯᠵᠦ᠂ ᠪᠦᠬᠦ | ᠵᠢᠯ ᠳᠤ ᠪᠦᠬᠦ ᠬᠤᠳᠠ ᠶᠢᠨ ᠨᠠᠮ ᠤᠨ ᠵᠣᠬᠢᠶᠠᠨ ᠪᠠᠶᠢᠭᠤᠯᠤᠯᠲᠠ 1000 ᠭᠠᠷᠤᠢ ᠪᠠᠶᠢᠵᠤ᠂ ᠡᠯ᠎ᠡ ᠭᠠᠵᠠᠷ ᠤᠨ | ᠵᠤᠭᠠᠴᠠᠭᠰᠠᠳ ᠢ 10 ᠭᠠᠷᠤᠢ ᠲᠦᠮᠡᠨ ᠬᠥᠮᠦᠨ ᠤᠳᠠᠭ᠎ᠠ ᠬᠦᠯᠢᠶᠡᠨ ᠠᠪᠤᠪᠠ᠃ ᠬᠤᠶᠠᠷ ᠲᠤ᠂ ᠪᠣᠳᠠᠰ ᠤᠨ ᠪᠤᠰᠤ | ᠰᠣᠶᠣᠯ ᠤᠨ ᠥᠪ ᠤᠨ ᠰᠣᠶᠣᠯ ᠢ ᠤᠯᠠᠮᠵᠢᠯᠠᠨ ᠪᠠᠳᠠᠷᠠᠭᠤᠯᠬᠤ ᠰᠠᠭᠤᠷᠢᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ | ᠪᠤᠭᠤᠲᠤ ᠶᠢᠨ ᠶᠢᠨ ᠵᠡᠭᠡᠯᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠵᠡᠭᠡᠯᠢ ᠲᠣᠭᠤᠷᠢᠭ ᠵᠢᠴᠢ | ᠬᠠᠭᠤᠴᠢᠨ ᠪᠤᠭᠤᠲᠤ ᠶᠢᠨ ᠪᠠᠷᠠᠭᠤᠨ ᠭᠠᠷᠠᠮ ᠤᠨ ᠲᠡᠦᠬᠡ ᠰᠣᠶᠣᠯ ᠤᠨ ᠵᠡᠭᠡᠯᠢ ᠲᠣᠭᠤᠷᠢᠭ ᠢ ᠪᠠᠶᠢᠭᠤᠯᠵᠤ᠂ | ᠬᠠᠭᠤᠴᠢᠨ ᠪᠤᠭᠤᠲᠤ ᠶᠢᠨ ︽ᠪᠠᠷᠠᠭᠤᠨ ᠡᠭᠦᠳᠡ ᠪᠠᠷ ᠶᠠᠪᠤᠬᠤ︾ ᠲᠡᠦᠬᠡᠨ ᠳᠠᠬᠢ ᠴᠢᠬᠤᠯᠠ ᠦᠢᠯᠡᠳᠦᠯ ᠢ ᠭᠦᠨᠵᠡᠭᠡᠢ | ᠠᠭᠤᠳᠠᠯᠵᠤ᠂ ᠲᠡᠤᠬᠡ ᠶᠢᠨ ᠪᠠᠷᠢᠯᠭ᠎ᠠ ᠶᠢᠨ ᠠᠷᠤ ᠳᠠᠬᠢ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ᠦᠯᠢᠭᠡᠷ ᠢ ᠠᠮᠢᠳᠤᠯᠢᠭ ᠢᠶᠠᠷ ᠰᠠᠶᠢᠲᠤᠷ ᠶᠠᠷᠢᠵᠤ᠂ ᠡᠯᠪᠡᠭ ᠪᠠᠶᠠᠯᠢᠭ ᠰᠣᠶᠣᠯ ᠤᠨ | ᠠᠭᠤᠯᠤᠭᠳᠠᠬᠤᠨ ᠢ ᠵᠡᠭᠡᠯᠢ ᠲᠣᠭᠤᠷᠢᠭ ᠤᠨ ᠲᠥᠯᠥᠪᠵᠢᠭᠦᠯᠦᠨ ᠡᠵᠡᠩᠨᠡᠬᠦ ᠭᠤᠭᠴᠤᠭ᠎ᠠ ᠨᠢᠭᠡᠪᠦᠷᠢ᠂ ᠨᠠᠷᠢᠨ ᠵᠦᠢᠯᠡᠰ | ᠨᠢᠭᠡᠪᠦᠷᠢ ᠳᠤ ᠢᠯᠡᠷᠡᠭᠦᠯᠵᠦ᠂ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠪᠠᠶᠢᠳᠠᠯ ᠢ ᠪᠤᠢ | ᠪᠣᠯᠭᠠᠨ᠎ᠠ᠃ ᠭᠤᠷᠪᠠ ᠳᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠤᠳᠤᠯᠤᠨ ᠰᠤᠷᠤᠯᠴᠠᠬᠤ | ᠰᠠᠭᠤᠷᠢᠨ ᠭᠠᠵᠠᠷ ᠤᠨ ᠦᠢᠯᠡᠳᠦᠯ ᠴᠢᠳᠠᠪᠤᠷᠢ ᠶᠢ ᠴᠢᠩᠭᠠᠳᠬᠠᠵᠤ᠂ ᠥᠪᠥᠷ ᠮᠣᠩᠭᠤᠯ ᠤᠨ ᠨᠠᠨ ᠬᠠᠢ ᠨᠤᠭᠤ | ᠭᠠᠵᠠᠷ ᠤᠨ ᠪᠠᠶᠢᠭᠠᠯᠢ ᠶᠢᠨ ᠰᠤᠷᠭᠠᠨ ᠬᠥᠮᠦᠵᠢᠯ ᠤᠨ ᠬᠤᠸᠠᠷᠠᠨ᠂ ᠲᠢᠶᠠᠨ ᠾᠧ ᠠᠮᠢ ᠠᠬᠤᠢ ᠶᠢᠨ ᠲᠠᠷᠢᠶᠠᠯᠠᠩ | ᠵᠢᠴᠢ ᠪᠤᠭᠤᠲᠤ ᠶᠢᠨ ᠵᠤᠤ ᠶᠢᠨ ᠬᠤᠪᠢᠰᠬᠠᠯ ᠤᠨ ᠳᠤᠷᠠᠰᠬᠠᠯ ᠤᠨ ᠣᠷᠳᠣᠨ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠪᠤᠭᠤᠲᠤ ᠬᠤᠳᠠ ᠶᠢᠨ ᠬᠤᠷᠢᠶ᠎ᠠ ᠶᠢᠨ ᠬᠠᠭᠤᠴᠢᠨ ᠪᠠᠭᠤᠷᠢ ᠵᠡᠷᠭᠡ ᠪᠦᠬᠦ ᠬᠤᠳᠠ ᠶᠢᠨ ︽ᠶᠡᠭᠡ ᠦᠵᠡᠯ | ᠰᠠᠨᠠᠭ᠎ᠠ ᠤᠯᠤᠰ ᠲᠦᠷᠦ︾ ᠶᠢᠨ ᠰᠠᠭᠤᠷᠢᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ 120 ᠭᠠᠷᠤᠢ ᠲᠠᠯᠠᠪᠠᠢ᠂ | ᠪᠣᠳᠠᠰ ᠤᠨ ᠪᠤᠰᠤ ᠰᠣᠶᠣᠯ ᠤᠨ ᠥᠪ ᠤᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠠᠵᠢᠯᠯᠠᠭ᠎ᠠ ᠶᠢ 30 ᠭᠠᠷᠤᠢ | ᠲᠠᠯᠠᠪᠤᠷ ᠤᠳᠠᠭ᠎ᠠ ᠡᠷᠬᠢᠯᠡᠵᠦ᠂ ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ | ᠣᠷᠣᠭᠤᠯᠬᠤ 900 ᠬᠢᠴᠢᠶᠡᠯ ᠤᠨ ᠴᠠᠭ ᠢ ᠪᠡᠶᠡᠯᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠦᠢᠯᠡᠳᠦᠯᠭᠡ ᠶᠢᠨ | ᠬᠥᠮᠦᠵᠢᠯ ᠪᠣᠯᠤᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ ︽ᠬᠠᠮᠲᠤᠷᠠᠯ ᠤᠨ ᠬᠦᠴᠦᠨ︾ ᠢ | ᠴᠣᠭᠴᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠪᠣᠯᠤᠨ᠎ᠠ᠃ | |