2024 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠨᠢᠭᠡᠨᠲᠡ | ᠲᠣᠩᠭᠤᠷᠠᠭᠤᠯᠤᠨ ᠪᠤᠳᠤᠬᠤ ᠴᠠᠭ ᠲᠤ ᠪᠠᠨ ᠣᠷᠣᠪᠠ᠂ ᠰᠢᠯᠭᠠᠯᠲᠠ ᠶᠢᠨ ᠰᠤᠷᠤᠭᠴᠢᠳ ᠤᠨ ᠠᠮᠤᠷ ᠲᠦᠪᠰᠢᠨ | ᠪᠥᠭᠡᠳ ᠲᠠᠭᠠᠯᠠᠮᠵᠢᠲᠠᠶ ᠰᠤᠷᠤᠯᠴᠠᠯᠭ᠎ᠠ ᠪᠠ ᠰᠢᠯᠭᠠᠯᠲᠠ ᠳᠤ ᠪᠡᠯᠡᠳᠬᠡᠬᠦ ᠣᠷᠴᠢᠨ ᠲᠣᠭᠤᠷᠢᠨ ᠲᠠᠢ ᠪᠠᠶᠢᠬᠤ ᠶᠢ | ᠪᠠᠲᠤᠯᠠᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠲᠣᠪᠴᠢᠶ᠎ᠠ ᠤᠷᠢᠳᠴᠢᠯᠠᠨ ᠦᠢᠯᠡᠴᠢᠯᠡᠬᠦ ᠶᠢ ᠪᠠᠷᠢᠮᠲᠠᠯᠠᠵᠤ᠂ ᠬᠠᠷᠢᠶᠠᠲᠤ ᠣᠷᠣᠨ ᠤ | ᠰᠢᠯᠭᠠᠯᠲᠠ ᠶᠢᠨ ᠴᠡᠭ ᠪᠠ ᠰᠠᠭᠤᠭᠠᠯᠢ ᠠᠷᠠᠳ ᠤᠨ ᠲᠣᠭᠤᠷᠢᠭ ᠤᠨ ᠡᠷᠬᠢᠨ ᠲᠣᠭᠤᠷᠢᠨ ᠤ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠡᠮᠬᠢ ᠵᠢᠷᠤᠮ ᠲᠠᠢ ᠪᠠᠷᠢᠯᠭ᠎ᠠ ᠶᠢᠨ ᠠᠵᠢᠯ ᠢ ᠴᠢᠩᠭ᠎ᠠ ᠰᠠᠶᠢᠲᠤᠷ ᠬᠢᠵᠦ᠂ | ᠳᠡᠭᠡᠳᠦ ᠳᠤᠮᠳᠠᠳᠤ ᠰᠤᠷᠭᠠᠭᠤᠯᠢ ᠶᠢᠨ ᠨᠢᠭᠡᠳᠦᠯᠲᠡᠶ ᠰᠢᠯᠭᠠᠯᠲᠠ ᠶᠢᠨ ᠤᠷᠤᠭᠰᠢᠲᠠᠶ ᠶᠠᠪᠤᠭᠳᠠᠬᠤ ᠶᠢ ᠪᠥᠬᠦ | ᠬᠦᠴᠦᠨ ᠢᠶᠠᠷ ᠢᠶᠠᠨ ᠬᠠᠮᠠᠭᠠᠯᠠᠪᠠ᠃ | ᠨᠢᠭᠡ ᠳᠤ᠂ ᠪᠥᠬᠦ ᠲᠣᠭᠤᠷᠢᠭ ᠤᠨ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠰᠠᠭᠤᠷᠢ ᠲᠤᠭ᠎ᠠ ᠶᠢ | ᠤᠶᠢᠯᠠᠭᠠᠨ ᠡᠵᠡᠮᠰᠢᠵᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠳᠤ ᠲᠤᠯᠭᠠᠭᠤᠷᠢᠯᠠᠯ ᠬᠠᠩᠭᠠᠨ᠎ᠠ᠃ | ᠬᠠᠷᠢᠶᠠᠲᠤ ᠣᠷᠣᠨ ᠤ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠭᠠᠵᠠᠷ ᠢ ᠪᠦᠬᠦᠨ ᠢ ᠬᠠᠮᠤᠷᠤᠭᠰᠠᠨ ᠰᠤᠷᠪᠤᠯᠵᠢᠯᠠᠭ᠎ᠠ ᠳᠤ | ᠂ ︽ᠥᠷᠭᠡᠨ ᠣᠯᠠᠨ ᠪᠠᠷᠢᠯᠭ᠎ᠠ ᠪᠠᠷᠢᠬᠤ ᠨᠢᠭᠡᠴᠡ ᠳᠤ ᠥᠭᠭᠦᠭᠰᠡᠨ ᠵᠠᠬᠢᠳᠠᠯ︾ ︽ᠪᠠᠷᠢᠯᠭ᠎ᠠ ᠶᠢᠨ ᠭᠠᠵᠠᠷ ᠤᠨ | ᠱᠤᠤᠭᠢᠶᠠᠨ ᠤ ᠤᠬᠠᠭᠤᠯᠭ᠎ᠠ ᠶᠢᠨ ᠳᠡᠪᠲᠡᠷ︾ ︽ᠪᠣᠯᠪᠠᠰᠤᠨ ᠢᠶᠠᠷ ᠪᠠᠷᠢᠯᠭ᠎ᠠ ᠪᠠᠷᠢᠬᠤ ᠠᠮᠠᠯᠠᠯᠲᠠ ᠶᠢᠨ ᠪᠢᠴᠢᠭ︾ | ᠵᠡᠷᠭᠡ ᠮᠠᠲ᠋ᠧᠷᠢᠶᠠᠯ ᠢ 200 ᠭᠠᠷᠤᠶ ᠬᠤᠪᠢ ᠲᠠᠷᠬᠠᠭᠠᠵᠤ᠂ ᠰᠥᠨᠢ ᠪᠠᠷ ᠪᠠᠷᠢᠯᠭ᠎ᠠ ᠪᠠᠷᠢᠵᠤ ᠠᠷᠠᠳ ᠢ ᠦᠢᠮᠡᠭᠦᠯᠬᠦ ᠶᠢ | ᠡᠬᠢ ᠡᠭᠦᠰᠦᠯ ᠠᠴᠠ ᠨᠢ ᠵᠠᠰᠠᠬᠤ ᠳᠤ ᠰᠠᠭᠤᠷᠢ ᠶᠢ ᠰᠠᠶᠢᠲᠤᠷ ᠲᠠᠯᠪᠢᠪᠠ᠃ | ᠬᠤᠶᠠᠷ ᠲᠤ᠂ ᠰᠣᠯᠪᠢᠴᠠᠨ ᠬᠠᠤᠯᠢ ᠬᠡᠷᠡᠭᠵᠢᠭᠦᠯᠬᠦ᠂ ᠬᠠᠮᠲᠤᠷᠠᠨ ᠬᠠᠤᠯᠢ ᠬᠡᠷᠡᠭᠵᠢᠭᠦᠯᠬᠦ ᠵᠡᠷᠭᠡ ᠠᠷᠭ᠎ᠠ | ᠬᠡᠯᠪᠡᠷᠢ ᠶᠢ ᠠᠪᠴᠤ᠂ ᠪᠠᠷᠢᠯᠭ᠎ᠠ ᠶᠢᠨ ᠭᠠᠵᠠᠷ ᠤᠨ ᠰᠥᠨᠢ ᠪᠠᠷ ᠪᠠᠷᠢᠯᠭ᠎ᠠ ᠪᠠᠷᠢᠬᠤ ᠳᠠᠭᠤ ᠱᠤᠤᠭᠢᠶᠠᠨ ᠤ ᠪᠣᠬᠢᠷᠲᠤᠯ ᠢ | ᠰᠡᠷᠭᠡᠶᠢᠯᠡᠨ ᠡᠵᠡᠮᠳᠡᠬᠦ᠂ ᠲᠣᠭᠤᠰᠣ ᠳᠡᠭᠳᠡᠬᠦ ᠪᠣᠬᠢᠷᠲᠤᠯ ᠵᠡᠷᠭᠡ ᠲᠠᠯ᠎ᠠ ᠪᠠᠷ ᠵᠢᠷᠤᠮᠵᠢᠭᠤᠯᠤᠨ ᠪᠠᠷᠢᠯᠭ᠎ᠠ ᠪᠠᠷᠢᠬᠤ | ᠪᠠᠶᠢᠳᠠᠯ ᠢ ᠪᠠᠶᠢᠴᠠᠭᠠᠵᠤ᠂ ᠪᠠᠷᠢᠯᠭ᠎ᠠ ᠪᠠᠷᠢᠬᠤ ᠲᠠᠯ᠎ᠠ ᠳᠤ ᠭᠤᠤᠯᠳᠠᠯᠭ᠎ᠠ ᠲᠠᠢ ᠪᠣᠯᠵᠣᠨ ᠶᠠᠷᠢᠯᠴᠠᠬᠤ ᠶᠢ ᠬᠡᠷᠡᠭᠵᠢᠭᠦᠯᠵᠦ | ᠂ ᠪᠠᠷᠢᠯᠭ᠎ᠠ ᠪᠠᠷᠢᠬᠤ ᠲᠠᠯ᠎ᠠ ᠳᠤ ᠭᠤᠤᠯᠳᠠᠭᠤ ᠪᠠᠷᠢᠯᠭ᠎ᠠ ᠪᠠᠷᠢᠬᠤ ᠴᠠᠭ ᠢ ᠵᠦᠶ ᠵᠣᠬᠢᠰᠲᠠᠶ ᠳᠣᠭᠢᠷᠠᠭᠤᠯᠬᠤ᠂ | ᠵᠢᠷᠤᠮᠵᠢᠭᠤᠯᠬᠤ ᠴᠠᠭ ᠢ ᠮᠡᠳᠡᠭᠳᠡᠨ᠂ ᠭᠤᠤᠯᠳᠠᠯᠭ᠎ᠠ ᠲᠠᠢ ᠱᠤᠤᠭᠢᠶᠠᠨ ᠰᠡᠷᠭᠡᠭ ᠣᠷᠣᠨ ᠪᠦᠰᠡ ᠳᠤ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠵᠤ᠂ ︽ᠬᠤᠤᠰ ᠰᠢᠯᠭᠠᠯᠲᠠ︾ ᠶᠢᠨ ᠬᠤᠭᠤᠴᠠᠭᠠᠨ ᠳᠤ | ᠪᠠᠷᠢᠯᠭ᠎ᠠ ᠶᠢᠨ ᠠᠵᠢᠯ ᠤᠨ ᠱᠤᠤᠭᠢᠶᠠᠨ ᠢ ᠡᠷᠲᠡ ᠰᠡᠷᠭᠡᠶᠢᠯᠡᠬᠦ᠂ ᠡᠷᠲᠡ ᠵᠠᠰᠠᠬᠤ᠂ ᠡᠷᠲᠡ ᠦᠷ᠎ᠡ ᠪᠦᠲᠦᠮᠵᠢ | ᠤᠯᠬᠤ ᠶᠢ ᠪᠡᠶᠡᠯᠡᠭᠦᠯᠪᠡ᠃ | ᠭᠤᠷᠪᠠ ᠳᠤ᠂ ᠪᠦᠬᠦᠯᠢ ᠡᠳᠦᠷ ᠤᠨ ᠵᠢᠵᠢᠭᠦᠷᠯᠡᠨ ᠰᠠᠬᠢᠵᠤ ᠬᠠᠮᠢᠶᠠᠷᠤᠨ ᠡᠵᠡᠮᠳᠡᠬᠦ ᠲᠣᠭᠲᠠᠴᠠ ᠶᠢ | ᠬᠡᠷᠡᠭᠵᠢᠭᠦᠯᠵᠦ᠂ ᠡᠯ᠎ᠡ ᠬᠠᠤᠯᠢ ᠬᠡᠷᠡᠭᠵᠢᠭᠦᠯᠬᠦ ᠳᠤᠮᠳᠠ ᠠᠩᠭᠢ ᠶᠢ ᠵᠣᠬᠢᠶᠠᠨ ᠪᠠᠶᠢᠭᠤᠯᠤᠨ ᠰᠥᠨᠢ ᠪᠠᠷ ᠵᠢᠵᠢᠭᠦᠷᠯᠡᠨ | ᠰᠠᠬᠢᠬᠤ ᠬᠦᠴᠦᠨ ᠢ ᠴᠢᠩᠭᠠᠷᠠᠭᠤᠯᠵᠤ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠲᠦᠷᠭᠡᠨ ᠲᠤᠰᠬᠠᠬᠤ᠂ | ᠵᠠᠷᠭᠤ ᠬᠢᠪᠡᠯ ᠵᠠᠪᠠᠯ ᠬᠦᠷᠭᠡᠬᠦ᠂ ᠰᠢᠭᠤᠳ ᠲᠤᠬᠠᠶ ᠶᠢᠨ ᠲᠠᠯᠠᠪᠤᠷ ᠲᠤ ᠬᠦᠷᠴᠦ᠂ ᠲᠣᠭᠲᠠᠭᠠᠯ ᠠᠴᠠ ᠵᠥᠷᠢᠴᠡᠨ | ᠪᠠᠷᠢᠯᠭ᠎ᠠ ᠪᠠᠷᠢᠬᠤ᠂ ᠱᠤᠤᠭᠢᠶᠠᠨ ᠭᠠᠷᠭᠠᠵᠤ ᠠᠷᠠᠳ ᠢ ᠦᠢᠮᠡᠭᠦᠯᠬᠦ ᠵᠡᠷᠭᠡ ᠠᠰᠠᠭᠤᠳᠠᠯ ᠢ ᠣᠯᠵᠤ ᠮᠡᠳᠡᠪᠡᠯ᠂ | ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠪᠠᠭᠤᠯᠭᠠᠵᠤ᠂ ᠪᠠᠷᠢᠯᠭ᠎ᠠ ᠪᠠᠷᠢᠬᠤ ᠨᠢᠭᠡᠴᠡ ᠶᠢ ᠵᠠᠷᠯᠢᠭᠳᠠᠵᠤ ᠪᠠᠶᠢᠭᠠᠳ | ᠵᠢᠷᠤᠮᠵᠢᠭᠤᠯᠤᠨ ᠬᠠᠮᠢᠶᠠᠷᠬᠤ ᠪᠠ ᠪᠠᠷᠢᠯᠭ᠎ᠠ ᠬᠢᠯᠭᠡᠵᠦ᠂ ᠠᠰᠠᠭᠤᠳᠠᠯ ᠢ ᠴᠠᠭ ᠲᠤᠬᠠᠶ ᠳᠤᠨᠢ ᠪᠦᠲᠦᠮᠵᠢᠲᠡᠶ | ᠰᠢᠢᠳᠪᠦᠷᠢᠯᠡᠬᠦ ᠶᠢ ᠦᠨᠡᠨ ᠬᠦ ᠪᠠᠲᠤᠯᠠᠪᠠ᠃ | ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠪᠣᠯ ᠰᠤᠷᠤᠭᠴᠢᠳ ᠤᠨ | ᠠᠮᠢᠳᠤᠷᠠᠯ ᠳᠤᠮᠳᠠᠬᠢ ᠨᠢᠭᠡ ᠤᠳᠠᠭᠠᠨ ᠤ ᠴᠢᠬᠤᠯᠠ ᠰᠢᠯᠭᠠᠯᠲᠠ ᠪᠣᠯᠤᠨ᠎ᠠ᠃ ᠡᠨᠡᠬᠦ ᠵᠠᠩᠭᠢᠯᠠᠭ᠎ᠠ ᠶᠢᠨ ᠴᠠᠭ | ᠮᠥᠴᠡ ᠳᠤ᠂ ᠳ᠋ᠦᠩ ᠾᠧ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ ᠠᠵᠢᠯ ᠤᠨ ᠠᠷᠭ᠎ᠠ ᠬᠡᠮᠵᠢᠶ᠎ᠡ ᠪᠠᠨ ᠦᠷᠭᠦᠯᠵᠢᠯᠡᠨ ᠨᠠᠷᠢᠯᠢᠭᠵᠢᠭᠤᠯᠵᠤ᠂ ᠠᠵᠢᠯ ᠤᠨ | ᠭᠤᠤᠯᠳᠠᠯᠭ᠎ᠠ ᠪᠠᠨ ᠳᠣᠪᠤᠶᠢᠯᠭᠠᠵᠤ᠂ ᠪᠠᠷᠢᠯᠭ᠎ᠠ ᠶᠢᠨ ᠭᠠᠵᠠᠷ ᠤᠨ ᠰᠥᠨᠢ ᠪᠠᠷ ᠪᠠᠷᠢᠯᠭ᠎ᠠ ᠪᠠᠷᠢᠵᠤ ᠠᠷᠠᠳ ᠢ | ᠦᠢᠮᠡᠬᠦᠯᠬᠦ ᠠᠰᠠᠭᠤᠳᠠᠯ ᠤᠨ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ | ᠰᠢᠯᠭᠠᠭᠤᠯᠤᠭᠰᠠᠳ ᠤᠨ ᠰᠢᠯᠭᠠᠯᠲᠠ ᠳᠤ ᠣᠷᠣᠯᠴᠠᠬᠤ ᠪᠠ ᠠᠮᠠᠷᠠᠬᠤ ᠣᠷᠴᠢᠨ ᠲᠣᠭᠤᠷᠢᠨ ᠳᠤ ᠦᠨᠡᠨᠬᠦ ᠦᠢᠯᠡᠴᠢᠯᠡᠨ | ᠪᠠᠲᠤᠯᠠᠨ᠎ᠠ᠃ |