ᠳ᠋ᠦᠩ ᠾᠧ ᠲᠣᠭᠤᠷᠢᠭ ᠤᠨ 2024 ᠣᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/12/31
     ᠦᠨᠳᠦᠰᠦᠯᠡᠯ      2022 ᠣᠨ ᠤ 1 ᠳ᠋ᠦ᠋ᠭᠡᠷ ᠰᠠᠷ᠎ᠠ ᠶᠢᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ 2023 ᠣᠨ ᠤ 12 ᠳ᠋ᠤᠭᠠᠷ ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ ᠳᠠᠷᠤᠮᠠᠯᠯᠠᠨ ᠲᠠᠷᠬᠠᠭᠠᠵᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠭᠰᠠᠨ ᠵᠢᠴᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠵᠡᠷᠭᠡ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ 681 ᠵᠦᠢᠯ ᠨᠡᠶᠢᠲᠡᠯᠡᠪᠡ᠃ 2024 ᠣᠨ ᠤ 9 ᠳ᠋ᠦ᠋ᠭᠡᠷ ᠰᠠᠷ᠎ᠠ ᠳᠤ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠢᠯᠡ ᠪᠠᠷ ᠨᠡᠶᠢᠲᠡᠯᠡᠭᠰᠡᠨ ᠬᠤᠲᠠ᠂ ᠬᠤᠰᠢᠭᠤ ᠰᠢᠶᠠᠨ ᠬᠤᠶᠠᠷ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢᠨ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃      ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠱᠠᠭᠠᠷᠳᠠᠯᠭ᠎ᠠ ᠳ᠋ᠦᠩ ᠾᠧ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠪᠥᠬᠦ ᠲᠣᠭᠤᠷᠢᠭ ᠤᠨ 27 ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ 2024 ᠣᠨ ᠤ ᠳ᠋ᠦᠩ ᠾᠧ ᠲᠣᠭᠤᠷᠢᠭ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠡᠮᠬᠢᠯᠡᠬᠦ ᠪᠠ ᠲᠣᠬᠢᠷᠠᠭᠤᠯᠬᠤ ᠠᠵᠢᠯ ᠢ ᠥᠷᠨᠢᠭᠦᠯᠦᠨ᠎ᠡ᠃ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠰᠠᠨᠠᠯ ᠰᠠᠨᠠᠭᠤᠯᠭ᠎ᠠ ᠶᠢ ᠬᠤᠷᠢᠶᠠᠩᠭᠤᠶᠢᠯᠠᠨ ᠬᠢᠨᠠᠨ ᠬᠠᠷᠭᠤᠭᠤᠯᠬᠤ ᠶᠢᠨ ᠬᠠᠮᠲᠤ᠂ ᠳ᠋ᠦᠩ ᠾᠧ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠵᠦ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠭᠰᠡᠨ ᠤ ᠳᠠᠷᠠᠭ᠎ᠠ ︽ᠳ᠋ᠦᠩ ᠾᠧ ᠲᠣᠭᠤᠷᠢᠭ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2024 ᠣᠨ ᠤ ᠬᠡᠪᠯᠡᠯ︶︾ ᠶᠢ ᠪᠣᠶ ᠪᠣᠯᠭᠠᠨ᠎ᠠ᠃      ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠲᠤᠬᠠᠢ ᠨᠡᠷᠡᠶᠢᠳᠦᠯ      ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠳᠤ ᠵᠦᠢᠯᠡᠰ ᠤᠨ ᠨᠡᠷᠡᠶᠢᠳᠦᠯ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠡᠷᠡᠭᠵᠢᠭᠦᠯᠬᠦ ᠪᠠᠶᠢᠭᠤᠯᠭ᠎ᠠ᠂ ᠲᠣᠭᠲᠠᠭᠠᠬᠤ ᠪᠠ ᠬᠡᠷᠡᠭᠵᠢᠭᠦᠯᠬᠦ ᠦᠨᠳᠦᠰᠦᠯᠡᠯ ᠵᠡᠷᠭᠡ ᠦᠨᠳᠦᠰᠦᠨ ᠬᠦᠴᠦᠨ ᠵᠦᠢᠯ ᠢ ᠲᠣᠳᠣᠷᠬᠠᠶᠢᠯᠠᠬᠤ ᠬᠡᠷᠡᠭᠲᠡᠢ᠃ ᠳᠣᠤᠷᠠᠳᠤ ᠱᠠᠲᠤᠨ ᠤ ᠨᠠᠷᠢᠨ ᠬᠠᠭᠤᠳᠠᠰᠤ ᠨᠢ ᠳᠡᠭᠡᠳᠦ ᠱᠠᠲᠤᠨ ᠤ ᠨᠠᠷᠢᠨ ᠬᠠᠭᠤᠳᠠᠰᠤ ᠶᠢᠨ ᠬᠠᠮᠢᠶ᠎ᠠ ᠪᠥᠬᠦᠶ ᠬᠦᠴᠦᠨ ᠵᠥᠢᠯ ᠯᠦᠭᠡ ᠨᠢᠭᠡᠳᠦᠯᠲᠡᠶ ᠪᠠᠶᠢᠵᠤ᠂ ᠵᠥᠢᠯᠡᠰ ᠤᠨ ᠨᠡᠷᠡᠶᠢᠳᠦᠯ ᠢ ᠬᠤᠪᠢᠷᠠᠭᠤᠯᠵᠤ ᠪᠣᠯᠬᠤ ᠥᠬᠡᠶ᠂ ᠵᠥᠢᠯᠡᠰ ᠤᠨ ᠢᠷᠡᠯᠲᠡ ᠶᠢ ᠨᠢᠭᠡᠳᠬᠡᠵᠦ᠂ ᠨᠢᠭᠡᠳᠦᠯᠲᠡᠶ ᠵᠢᠷᠤᠮᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠢᠷᠡᠯᠳᠡ ᠶᠢᠨ ᠲᠤᠬᠠᠢ      ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ ᠲᠠᠨᠢᠵᠤ ᠠᠪᠬᠤ ᠳᠦᠷᠢᠮ ᠢᠶᠠᠷ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ᠂ ᠬᠤᠲᠠ᠂ ᠲᠣᠭᠤᠷᠢᠭ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠪᠣᠯ ᠱᠠᠲᠤ ᠱᠠᠲᠤ ᠪᠠᠷ ᠳᠣᠷᠣᠭᠰᠢ ᠪᠦᠷᠬᠦᠭᠦᠯᠬᠦ ᠶᠢᠨ ᠬᠠᠷᠢᠴᠠᠭ᠎ᠠ ᠪᠠᠶᠢᠵᠤ᠂ ᠡᠯ᠎ᠡ ᠭᠠᠵᠠᠷ ᠣᠷᠣᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠳᠠᠬᠢ ᠳᠡᠭᠡᠳᠦ ᠱᠠᠲᠤᠨ ᠠᠴᠠ ᠲᠣᠭᠲᠠᠭᠠᠵᠤ᠂ ᠲᠤᠰ ᠭᠠᠵᠠᠷ ᠣᠷᠣᠨ ᠤ ᠬᠡᠷᠡᠭᠵᠢᠭᠦᠯᠬᠦ ᠵᠦᠢᠯᠡᠰ ᠵᠢᠴᠢ ᠲᠡᠭᠦᠨ ᠤ ᠦᠨᠳᠦᠰᠦᠨ ᠬᠦᠴᠦᠨ ᠵᠦᠢᠯ ᠤᠳ ᠪᠠᠶᠢᠪᠠᠯ᠂ ᠳᠡᠭᠡᠳᠦ ᠱᠠᠲᠤᠨ ᠤ ᠨᠠᠷᠢᠨ ᠬᠠᠭᠤᠳᠠᠰᠤ ᠶᠢᠨ ᠬᠡᠪᠴᠢᠶ᠎ᠡ ᠠᠴᠠ ᠬᠡᠲᠦᠷᠡᠭᠦᠯᠵᠦ ᠪᠣᠯᠬᠤ ᠦᠭᠡᠢ᠂ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠨᠢᠭᠡᠪᠦᠷᠢ ᠶᠢᠨ ᠬᠡᠪᠴᠢᠶ᠎ᠡ ᠪᠣᠯ ᠲᠤᠰ ᠵᠠᠰᠠᠭ ᠵᠠᠬᠢᠷᠭᠠᠨ ᠤ ᠲᠣᠭᠤᠷᠢᠭ ᠤᠨ ᠳᠣᠲᠣᠷᠠᠬᠢ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠡᠷᠡᠭᠵᠢᠭᠦᠯᠦᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠪᠣᠯᠣᠨ᠎ᠠ᠃ ᠳ᠋ᠦᠩ ᠾᠧ ᠲᠣᠭᠤᠷᠢᠭ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ ᠱᠠᠭᠠᠷᠳᠠᠯᠭ᠎ᠠ ᠶᠣᠰᠣᠭᠠᠷ ᠪᠤᠭᠤᠲᠤ ᠬᠤᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠠᠴᠠ ᠳᠠᠭᠠᠭᠠᠨ ᠠᠪᠴᠤ᠂ ᠬᠡᠷᠡᠭᠵᠢᠭᠦᠯᠬᠦ ᠲᠠᠰ ᠳᠠᠪᠬᠤᠷᠭ᠎ᠠ ᠳᠤ ᠬᠤᠰᠢᠭᠤ ᠰᠢᠶᠠᠨ ᠲᠣᠭᠤᠷᠢᠭ ᠤᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠪᠠᠭᠲᠠᠭᠠᠨ᠎ᠠ᠃     2024 ᠣᠨ ᠤ ᠬᠤᠪᠢᠷᠠᠯᠲᠠ ᠶᠢᠨ ᠲᠤᠬᠠᠢ      2024 ᠣᠨ ᠳᠤ ᠳ᠋ᠦᠩ ᠾᠧ ᠲᠣᠭᠤᠷᠢᠭ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠨᠢ ᠨᠡᠶᠢᠲᠡ 27 ᠰᠠᠯᠠᠭ᠎ᠠ ᠮᠥᠴᠢᠷ᠂ ᠨᠢᠭᠡᠴᠡ ᠶᠢᠨ 219 ᠵᠦᠢᠯᠡᠰ ᠲᠤ ᠬᠤᠯᠪᠣᠭᠳᠠᠵᠤ᠂ 2023 ᠣᠨ ᠤ 297 ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠠᠴᠠ 78 ᠵᠦᠢᠯ ᠪᠠᠭᠠᠰᠴᠤ᠂ ᠪᠣᠳᠠᠲᠠᠢ ᠬᠤᠪᠢᠷᠠᠯᠲᠠ ᠶᠢᠨ ᠪᠠᠶᠢᠳᠠᠯ ᠪᠣᠯ ᠰᠢᠨ᠎ᠡ ᠪᠠᠷ 27 ᠵᠦᠢᠯ ᠨᠡᠮᠡᠭᠳᠡᠵᠦ᠂ 69 ᠵᠦᠢᠯ ᠢ ᠬᠠᠰᠤᠵᠤ ᠬᠠᠶᠠᠭᠰᠠᠨ᠂ 31 ᠵᠦᠢᠯ ᠢ ᠨᠡᠶᠢᠯᠡᠭᠦᠯᠵᠦ᠂ ᠡᠷᠬᠡ ᠶᠢᠨ ᠲᠥᠷᠥᠯ ᠵᠦᠢᠯ ᠢ ᠬᠤᠪᠢᠷᠠᠭᠤᠯᠤᠭᠰᠠᠨ 5 ᠵᠦᠢᠯ ᠪᠣᠯᠤᠨ᠎ᠠ᠃     ᠪᠣᠳᠠᠲᠠᠶ ᠱᠠᠭᠠᠷᠳᠠᠯᠭ᠎ᠠ      ︵ᠨᠢᠭᠡ︶ ᠨᠤᠲᠤᠭ ᠳᠡᠪᠢᠰᠬᠡᠷ ᠤᠨ ᠵᠥᠪᠰᠢᠶᠡᠷᠡᠯ ᠤᠨ ᠪᠠᠷᠢᠮᠵᠢᠶᠠᠵᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃      ︵ᠬᠤᠶᠠᠷ︶ ᠬᠥᠳᠡᠯᠦᠩᠭᠦᠢ ᠬᠠᠮᠢᠶᠠᠷᠤᠯᠲᠠ ᠶᠢᠨ ᠭᠠᠭᠴᠠ ᠶᠠᠪᠤᠳᠠᠯ ᠤᠨ ᠵᠥᠪᠰᠢᠶᠡᠷᠡᠯ ᠤᠨ ᠵᠦᠢᠯ ᠤᠨ ᠲᠣᠳᠣᠷᠬᠠᠢ ᠬᠠᠭᠤᠳᠠᠰᠤ᠃      ︵ᠭᠤᠷᠪᠠ︶ ᠬᠤᠯᠪᠣᠭᠳᠠᠯ ᠪᠥᠬᠦᠶ ᠨᠠᠷᠢᠨ ᠬᠠᠭᠤᠳᠠᠰᠤ ᠶᠢ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠲᠡᠶ᠃
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1