ᠡᠨᠡ ᠨᠢᠭᠡ ᠵᠢᠯ ᠳᠤ᠂ ᠳ᠋ᠦᠩ ᠾᠧ ᠬᠦᠴᠦᠨ ᠢᠶᠠᠨ ᠲᠥᠪᠯᠡᠷᠡᠭᠦᠯᠦᠨ ᠰᠢᠨ᠎ᠡ ᠠᠶᠠᠨ ᠵᠦᠭ ᠤᠷᠤᠭᠰᠢᠯᠠᠭᠤᠯᠪᠠ︕
ᠨᠡᠶᠢᠲᠡᠯᠡᠭᠰᠡᠨ ᠴᠠᠭ᠄
2024/12/31
     2024 ᠣᠨ ᠳᠤ ᠡᠨᠡ ᠬᠦ ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ ᠡᠨᠡ ᠬᠦ ᠠᠭᠤᠯᠵᠠᠷ ᠲᠤ ᠵᠣᠭᠰᠣᠵᠤ᠂ ᠪᠢᠳᠡ ᠴᠢᠩ ᠰᠡᠳᠭᠢᠯ ᠢᠶᠠᠷ ᠢᠶᠠᠨ ᠶᠠᠪᠤᠵᠤ ᠥᠩᠭᠡᠷᠡᠭᠰᠡᠨ 2024 ᠢ ᠡᠷᠭᠢᠴᠡᠭᠦᠯᠪᠡᠯ ᠁ ᠡᠨᠡ ᠨᠢᠭᠡ ᠵᠢᠯ ᠳᠤ᠂ ᠳ᠋ᠦᠩ ᠾᠧ ᠲᠣᠭᠤᠷᠢᠭ ᠤᠨ ᠬᠢᠨ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠨ ᠬᠥᠭᠵᠢᠯᠲᠡ ᠶᠢ ᠠᠬᠢᠭᠤᠯᠵᠤ᠂ ︽ᠣᠶᠢᠯᠠᠭᠠᠴᠢ ᠰᠡᠳᠬᠢᠬᠦᠢ︾ ᠪᠠᠷ ᠪᠣᠳᠠᠲᠠᠢ ᠠᠵᠢᠯᠯᠠᠵᠤ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠮᠠᠰᠢ ᠤᠯᠠᠨ ᠮᠠᠷᠲᠠᠭᠳᠠᠰᠢ ᠦᠭᠡᠢ ᠭᠤᠶᠢᠳᠠ ᠰᠠᠶᠢᠬᠠᠨ ᠴᠠᠭ ᠮᠥᠴᠡ ᠶᠢ ᠥᠩᠭᠡᠷᠡᠭᠡᠵᠦ ᠂ ᠬᠤᠳᠠ ᠶᠢᠨ ᠡᠳᠦᠷ ᠢᠷᠡᠬᠦᠶ᠎ᠡ ᠰᠢᠨᠡᠳᠬᠦ ᠠᠴᠠ ᠬᠥᠳᠡᠭᠡ ᠲᠣᠰᠬᠤᠨ ᠤ ᠥᠷᠨᠢᠩᠭᠦᠢ ᠬᠥᠭᠵᠢᠯᠲᠡ ᠬᠦᠷᠲᠡᠯ᠎ᠡ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠠᠴᠠ ᠰᠣᠶᠣᠯ ᠤᠨ ᠤᠯᠠᠮᠵᠢᠯᠠᠯ ᠤᠨ ᠰᠢᠨ᠎ᠡ ᠶᠢ ᠡᠭᠦᠳᠬᠦ ᠬᠦᠷᠲᠡᠯ᠎ᠡ᠂ ᠵᠢᠷᠤᠭ ᠨᠢᠭᠡᠪᠦᠷᠢ ᠨᠢ ᠴᠥᠮ ᠤᠯᠠᠨ ᠲᠠᠯ᠎ᠠ ᠪᠠᠷ ᠡᠷᠡᠯᠬᠡᠭᠯᠡᠨ ᠲᠡᠮᠡᠴᠡᠭᠰᠡᠨ ᠤᠯᠠ ᠮᠥᠷ ᠢᠶᠠᠨ ᠦᠯᠡᠳᠡᠭᠡᠵᠦ᠂ ︽ᠳ᠋ᠦᠩ ᠾᠧ  ᠲᠣᠭᠤᠷᠢᠭ ᠤᠨ ᠰᠦᠷ ᠰᠦᠯᠳᠡ ᠶᠢ ᠲᠠᠬᠢᠨ ᠮᠠᠨᠳᠤᠭᠤᠯᠵᠤ᠂ ᠥᠩᠭᠡᠷᠡᠭᠰᠡᠨ ᠤ ᠴᠡᠴᠡᠭᠯᠡᠨ ᠬᠥᠭᠵᠢᠭᠰᠡᠨ︾ ᠠᠶᠠᠨ ᠵᠠᠮ ᠳᠠᠭᠠᠨ ᠲᠤᠮᠤ ᠠᠯᠬᠤᠮ ᠢᠶᠠᠷ ᠤᠷᠤᠭᠰᠢᠯᠠᠵᠤ᠂ ︽ᠲᠦᠷᠭᠡᠨ ᠪᠥᠭᠡᠳ ᠯᠠᠪᠳᠠᠭᠤᠨ ᠢᠶᠠᠷ ᠤᠷᠤᠭᠰᠢᠯᠠᠬᠤ︾ ᠨᠢᠭᠡ ᠵᠢᠯ ᠤᠨ ᠣᠯᠣᠯᠲᠠ ᠶᠢ ᠣᠯᠵᠤ᠂ ᠪᠢᠳᠡᠨ ᠢ ᠡᠷᠭᠢᠴᠡᠭᠦᠯᠬᠦ ᠶᠢᠨ ᠳᠤᠮᠳᠠ ᠨᠡᠩ ᠦᠵᠡᠰᠬᠦᠯᠡᠩᠲᠦ ᠰᠠᠶᠢᠬᠠᠨ᠂ ᠴᠡᠴᠡᠭᠯᠡᠭᠰᠡᠨ ᠴᠡᠴᠡᠭ ᠰᠢᠭ ᠰᠢᠨ᠎ᠡ ᠨᠢᠭᠡ ᠵᠢᠯ ᠪᠤᠯᠤᠨ᠎ᠠ᠃
     ᠡᠨᠡ ᠨᠢᠭᠡ ᠵᠢᠯ ᠳᠤ᠂ ᠨᠢᠭᠡᠨ ᠵᠠᠩᠭᠢᠯᠠᠭ᠎ᠠ ᠶᠢᠨ ᠦᠰᠦᠭ ︽ᠴᠢᠷᠮᠠᠶᠢᠨ ᠲᠡᠮᠡᠴᠡᠬᠦ︾ ᠳ᠋ᠦᠩ ᠾᠧ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠠᠶᠠᠨ ᠵᠠᠮ ᠳᠡᠭᠡᠷ᠎ᠡ ᠰᠡᠶᠢᠯᠦᠭᠰᠡᠨ ᠪᠠᠶᠢᠨ᠎ᠠ᠃ ᠳ᠋ᠦᠩ ᠾᠧ ᠲᠣᠭᠤᠷᠢᠭ ᠤᠨ ᠬᠢᠨ ᠭᠠᠵᠠᠷ ᠣᠷᠣᠨ ᠤ ᠶᠡᠷᠦᠩᠬᠡᠶᠢᠯᠡᠭᠰᠡᠨ ᠳᠠᠪᠠᠭᠤᠯᠢᠭ ᠲᠠᠭᠠᠨ ᠰᠠᠭᠤᠷᠢᠯᠠᠵᠤ᠂ ᠪᠦᠬᠦ ᠬᠤᠳᠠ ᠶᠢᠨ ᠬᠥᠩᠭᠡᠨ ᠴᠠᠭᠠᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠭᠤᠣᠯ ᠵᠢᠭᠰᠠᠭᠠᠯ ᠤᠨ ᠭᠠᠵᠠᠷ᠂ ᠭᠤᠣᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠢᠩᠭᠠᠨ ᠳ᠋ᠦᠩᠰᠢᠭᠤᠷ ᠤᠨ ᠲᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠣᠯᠣᠨ ᠤᠯᠤᠰ ᠤᠨ ᠲᠡᠰ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ ᠲᠦᠷᠭᠡᠨ ᠪᠠᠶᠢᠭᠤᠯᠵᠤ᠂ ᠨᠠᠶᠢᠳᠠᠪᠤᠷᠢᠵᠢᠭᠤᠯᠬᠤ ᠲᠦᠷᠦᠯ ᠵᠦᠢᠯ ᠤᠨ ᠠᠵᠢᠯ ᠡᠬᠢᠯᠡᠭᠦᠯᠬᠦ ᠶᠢ ᠠᠳᠬᠤᠬᠤ᠂ ᠪᠦᠲᠦᠭᠡᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠠᠬᠢᠴᠠ ᠶᠢ ᠠᠳᠬᠤᠬᠤ᠂ ᠪᠠᠷᠢᠯᠭ᠎ᠠ ᠳᠠᠭᠤᠰᠤᠭᠰᠠᠨ ᠲᠦᠷᠦᠯ ᠵᠦᠢᠯ ᠤᠨ ᠠᠰᠢᠭᠯᠠᠯᠲᠠ ᠳᠤ ᠣᠷᠣᠭᠤᠯᠬᠤ ᠶᠢ ᠠᠳᠬᠤᠬᠤ ᠶᠢ ᠪᠠᠷᠢᠮᠲᠠᠯᠠᠵᠤ᠂ ᠪᠦᠬᠦ ᠲᠣᠭᠤᠷᠢᠭ ᠢᠶᠠᠷ ᠢᠶᠠᠨ ︽ᠠᠬᠢᠴᠠ ᠶᠢᠨ ᠵᠤᠷᠪᠤᠰ︾ ᠢ ᠳᠦᠭᠦᠷᠲᠡᠯ᠎ᠡ ︽ᠲᠦᠷᠭᠡᠨ ᠭᠦᠶᠦᠬᠦ︾ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠯᠠᠭᠤᠨ ᠥᠷᠨᠢᠯᠲᠡ ᠶᠢ ᠪᠤᠢ ᠪᠣᠯᠭᠠᠵᠤ᠂ ︽ᠯᠤᠤ ᠳᠡᠭᠦᠯᠢᠨ ᠨᠢᠰᠬᠦ︾ ᠡᠷᠴᠢ ᠵᠣᠷᠢᠭ ᠢᠶᠠᠷ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠵᠢᠭᠠᠰᠤ ᠳᠡᠭᠦᠯᠢᠨ ᠤᠷᠤᠭᠰᠢᠯᠠᠬᠤ︾ ᠡᠷᠴᠢ ᠵᠣᠷᠢᠭ ᠢᠶᠠᠷ ᠲᠦᠷᠦᠯ ᠵᠦᠢᠯ ᠤᠨ ᠦᠢᠯᠡᠴᠢᠯᠡᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠠᠮᠢᠳᠤ ᠰᠡᠷᠡᠭᠦᠨ ᠪᠠᠶᠢᠬᠤ︾ ᠶᠢᠨ ᠡᠷᠴᠢ ᠵᠣᠷᠢᠭ ᠢᠶᠠᠷ ᠲᠦᠷᠦᠯ ᠵᠦᠢᠯ ᠤᠨ ᠦᠢᠯᠡᠴᠢᠯᠡᠭᠡ ᠶᠢ ᠰᠠᠶᠢᠲᠤᠷ ᠬᠢᠵᠦ᠂ ᠰᠦᠷ ᠳᠠᠯᠠᠶᠢᠴᠠᠲᠠᠢ ᠰᠢᠨ᠎ᠡ ᠬᠥᠳᠡᠯᠭᠡᠭᠦ ᠬᠦᠴᠦᠨ ᠢᠶᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠢᠭᠡ ᠵᠠᠮ ᠢᠶᠠᠷ ︽ᠰᠢᠨ᠎ᠡ︾ ᠠᠶᠠᠨ ᠵᠦᠭ ᠤᠷᠤᠭᠰᠢᠯᠠᠨ᠎ᠠ︕
     ᠡᠨᠡ ᠨᠢᠭᠡ ᠵᠢᠯ ᠳᠤ᠂ ᠳ᠋ᠦᠩ ᠾᠧ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠶᠢᠨ ᠵᠠᠮ ᠮᠥᠷ ᠢ ᠡᠷᠭᠢᠴᠡᠭᠦᠯᠬᠦ ᠳᠤ᠂ ︽ᠰᠢᠨ᠎ᠡ︾ ᠭᠡᠳᠡᠭ ᠦᠰᠦᠭ ᠨᠢ ᠲᠡᠭᠦᠨ ᠤ ᠳᠣᠲᠣᠷᠠᠬᠢ ᠬᠠᠮᠤᠭ ᠤᠨ ᠭᠢᠯᠠᠯᠵᠠᠭᠰᠠᠨ ᠬᠢᠯᠠᠰ ᠴᠡᠭ ᠪᠣᠯᠬᠤ ᠨᠢ ᠳᠠᠮᠵᠢᠭ ᠦᠭᠡᠢ ᠶᠤᠮ᠃ ᠸᠧᠢ ᠺᠧ ᠰᠢᠨ᠎ᠡ ᠮᠠᠲ᠋ᠧᠷᠢᠶᠠᠯ ᠨᠢ 20 ᠲᠦᠮᠡᠨ ᠲᠣᠨ ᠪᠣᠬᠢᠷᠲᠤᠯ ᠦᠭᠡᠢ ᠬᠥᠩᠭᠡᠨᠴᠠᠭᠠᠨ ᠤ ᠬᠠᠶᠢᠯᠤᠰᠢ ᠶᠢᠨ ᠰᠢᠨ᠎ᠡ ᠮᠠᠲ᠋ᠧᠷᠢᠶᠠᠯ ᠤᠨ ᠲᠦᠷᠦᠯ ᠵᠦᠢᠯ ᠨᠢ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠶᠢᠨ ᠢᠵᠢ ᠪᠦᠷᠢᠳᠦᠭᠰᠡᠨ ᠬᠦᠷᠢᠶᠡᠨ ᠤ ᠬᠤᠭᠤᠰᠣᠨ ᠢ ᠨᠥᠬᠦᠪᠥᠷᠢᠯᠡᠪᠡ᠃ ᠬᠤᠸᠠ ᠽᠢ 2 ᠲᠦᠮᠡᠨ ᠲᠣᠨ ᠰᠢᠷ᠎ᠠ ᠴᠠᠪᠠᠤ ᠤᠨ ᠲᠦᠷᠦᠯ ᠵᠦᠢᠯ ᠨᠢ ᠪᠤᠭᠤᠲᠤ ᠬᠤᠳᠠ ᠶᠢᠨ ᠲᠤᠮᠤ ᠬᠡᠯᠪᠡᠷᠢ ᠶᠢᠨ ᠡᠷᠳᠡᠨᠢ ᠰᠢᠰᠢ ᠶᠢ ᠨᠠᠷᠢᠯᠢᠭ ᠡᠳ᠋ᠰᠢᠭᠦᠯᠬᠦ ᠠᠵᠤ ᠦᠢᠯᠡᠰ ᠪᠣᠯᠤᠨ ᠳ᠋ᠦᠩ ᠾᠧ ᠲᠣᠭᠤᠷᠢᠭ ᠤᠨ ᠠᠮᠢᠳᠤ ᠪᠣᠳᠠᠰ ᠤᠨ ᠢᠰᠬᠡᠯᠲᠡ ᠶᠢᠨ ᠠᠵᠤ ᠦᠢᠯᠡᠰ ᠤᠨ ᠬᠤᠭᠤᠰᠣᠨ ᠢ ᠨᠥᠬᠦᠪᠥᠷᠢᠯᠡᠪᠡ᠃ ᠬᠤᠸᠠ ᠶᠦᠨ ᠭᠤᠷᠪᠠᠳᠤᠭᠠᠷ ᠬᠤᠭᠤᠴᠠᠭᠠᠨ ᠤ ᠬᠠᠶᠢᠯᠤᠰᠢ ᠶᠢᠨ ᠬᠥᠩᠭᠡᠨ ᠴᠠᠭᠠᠨ ᠤ ᠲᠦᠷᠦᠯ ᠵᠦᠢᠯ ᠤᠨ 220 ᠺᠢᠯᠤᠸᠤᠯᠲ ᠤᠨ ᠪᠣᠬᠢᠷᠲᠤᠯ ᠦᠭᠡᠢ ᠴᠠᠬᠢᠯᠭᠠᠨ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠴᠠᠬᠢᠯᠭᠠᠨ ᠬᠠᠩᠭᠠᠯᠭ᠎ᠠ ᠶᠢ ᠠᠰᠢᠭᠯᠠᠯᠲᠠ ᠳᠤ ᠣᠷᠣᠭᠤᠯᠵᠤ᠂ ︽ᠨᠡᠭᠦᠷᠡᠰᠦᠲᠥ᠋ᠷᠥᠭᠴᠢ ᠶᠢᠨ ᠵᠠᠮ ᠤᠨ ᠬᠤᠰᠢᠭᠤᠴᠢ︾ ᠪᠤᠯᠵᠤ᠂ ᠲᠤᠨᠤᠭ ᠲᠥᠬᠦᠭᠡᠷᠦᠮᠵᠢ ᠨᠢ ᠲᠣᠭᠠᠴᠢᠯᠠᠭᠰᠠᠨ ᠵᠢᠭᠦᠷ ᠤᠷᠭᠤᠭᠤᠯᠵᠤ᠂ ︽ᠣᠶᠤᠨᠴᠢ ᠦᠢᠯᠡᠳᠬᠡᠯ︾ ᠤᠨ ᠰᠢᠨ᠎ᠡ ᠬᠥᠳᠡᠯᠭᠡᠬᠦ ᠬᠦᠴᠦᠨ ᠢ ᠪᠠᠳᠠᠷᠠᠭᠤᠯᠪᠠ ᠁ ᠨᠢᠭᠡᠨ ᠴᠣ ᠰᠢᠨ᠎ᠡ ᠰᠢᠪᠲᠤᠯᠤᠯᠲᠠ ᠲᠠᠢ᠂ ᠰᠢᠨ᠎ᠡ ᠪᠦᠲᠦᠭᠡᠭᠳᠡᠬᠦᠨ ᠮᠡᠨᠳᠦᠯᠡᠭᠰᠡᠨ᠂ ᠰᠢᠨ᠎ᠡ ᠮᠡᠷᠭᠡᠵᠢᠯ ᠤᠨ ᠬᠡᠷᠡᠭᠯᠡᠯᠲᠡ ᠨᠦᠭᠦᠳ ᠨᠢ ᠶᠠᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠤᠯᠭᠠᠭᠤᠷᠢᠯᠠᠬᠤ ᠪᠠ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠲᠥᠯᠥᠨ ᠳᠠᠭᠠᠭᠤᠯᠵᠤ ᠳ᠋ᠦᠩ ᠾᠧ ᠲᠣᠭᠤᠷᠢᠭ ᠲᠤ ᠦᠳᠲᠡᠷ ᠲᠦᠷᠭᠡᠨ ᠬᠥᠭᠵᠢᠨ ᠮᠠᠨᠳᠤᠬᠰᠠᠨ ᠠᠮᠢᠳᠤᠯᠢᠭ ᠲᠠᠶᠢᠯᠪᠤᠷᠢ ᠪᠣᠯᠤᠨ᠎ᠠ᠃
     ᠡᠨᠡ ᠨᠢᠭᠡ ᠵᠢᠯ ᠳᠤ᠂ ᠳ᠋ᠦᠩ ᠾᠧ ᠲᠣᠭᠤᠷᠢᠭ ᠤᠨ ᠬᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠯ᠂ ᠲᠡᠰ ᠳᠡᠪᠰᠢᠭᠦᠯᠬᠦ ᠠᠵᠢᠯᠯᠠᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠵᠤ᠂ ᠬᠤᠳᠠ ᠶᠢᠨ ᠬᠡᠷᠡᠭᠯᠡᠭᠡ ᠶᠢ ᠲᠠᠶᠢᠴᠢᠯᠠᠵᠦ᠂ ᠬᠤᠳᠠ ᠶᠢᠨ ︽ᠬᠦᠷᠢᠶ᠎ᠡ ᠠᠴᠠ ᠭᠠᠷᠬᠤ︾ ᠶᠢ ᠲᠠᠶᠢᠴᠢᠯᠠᠭᠰᠠᠨ ᠢᠶᠠᠷ ᠪᠠᠷᠠᠬᠤ ᠦᠭᠡᠢ᠂ ᠨᠡᠩ ᠴᠤ ᠵᠠᠬ᠎ᠠ ᠳᠡᠯᠭᠡᠭᠦᠷ ᠢ ︽ᠬᠥᠭᠵᠢᠶᠡᠨᠲᠦ︾᠂ ᠬᠡᠷᠡᠭᠯᠡᠭᠡ ᠶᠢ ︽ᠬᠠᠯᠠᠭᠤᠷᠠᠯ︾ ᠪᠣᠯᠭᠠᠵᠤ᠂ ᠬᠥᠮᠦᠰ ᠤᠨ ᠬᠦᠷᠢᠶᠡᠯᠡᠯ ᠢ ᠶᠡᠬᠡᠳᠡ ᠣᠯᠤᠭᠰᠠᠨ ᠪᠠᠶᠢᠨ᠎ᠠ᠃ ᠬᠠᠪᠤᠷ ᠵᠤᠨ ᠨᠠᠮᠤᠷ ᠡᠪᠦᠯ᠂ ᠵᠢᠯ ᠤᠨ ᠡᠬᠢᠨ ᠠᠴᠠ ᠵᠢᠯ ᠤᠨ ᠡᠴᠦᠰ ᠪᠣᠯᠲᠠᠯ᠎ᠠ᠂ 2024 ᠣᠨ ᠤ ᠳ᠋ᠦᠩ ᠾᠧ ᠲᠣᠭᠤᠷᠢᠭ ᠨᠢᠭᠡ ᠤᠳᠠᠭᠠᠨ ᠤ ᠭᠤᠢᠳᠠ ᠰᠠᠢᠬᠠᠨ ᠬᠥᠳᠡᠯᠭᠡᠭᠡᠨ᠂ ᠥᠪᠡᠷᠮᠢᠴᠡ ᠣᠨᠴᠠᠯᠢᠭ ᠲᠠᠢ ᠲᠥᠷᠥᠯ ᠵᠦᠢᠯ ᠢᠶᠠᠷ ᠡᠯ᠎ᠡ ᠲᠠᠯ᠎ᠠ ᠳᠤ ᠲᠡᠭᠦᠨ ᠤ ᠲᠠᠲᠠᠬᠤ ᠬᠦᠴᠦᠨ ᠪᠠ ᠠᠮᠢᠵᠢᠷᠠᠯ ᠤᠨ ᠬᠦᠴᠦᠨ ᠢ ᠬᠠᠷᠠᠭᠤᠯᠵᠠᠢ᠃ ᠴᠠᠭᠠᠨ ᠰᠠᠷ᠎ᠠ ᠶᠢᠨ ᠬᠤᠭᠤᠴᠠᠭᠠᠨ ᠳᠠᠬᠢ ᠪᠤᠭᠤᠲᠤ ᠶᠢᠨ ᠠᠯᠲᠠᠨ ᠵᠡᠭᠡᠯᠢ ᠨᠢ ᠬᠥᠮᠦᠨ ᠤ ᠴᠤᠭ ᠵᠢᠪᠬᠤᠭ᠎ᠠ ᠪᠠᠳᠠᠷᠠᠵᠤ᠂ ︽ᠬᠠᠯᠠᠭᠤᠨ︾ ᠬᠦᠴᠦ ᠨᠢ ᠳᠥᠷᠪᠡᠨ ᠵᠦᠭ ᠰᠠᠴᠤᠷᠠᠵᠤ᠂ ᠬᠠᠷᠠᠩᠭ᠎ᠠ ᠬᠡᠩᠭᠡᠷᠭᠡ᠂ ᠮᠣᠳᠣᠨ ᠬᠥᠯᠲᠦ᠂ ᠬᠤᠶᠠᠷ ᠬᠦᠮᠦᠨ ᠤ ᠡᠯᠭᠦᠴᠡᠭᠡ ᠰᠦᠷ ᠳᠠᠯᠠᠢᠴᠠᠲᠠᠢ ᠁ ᠬᠠᠮᠤᠭ ᠤᠨ ᠬᠥᠷ ᠨᠠᠷᠭᠢᠶᠠᠨ ᠲᠠᠢ ︽ᠴᠠᠭᠠᠨ ᠰᠠᠷ᠎ᠠ ᠶᠢᠨ ᠬᠡᠪ ᠵᠠᠭᠪᠤᠷ︾ ᠢ ᠨᠡᠭᠡᠭᠡᠨ᠂ ᠵᠤᠨ ᠤ ᠰᠡᠭᠦᠯᠴᠢ ᠨᠠᠮᠤᠷ ᠤᠨ ᠰᠠᠶᠢᠨ ᠰᠠᠢᠬᠠᠨ ᠤᠯᠠᠷᠢᠯ ᠳᠤ᠂ ᠶᠢᠰᠦᠨ ᠮᠣᠵᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠪᠤᠭᠤᠲᠤ ᠶᠢᠨ ᠠᠯᠲᠠᠨ ᠵᠡᠭᠡᠯᠢ ᠳᠤ ᠴᠤᠭᠯᠠᠷᠠᠵᠤ ᠬᠥᠮᠦᠰ ᠲᠤ ᠦᠨᠡᠨᠬᠦ ᠪᠣᠳᠠᠰ ᠤᠨ ᠪᠤᠰᠤ ᠰᠣᠶᠣᠯ ᠤᠨ ᠥᠪ ᠢᠶᠠᠷ ᠣᠷᠣᠵᠤ᠂ ᠢᠳᠡᠵᠦ ᠤᠤᠭᠤᠵᠤ ᠨᠠᠭᠠᠳᠬᠤ ᠳᠤᠮᠳᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠭᠦᠯᠦᠨ᠎ᠡ᠃
     ᠡᠨᠡ ᠨᠢᠭᠡ ᠵᠢᠯ ᠳᠤ᠂ ᠪᠤᠭᠤᠲᠤ ᠶᠢᠨ ᠨᠠᠨ ᠬᠠᠢ ᠦᠵᠡᠮᠵᠢ ᠶᠢᠨ ᠣᠷᠣᠨ ᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠯᠤᠤᠲᠤ ᠣᠩᠭᠤᠴᠠᠨ ᠤ ᠤᠷᠤᠯᠳᠤᠭᠠᠨ ᠨᠢ ᠬᠥᠮᠦᠰ ᠤᠨ ᠬᠦᠷᠢᠶᠡᠯᠡᠯ ᠢ ᠣᠯᠵᠤ᠂ ᠨᠢᠰᠬᠦ ᠮᠡᠲᠦ ᠲᠦᠷᠭᠡᠨ ᠳᠠᠪᠬᠢᠬᠤ᠂ ᠯᠤᠤᠲᠤ ᠣᠩᠭᠤᠴᠠ᠂ ᠬᠡᠩᠭᠡᠷᠭᠡ ᠶᠢᠨ ᠳᠠᠭᠤᠨ ᠪᠠ ᠬᠠᠰᠬᠢᠷᠠᠬᠤ ᠳᠠᠭᠤᠨ ᠨᠢ ᠵᠤᠭᠠᠴᠠᠭᠰᠠᠳ ᠤᠨ ᠬᠤᠷᠳᠤᠴᠠ ᠪᠠ ᠤᠷᠮ᠎ᠠ ᠰᠡᠳᠭᠢᠯᠭᠡ ᠳᠤᠮᠳᠠ ᠰᠣᠶᠣᠯ ᠤᠨ ᠷᠢᠳᠢ ᠰᠢᠳᠢ ᠶᠢ ᠣᠶᠢᠯᠠᠭᠠᠨ᠎ᠠ᠃ ᠭᠦᠶᠦᠭᠴᠢ ᠨᠠᠷ ᠨᠠᠨ ᠬᠠᠢ ᠦᠵᠡᠮᠵᠢ ᠶᠢᠨ ᠣᠷᠣᠨ ᠤ ᠴᠤᠤᠷᠢᠶ᠎ᠠ ᠳᠣᠲᠣᠷ᠎ᠠ ᠥᠪᠡᠷ ᠢ ᠪᠠᠨ ᠥᠷᠢᠰᠥᠯᠳᠦᠭᠦᠯᠵᠦ᠂ ᠬᠦᠴᠦᠯᠡᠨ ᠭᠦᠶᠦᠵᠦ᠂ ︽ᠪᠤᠭᠤᠲᠤ ᠶᠢᠨ ᠮᠠᠷᠠᠽᠤᠨ︾ ᠬᠠᠮᠲᠤ ᠶᠢᠨ ᠰᠡᠭᠦᠳᠡᠷ ᠲᠠᠲᠠᠵᠤ᠂ ᠡᠨᠡ ᠬᠤᠲᠠ ᠶᠢ ᠠᠮᠢᠵᠢᠷᠠᠯ ᠤᠨ ᠬᠦᠴᠦᠨ ᠪᠠ ᠣᠷᠭᠢᠯᠤᠮ᠎ᠠ ᠰᠡᠳᠭᠢᠯᠭᠡ ᠪᠠᠷ ᠪᠢᠯᠬᠠᠮ᠎ᠠ ᠪᠣᠯᠭᠠᠵᠠᠢ ︵ᠬᠡᠭᠡᠷ᠎ᠡ ᠪᠠᠭᠤᠳᠠᠯᠯᠠᠬᠤ ᠨᠢ ᠳ᠋ᠦᠩ ᠾᠧ ᠲᠣᠭᠤᠷᠢᠭ ᠤᠨ ᠡᠷᠭᠢᠨ ᠲᠣᠭᠤᠷᠢᠨ ᠤ ᠵᠤᠭᠠᠴᠠᠯ ᠤᠨ ︽ᠨᠠᠷᠡᠲᠦ ᠵᠤᠭᠠᠴᠠᠯ︾ ᠪᠣᠯᠵᠤ᠂ ᠠᠳᠣᠭᠤᠴᠢᠨ ᠲᠤᠰᠬᠤᠨ᠂ ᠯᠢᠦ ᠪᠤᠤ ᠶᠣᠣ ᠲᠤᠰᠬᠤᠨ᠂ ᠲᠢᠶᠠᠨ ᠾᠧ ᠵᠡᠷᠭᠡ ᠬᠡᠪ ᠨᠠᠮᠪᠠ ᠨᠢ ᠠᠳᠠᠯᠢ ᠪᠤᠰᠤ ᠬᠡᠭᠡᠷ᠎ᠡ ᠪᠠᠭᠤᠳᠠᠯᠯᠠᠬᠤ ᠭᠠᠵᠠᠷ ᠨᠢ ᠬᠤᠲᠠ ᠶᠢᠨ ᠠᠷᠠᠳ ᠪᠠ ᠵᠤᠭᠠᠴᠠᠭᠰᠠᠳ ᠤᠨ ᠬᠦᠷᠢᠶᠡᠯᠡᠯ ᠢ ᠣᠯᠵᠤ᠂ ᠠᠮᠠᠷᠠᠯᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠥᠷᠭᠡᠳᠭᠡᠵᠡᠢ᠃
