12 ᠰᠠᠷ᠎ᠠ ᠶᠢᠨ 18 ᠤ ᠡᠳᠦᠷ᠂ ᠮᠠᠨ ᠤ ᠲᠣᠭᠤᠷᠢᠭ 2024 ᠣᠨ ᠤ ︽ᠳ᠋ᠦᠩ ᠾᠧ ᠺᠠᠳ᠋ᠷ ᠤᠨ ᠦᠭᠡ | ᠳ᠋ᠦᠩ ᠾᠧ︾ ᠶᠢᠨ ᠶᠢᠰᠦᠳᠦᠭᠡᠷ ᠬᠤᠭᠤᠴᠠᠭᠠᠨ ᠤ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ | ᠠᠵᠢᠯᠯᠠᠭ᠎ᠠ ᠶᠢ ᠡᠷᠭᠢᠯᠡᠪᠡ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠸᠠᠨ ᠯᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠡᠷᠬᠢᠯᠡᠪᠡ᠃ | ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠰᠦᠨ ᠭᠦᠸᠧ ᠢᠦᠶ ︽ᠠᠶᠤᠯᠭᠦᠶ ᠦᠢᠯᠡᠳᠪᠦᠷᠢᠯᠡᠯ ᠤᠨ | ᠪᠠᠶᠢᠳᠠᠯ ᠤᠨ ᠵᠠᠳᠠᠯᠤᠯᠲᠠ ᠵᠢᠴᠢ ᠭᠤᠤᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ | ᠰᠠᠨᠠᠭᠤᠯᠭ᠎ᠠ︾ ᠶᠢ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠵᠦ᠂ ᠤᠯᠤᠰ ᠠᠴᠠ ᠮᠠᠨ ᠤ | ᠲᠤᠭᠤᠷᠢᠭ ᠤᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ᠂ ᠠᠶᠤᠯᠭᠦᠶ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠵᠢᠴᠢ ᠠᠶᠤᠯᠭᠦᠶ ᠦᠢᠯᠡᠳᠪᠦᠷᠢᠯᠡᠯ ᠤᠨ ᠠᠵᠢᠯ ᠢ ᠬᠡᠷᠬᠢᠨ ᠰᠠᠶᠢᠲᠤᠷ ᠬᠢᠬᠦ ᠡᠨᠡ | ᠭᠤᠷᠪᠠᠨ ᠲᠠᠯ᠎ᠠ ᠪᠠᠷ ᠪᠥᠬᠦ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠵᠤ᠂ ᠬᠡᠷᠡᠭ ᠢᠶᠠᠷ ᠵᠢᠱᠢᠶ᠎ᠡ ᠪᠣᠯᠭᠠᠨ ᠠᠶᠤᠯᠭᠦᠶ | ᠦᠢᠯᠡᠳᠪᠦᠷᠢᠯᠡᠯ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠲᠣᠳᠣᠷᠬᠠᠶᠢᠯᠠᠨ | ᠥᠭᠦᠯᠡᠵᠦ᠂ ᠡᠯ᠎ᠡ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠭᠤᠷᠪᠠ ᠶᠢ ᠬᠠᠮᠢᠶᠠᠷᠴᠤ | ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠠᠵᠤ | ᠠᠬᠤᠶᠢᠯᠠᠯ᠂ ᠭᠤᠤᠯᠳᠠᠯᠭ᠎ᠠ ᠲᠠᠢ ᠬᠦᠷᠢᠶ᠎ᠡ᠂ ᠭᠤᠤᠯᠳᠠᠯᠭ᠎ᠠ ᠲᠠᠢ ᠲᠠᠯᠠᠪᠤᠷ ᠢ ᠴᠢᠩᠭ᠎ᠠ ᠠᠩᠬᠠᠷᠴᠤ᠂ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠰᠢᠯᠢᠳᠡᠭᠵᠢᠭᠦᠯᠦᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠵᠤ᠂ ᠥᠨᠳᠥᠷ ᠲᠦᠪᠰᠢᠨ ᠪᠥᠬᠦᠶ ᠠᠮᠤᠷ ᠲᠦᠪᠰᠢᠨ ᠢᠶᠠᠷ ᠴᠢᠨᠠᠷ | ᠰᠠᠶᠢᠲᠠᠶ ᠬᠥᠭᠵᠢᠯᠲᠡ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠳᠠᠷᠤᠭ᠎ᠠ ᠯᠢ ᠶᠣᠣ ᠳ᠋ᠦᠩ ︽ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠬᠠᠤᠯᠢ ᠪᠠᠷ ᠵᠠᠰᠠᠬᠤ ᠶᠢ ᠭᠦᠨᠵᠡᠭᠡᠶ ᠳᠥᠯᠭᠢᠨ ᠠᠬᠢᠭᠤᠯᠵᠤ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ︾ ᠭᠤᠤᠯ ᠰᠡᠳᠦᠪᠲᠦ | ᠤᠬᠠᠭᠤᠯᠤᠨ ᠲᠠᠶᠢᠯᠪᠤᠷᠢᠯᠠᠯᠲᠠ ᠬᠢᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠤᠪᠢᠷᠠᠯᠲᠠ ᠶᠢᠨ ᠶᠠᠪᠤᠴᠠ᠂ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢ ᠪᠠᠷ ᠵᠠᠰᠠᠬᠤ ᠶᠢ ᠳᠥᠯᠭᠢᠨ ᠠᠬᠢᠭᠤᠯᠬᠤ ᠵᠡᠷᠭᠡ ᠠᠭᠤᠯᠭ᠎ᠠ ᠶᠢᠨ | ᠲᠣᠭᠤᠷᠢᠨ ᠳᠤ᠂ ᠮᠠᠨ ᠤ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠤᠷᠢᠳᠴᠢᠯᠠᠨ ᠰᠡᠷᠭᠡᠶᠢᠯᠡᠬᠦ᠂ ᠭᠥᠯᠢᠶᠡᠨ ᠠᠪᠴᠤ ᠰᠢᠢᠳᠪᠦᠷᠢᠯᠡᠬᠦ ᠵᠡᠷᠭᠡ ᠭᠤᠭᠴᠤᠭ᠎ᠠ ᠠᠴᠠ | ᠨᠠᠷᠢᠨ ᠨᠢᠮᠪᠠᠶ ᠲᠠᠶᠢᠯᠤᠮᠵᠢ ᠬᠢᠵᠦ᠂ ᠡᠬᠢ ᠡᠭᠦᠰᠦᠯ ᠠᠴᠠ ᠨᠢ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ | ᠬᠠᠤᠯᠢ ᠪᠠᠷ ᠵᠠᠰᠠᠬᠤ ᠰᠡᠳᠬᠢᠬᠦᠶ ᠶᠢ ᠪᠠᠷᠢᠮᠲᠠᠯᠠᠨ ᠠᠵᠢᠯ ᠤᠨ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ | ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ︽ᠳᠤᠯᠠᠭᠠᠴᠠ︾ ᠪᠠ ︽ | ᠡᠷᠴᠢᠮ︾ ᠢ ᠢᠯᠡᠷᠡᠭᠦᠯᠵᠦ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠶᠢ ᠦᠨᠡᠨᠬᠦ ᠰᠠᠶᠢᠲᠤᠷ | ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠳᠠᠮᠵᠢᠨ᠂ ᠮᠠᠨ ᠤ ᠲᠤᠭᠤᠷᠢᠭ ᠤᠨ | ᠠᠶᠤᠯᠭᠦᠢ ᠦᠢᠯᠡᠳᠪᠦᠷᠢᠯᠡᠯ ᠪᠣᠯᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠤ ᠨᠡᠩ ᠭᠦᠨᠵᠡᠭᠡᠶ ᠲᠠᠨᠢᠯᠲᠠ ᠲᠠᠢ | ᠪᠣᠯᠵᠤ᠂ ᠬᠤᠶᠢᠰᠢᠳᠠ ᠶᠢᠨ ᠠᠵᠢᠯ ᠤᠨ ᠦᠢᠯᠡᠳᠦᠯᠭᠡ ᠶᠢᠨ ᠳᠤᠮᠳᠠ᠂ ᠤᠨᠤᠯ ᠤᠨ ᠰᠤᠷᠤᠯᠴᠠᠯᠭ᠎ᠠ ᠶᠢᠨ | ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ | ᠨᠡᠮᠡᠭᠳᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨᠬᠦ ᠠᠵᠢᠯ ᠤᠨ ᠨᠠᠶᠢᠳᠠᠪᠤᠷᠢᠵᠢᠭᠤᠯᠤᠯᠲᠠ ᠶᠢ | ᠠᠬᠢᠭᠤᠯᠬᠤ ᠰᠢᠨ᠎ᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠪᠡ᠃ | ᠪᠦᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠡ ᠶᠢᠨ ᠠᠶᠤᠯᠭᠦᠢ ᠦᠢᠯᠡᠳᠪᠦᠷᠢᠯᠡᠯ ᠪᠣᠯᠤᠨ ᠵᠠᠬᠢᠳᠠᠯ | ᠰᠤᠷᠪᠤᠯᠵᠢᠯᠠᠯ ᠤᠨ ᠠᠵᠢᠯ ᠤᠨ ᠬᠠᠷᠢᠭᠤᠴᠠᠯᠭᠠᠲᠠᠨ᠂ ᠠᠵᠢᠯᠲᠠᠳ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤ | ᠣᠷᠣᠯᠴᠠᠪᠠ᠃ |