     ᠡᠨᠡ ᠨᠢᠭᠡ ᠵᠢᠯ ᠳᠤ᠂ ᠡᠨᠡ ᠬᠦ ᠬᠠᠯᠠᠭᠤᠨ ᠬᠥᠷᠥᠰᠥᠨ ᠳᠤ ᠤᠨᠴᠠᠯᠢᠬᠳᠤ ᠠᠵᠤ ᠦᠢᠯᠡᠰ ᠢᠳᠡᠷᠡᠭᠦᠨ ᠢᠶᠠᠷ ᠦᠰᠦᠨ ᠪᠤᠶᠢᠵᠢᠵᠤ᠂ ᠦᠵᠡᠰᠬᠦᠯᠡᠩᠲᠦ ᠰᠠᠶᠢᠬᠠᠨ ᠲᠣᠰᠬᠤᠨ ᠤ ᠵᠢᠷᠤᠭ ᠢ ᠳᠡᠯᠭᠡᠵᠦ᠂ ᠬᠦᠮᠦᠰ ᠤᠨ ᠢᠨᠢᠶᠡᠳᠦ ᠵᠣᠯ ᠵᠢᠷᠭᠠᠯ ᠯᠤᠲᠤ ᠶᠡᠭᠡ ᠬᠤᠪᠢᠷᠠᠯᠲᠠ ᠲᠠᠢ ᠪᠠᠶᠢᠬᠤ ᠶᠢ ᠶᠠᠷᠢᠵᠤ ᠪᠠᠶᠢᠨ᠎ᠠ ᠁ ᠨᠢᠳᠦ ᠭᠢᠯᠠᠰᠤᠮ᠎ᠠ ᠲᠤᠭ᠎ᠠ ᠪᠠᠷᠢᠮᠲᠠ᠂ ᠨᠢᠭᠡ ᠨᠢᠭᠡ ᠵᠦᠢᠯ ᠤᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ᠂ ᠠᠯᠬᠤᠮ ᠠᠯᠬᠤᠮ ᠢᠶᠠᠷ ᠯᠠᠪᠳᠠᠭᠤᠨ ᠪᠠᠲᠤᠲᠠᠢ ᠲᠡᠮᠡᠴᠡᠵᠦ᠂ ᠬᠥᠳᠡᠭᠡ ᠠᠵᠤ ᠠᠬᠤᠢ ᠨᠡᠩ ᠴᠢᠩᠭ᠎ᠠ᠂ ᠬᠥᠳᠡᠭᠡ ᠲᠣᠰᠬᠤᠨ ᠨᠡᠩ ᠰᠠᠶᠢᠬᠠᠨ᠂ ᠲᠠᠷᠢᠶᠠᠴᠢᠨ ᠨᠡᠩ ᠪᠠᠶᠠᠨ ᠴᠢᠨᠡᠭᠡᠯᠢᠭ ᠰᠢᠨ᠎ᠡ ᠬᠠᠭᠤᠳᠠᠰᠤ ᠶᠢ ᠬᠠᠮᠲᠤᠪᠠᠷ ᠵᠢᠷᠤᠭᠯᠠᠪᠠ᠃
     ︽ᠰᠠᠷᠠᠴᠢᠨ ᠤ ᠯᠠᠵᠤᠤ᠂ ᠬᠠᠶᠢᠳᠠᠢ ᠶᠢᠨ ᠰᠠᠷᠢᠮᠰᠠᠭ᠂ ᠰᠠᠮᠤᠷᠴᠢ ᠶᠢᠨ ᠦᠵᠦᠮ ᠨᠢᠭᠡ ᠬᠡᠯᠬᠢᠶ᠎ᠡ ᠬᠡᠯᠬᠢᠶ᠎ᠡ ᠪᠣᠯᠵᠤ ᠁︾ ᠡᠨᠡ ᠨᠢᠭᠡ ᠵᠢᠯ ᠳᠤ᠂ ᠪᠥᠬᠦ ᠬᠤᠲᠠ ᠶᠢᠨ ︽ᠢᠳᠡᠰᠢᠨ ᠨᠣᠭᠤᠭ᠎ᠠ︾ ᠶᠢᠨ ᠳ᠋ᠦᠩ ᠾᠧ ᠲᠣᠭᠤᠷᠢᠭ ᠪᠣᠯᠤᠭᠰᠠᠨ ᠤ ᠬᠤᠪᠢ ᠳᠤ᠂ ᠪᠡᠯᠡᠳᠭᠡᠮᠵᠢᠳᠤ ᠲᠠᠷᠢᠶᠠᠯᠠᠩ ᠤᠨ ᠲᠠᠯᠠᠪᠠᠶ 3.8 ᠲᠦᠮᠡᠨ ᠮᠥ ᠳᠤ ᠬᠦᠷᠴᠦ᠂ ᠴᠢᠬᠢ ᠪᠤᠶᠢᠵᠢᠭᠤᠯᠬᠤ ᠴᠢᠳᠠᠪᠤᠷᠢ ᠨᠢ 3 ᠳ᠋ᠦᠩᠰᠢᠭᠤᠷ ᠰᠠᠭᠤᠷᠢ ᠶᠢ ᠳᠠᠪᠠᠵᠤ᠂ ᠲᠢᠶᠠᠨ ᠾᠧ ᠲᠤᠲᠤᠷᠭ᠎ᠠ ᠨᠢ ︽ᠬᠤᠶᠠᠷ ᠪᠦᠲᠦᠭᠡᠭᠳᠡᠬᠦᠨ ᠨᠢᠭᠡ ᠲᠡᠮᠳᠡᠭ︾ ᠤᠨ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠢ ᠪᠡᠶᠡᠯᠡᠭᠦᠯᠵᠦ᠂ ︽ᠳ᠋ᠦᠩ ᠾᠧ ᠲᠥᠪᠡᠳ ᠬᠠᠰᠢ︾ ᠶᠢ ︽ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠣᠷᠣᠭᠤᠯᠵᠤ᠂ ᠶᠢᠨ ᠯᠦ ᠲᠣᠰᠣ ᠵᠡᠷᠭᠡ ᠵᠢᠷᠭᠤᠭᠠᠨ ᠵᠥᠢᠯ ᠤᠨ ᠪᠦᠲᠦᠭᠡᠭᠳᠡᠬᠦᠨ ᠨᠡᠷᠡᠲᠦ ᠲᠡᠮᠳᠡᠭ ᠤᠨ ᠭᠡᠷᠡᠴᠢᠯᠡᠯ ᠢ ᠪᠡᠶᠡᠯᠡᠭᠦᠯᠵᠦ᠂ ᠬᠠᠶᠢᠳᠠᠢ ᠲᠣᠰᠬᠤᠨ ᠤ ᠢᠳᠡᠰᠢᠨ ᠨᠣᠭᠤᠭ᠎ᠠ ᠶᠢᠨ ᠨᠡᠶᠢᠭᠡᠮᠯᠢᠭ᠂ ᠨᠠᠨ ᠬᠠᠢ ᠽᠢ ᠪᠣᠬᠢᠷᠲᠤᠯ ᠥᠬᠡᠶ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠲᠡᠭᠡᠭᠡᠪᠦᠷᠢᠯᠡᠨ ᠪᠣᠷᠣᠯᠠᠭᠤᠯᠬᠤ ᠨᠡᠶᠢᠭᠡᠮᠯᠢᠭ ᠨᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠮᠲᠤ ᠶᠢᠨ ᠲᠠᠸᠠᠷ ᠤᠨ ᠲᠡᠮᠳᠡᠭ ᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ︽ᠳ᠋ᠦᠩ ᠾᠧ ᠬᠤᠩ ᠹᠠᠨ · ᠳ᠋ᠦᠩ ᠾᠧ ᠨᠣᠭᠤᠭᠠᠨ ᠢᠳᠡᠰᠢᠨ ᠨᠣᠭᠤᠭ᠎ᠠ︾ ᠶᠢ ᠵᠢᠮᠢᠰ ᠢᠳᠡᠰᠢᠨ ᠨᠣᠭᠤᠭ᠎ᠠ ᠶᠢᠨ ᠤᠷᠤᠯᠳᠤᠭᠠᠨ ᠤ ᠵᠠᠮ ᠳᠡᠭᠡᠷᠡᠬᠢ ᠴᠣᠷ ᠤᠨ ᠭᠠᠭᠴᠠ ︽ᠣᠳᠣᠨ ᠪᠦᠲᠦᠭᠡᠭᠳᠡᠬᠦᠨ︾ ᠪᠣᠯᠭᠠᠪᠠ᠃
  ᠡᠨᠡ ᠨᠢᠭᠡ ᠵᠢᠯ ᠳᠤ᠂ ᠪᠢᠳᠡ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ ᠤᠨ ︽ᠭᠤᠷᠪᠠᠨ ᠥᠨᠳᠦᠷᠯᠢᠭ︾ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠡᠳ᠋ᠯᠡᠵᠦ᠂ ᠭᠡᠷ ᠤᠨ ᠡᠭᠦᠳᠡᠨ ᠳᠤ ᠰᠠᠶᠢᠨ ᠰᠤᠷᠭᠠᠭᠤᠯᠢ᠂ ᠨᠡᠷᠡᠲᠦ ᠡᠮᠴᠢ᠂ ᠲᠣᠭᠯᠠᠯᠲᠠ ᠰᠣᠨᠢᠷᠬᠠᠵᠤ᠂ ᠦᠨᠳᠦᠰᠦᠨ ᠠᠷᠠᠳ ᠤᠨ ᠠᠮᠢᠳᠤᠷᠠᠯ ᠢ ᠪᠦᠲᠦᠮᠵᠢᠲᠡᠢ ᠪᠠᠲᠤᠯᠠᠪᠠ᠃
     ᠡᠨᠡ ᠨᠢᠭᠡ ᠵᠢᠯ ᠳᠤ᠂ ︽ᠳᠤᠯᠠᠭᠠᠨ ᠢᠨᠵᠧᠨᠧᠷᠢᠩ︾᠂ ᠲᠡᠭᠡᠭᠡᠪᠦᠷᠢ ᠣᠷᠣᠭᠤᠯᠵᠤ ᠴᠠᠬᠢᠯᠭᠠᠨ ᠴᠡᠨᠡᠭᠯᠡᠬᠦ ᠲᠠᠯᠠᠪᠤᠷ ᠥᠷᠲᠡᠭᠡ᠂ ᠴᠠᠬᠢᠯᠭᠠᠨ ᠴᠡᠨᠡᠭᠯᠡᠬᠦ ᠪᠠᠭᠠᠨ᠎ᠠ᠂ ᠰᠢᠨ᠎ᠡ ᠪᠠᠷ ᠨᠡᠮᠡᠭᠳᠡᠭᠰᠡᠨ ᠴᠡᠴᠡᠷᠯᠢᠭ ᠤᠨ ᠬᠡᠤᠬᠡᠳ ᠤᠨ ᠵᠤᠭ᠎ᠠ ᠴᠡᠩᠭᠡᠯ ᠤᠨ ᠠᠵᠢᠯᠯᠠᠭ᠎ᠠ ᠶᠢᠨ ᠪᠡᠯᠡᠳᠬᠡᠮᠵᠢ᠂ ᠰᠢᠨ᠎ᠡ ᠪᠠᠷ ᠨᠡᠮᠡᠭᠳᠡᠭᠰᠡᠨ ᠨᠣᠭᠤᠭᠠᠨ ᠬᠥᠷᠥᠰᠥ ᠶᠢᠨ ᠲᠠᠯᠠᠪᠠᠶ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠥᠲᠥᠭᠡᠨ ᠪᠠᠶᠢᠭᠤᠯᠵᠤ᠂ ᠬᠤᠲᠠ ᠪᠠᠯᠭᠠᠰᠤᠨ ᠳᠤ ᠬᠦᠷᠴᠦ ᠲᠦᠮᠡ ᠰᠢᠬᠠᠮ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠦᠷᠭᠦᠯᠵᠢᠯᠡᠨ ᠨᠡᠮᠡᠭᠳᠡᠵᠦ᠂ ᠨᠡᠶᠢᠭᠡᠮ ᠲᠣᠭᠤᠷᠢᠭ ︵ᠬᠥᠳᠡᠭᠡ ᠲᠣᠰᠬᠤᠨ︶ ᠤᠨ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠪᠡᠯᠡᠳᠬᠡᠮᠵᠢ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠳᠠᠬᠢᠨ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠣᠨᠴᠠ ᠬᠦᠴᠢᠷᠳᠡᠯᠲᠡᠶ ᠬᠥᠮᠦᠰ᠂ ᠬᠦᠴᠢᠷᠳᠡᠯᠲᠡᠶ ᠵᠡᠮᠳᠡᠭᠴᠦᠳ ᠵᠡᠷᠭᠡ ᠶᠢ ᠬᠠᠯᠠᠮᠵᠢᠯᠠᠨ ᠬᠠᠪᠰᠤᠷᠪᠠ᠃ ᠨᠢᠭᠡ ᠵᠢᠯ ᠤᠨ ᠲᠤᠷᠰᠢ᠂ ᠳ᠋ᠦᠩ ᠾᠧ ᠲᠣᠭᠤᠷᠢᠭ ᠤᠨ ᠬᠢᠨ ᠠᠷᠠᠳ ᠤᠨ ᠠᠮᠢᠳᠤᠷᠠᠯ ᠤᠨ ᠠᠩᠬᠠᠷᠤᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠪᠠᠶᠢᠳᠠᠯ ᠢ ᠰᠡᠳᠬᠢᠯ ᠵᠢᠷᠦᠬᠡ ᠪᠠᠨ ᠬᠤᠯᠪᠣᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠠᠪᠤᠳᠠᠯ ᠢ ᠪᠣᠳᠠᠲᠠᠢ ᠬᠢᠵᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠶᠠᠪᠤᠳᠠᠯ ᠢ ᠰᠠᠶᠢᠲᠤᠷ ᠬᠢᠵᠦ᠂ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠳᠠ ᠶᠢᠨ ᠬᠠᠯᠠᠭᠤᠨ ᠳᠤᠯᠠᠭᠠᠨ ᠰᠠᠭᠤᠷᠢ ᠦᠩᠭᠡ ᠶᠢ ᠭᠡᠷᠡᠯᠳᠦᠬᠦᠯᠵᠠᠢ᠃
     ᠲᠡᠮᠡᠴᠡᠯ ᠤᠨ ᠵᠠᠮ ᠢ ᠡᠷᠭᠢᠴᠡᠭᠦᠯᠬᠦ      ᠪᠢᠳᠡ ᠠᠯᠬᠤᠮ ᠪᠦᠷᠢ ᠤᠷᠤᠭᠰᠢᠯᠠᠵᠤ᠂      ᠪᠦᠷ ᠬᠦᠴᠦ ᠬᠦᠯᠤᠰᠤ ᠪᠤᠯᠤᠨ ᠤᠢ ᠪᠢᠯᠢᠭ ᠢ ᠲᠦᠪᠯᠡᠷᠡᠬᠦᠯᠵᠠᠢ      ᠬᠠᠲᠤᠨ ᠭᠤᠣᠯ ᠤᠨ ᠬᠥᠪᠡᠭᠡᠨ ᠠᠴᠠ ᠡᠷᠲᠡᠨ ᠤ ᠢᠷᠠᠭᠤ ᠡᠭᠡᠰᠢᠭ      ᠳᠠᠯᠠᠨ ᠬᠠᠷ᠎ᠠ ᠠᠭᠤᠯᠠ ᠶᠢᠨ ᠳᠣᠣᠷᠠᠬᠢ ᠭᠤᠶᠣ ᠦᠵᠡᠮᠵᠢ      ᠥᠨᠴᠥᠭ ᠪᠣᠯᠣᠩ ᠪᠦᠷᠢ ᠳᠤ      ᠪᠢᠳᠡ ᠪᠦᠭᠦᠲᠡ ᠶᠢ ᠭᠡᠷᠡᠴᠢᠯᠡᠵᠦ      ᠶᠠᠪᠤᠵᠤ ᠥᠩᠭᠡᠷᠡᠭᠰᠡᠨ ᠶᠡᠷᠦ ᠪᠤᠰᠤ ᠶᠢᠨ ᠠᠶᠠᠨ      2025 ᠣᠨ ᠢ ᠪᠠᠷᠠᠯᠠᠬᠤ ᠳᠤ      ᠪᠢᠳᠡ ᠢᠲᠡᠭᠡᠯ ᠳᠦᠭᠦᠷᠡᠩ      ᠢᠷᠡᠭᠡᠳᠦᠢ ᠥᠭᠡᠳᠡ ᠤᠷᠤᠭᠰᠢᠯᠠᠶ᠎ᠠ︕
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1