ᠥᠪᠥᠷ ᠮᠣᠩᠭᠤᠯ ᠤᠨ ᠳ᠋ᠦᠩ ᠾᠧ ᠲᠣᠭᠤᠷᠢᠭ᠄ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠭᠤᠶᠣᠯᠠᠪᠠ
ᠨᠡᠶᠢᠲᠡᠯᠡᠭᠰᠡᠨ ᠴᠠᠭ᠄
2024/12/31
     ᠥᠪᠥᠷ ᠮᠣᠩᠭᠤᠯ ᠤᠨ ᠳ᠋ᠦᠩ ᠾᠧ ᠲᠣᠭᠤᠷᠢᠭ ᠤᠨ ᠰᠠᠷᠠᠴᠢᠨ ᠪᠠᠯᠭᠠᠰᠤᠨ ᠤ ᠠᠳᠤᠭᠤᠴᠢᠨ ᠲᠣᠰᠬᠤᠨ ᠳᠤ ᠬᠦᠷᠬᠦ ᠳᠤ᠂ ᠵᠠᠮ ᠴᠡᠪᠡᠷ ᠴᠡᠮᠴᠡᠭᠡᠷ᠂ ᠭᠡᠷ ᠪᠠᠶᠢᠰᠢᠩ ᠡᠮᠬᠢ ᠴᠡᠭᠴᠡ ᠲᠠᠢ ᠪᠠᠶᠢᠵᠤ᠂ ᠬᠦᠷᠢᠶ᠎ᠡ ᠬᠠᠰᠢᠶ᠎ᠠ ᠨᠠᠮ ᠵᠢᠮ᠂ ᠲᠣᠰᠬᠤᠨ ᠤ ᠡᠮᠦᠨ᠎ᠡ ᠲᠠᠯ᠎ᠠ ᠨᠢ ᠲᠠᠷᠢᠶᠠᠨ ᠭᠠᠵᠠᠷ ᠲᠠᠢ ᠵᠠᠯᠭᠠᠯᠳᠤᠵᠤ᠂ ᠲᠣᠰᠬᠤᠨ ᠤ ᠬᠤᠶᠢᠲᠤ ᠲᠠᠯ᠎ᠠ ᠨᠢ ᠰᠦᠷᠦᠭᠵᠢᠭᠰᠡᠨ ᠠᠭᠤᠯᠠ ᠲᠠᠢ᠂ ᠠᠮᠢ ᠠᠬᠤᠢ ᠶᠢᠨ ᠰᠠᠭᠤᠷᠢᠰᠢᠬᠤ ᠳᠤ ᠲᠣᠬᠢᠷᠠᠮᠵᠢᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠷᠤᠭ ᠢᠯᠡᠷᠡᠪᠡ᠃
     ︽ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠤᠭᠰᠠᠨ ᠠᠴᠠ ᠨᠠᠰᠢ᠂ ᠮᠠᠨ ᠤ ᠲᠣᠰᠬᠤᠨ ᠶᠡᠭᠡ ᠬᠤᠪᠢᠷᠠᠯᠲᠠ ᠭᠠᠷᠴᠤ᠂ ᠣᠷᠴᠢᠨ ᠲᠣᠭᠤᠷᠢᠨ ᠴᠤ ᠤᠯᠠᠮ ᠠᠴᠠ ᠤᠯᠠᠮ ᠴᠡᠪᠡᠷ ᠴᠡᠮᠴᠡᠭᠡᠷ ᠪᠣᠯᠵᠤ᠂ ᠠᠮᠢᠳᠤᠷᠠᠯ ᠤᠯᠠᠮ ᠠᠴᠠ ᠤᠯᠠᠮ ᠲᠠᠭᠠᠯᠠᠮᠵᠢᠲᠠᠢ ᠪᠣᠯᠵᠠᠢ︾ ᠭᠡᠪᠡ᠃ ᠲᠣᠰᠬᠤᠨ ᠤ ᠠᠷᠠᠳ ᠵᠠᠩ ᠳ᠋ᠠ ᡁᠢ ᠡᠨᠡ ᠵᠢᠯ ᠠᠴᠠ ᠨᠠᠰᠢᠬᠢ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠰᠠᠶᠢᠵᠢᠷᠠᠭᠰᠠᠨ ᠳᠤ ᠮᠠᠭᠲᠠᠨ ᠰᠠᠶᠢᠰᠢᠶᠠᠪᠠ᠃       ᠠᠳᠤᠭᠤᠴᠢᠨ ᠲᠣᠰᠬᠤᠨ ᠤ ᠦᠵᠡᠰᠬᠦᠯᠡᠩᠲᠦ ᠰᠠᠶᠢᠬᠠᠨ ᠬᠤᠪᠢᠷᠠᠯᠲᠠ ᠨᠢ ᠳ᠋ᠦᠩ ᠾᠧ ᠲᠣᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠭᠰᠠᠨ ᠬᠤᠷᠢᠶᠠᠩᠭᠤᠢ ᠳᠦᠷᠰᠦ ᠪᠣᠯᠣᠨ᠎ᠠ᠃      ᠣᠶᠢᠷ᠎ᠠ ᠶᠢᠨ ᠵᠢᠯ ᠳᠤ᠂ ᠳ᠋ᠦᠩ ᠾᠧ ᠲᠣᠭᠤᠷᠢᠭ ᠤᠨ ᠬᠢᠨ ᠣᠷᠴᠢᠨ ᠲᠣᠭᠤᠷᠢᠨ ᠤ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠷᠢᠯᠠᠭᠤᠯᠤᠯᠲᠠ ᠶᠢ ᠴᠢᠩᠭᠠᠳᠬᠠᠵᠤ᠂ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ︽ᠬᠥᠳᠡᠭᠡ ᠲᠣᠰᠬᠤᠨ ᠤ ︿ᠵᠣᠷᠯᠣᠩ ᠤᠨ ᠬᠤᠪᠢᠰᠬᠠᠯ﹀ ᠤᠨ ᠲᠤᠰᠬᠠᠢ ᠬᠡᠷᠡᠭᠵᠢᠭᠦᠯᠬᠦ ᠲᠥᠰᠥᠯ︾᠂ ︽ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢᠨ ᠬᠠᠪᠤᠷ ᠤᠨ ᠤᠯᠠᠷᠢᠯ ᠤᠨ ᠳᠠᠶᠢᠯᠠᠯᠳᠤᠭᠠᠨ ᠢ ᠬᠡᠷᠡᠭᠵᠢᠭᠦᠯᠬᠦ ᠲᠥᠰᠥᠯ︾᠂ ︽ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢᠨ ᠵᠤᠨ ᠤ ᠤᠯᠠᠷᠢᠯ ᠤᠨ ᠳᠠᠶᠢᠯᠠᠯᠳᠤᠭᠠᠨ ᠢ ᠬᠡᠷᠡᠭᠵᠢᠭᠦᠯᠬᠦ ᠲᠥᠰᠥᠯ︾ ᠵᠡᠷᠭᠡ ᠶᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ︽ᠵᠢᠰᠦ ᠴᠢᠷᠠᠢ︾ ᠪᠣᠯᠣᠨ ᠲᠣᠰᠬᠤᠨ ᠤ ᠠᠷᠠᠳ ᠤᠨ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠪᠣᠯᠤᠨ ᠪᠣᠬᠢᠷ ᠤᠰᠤ ᠶᠢ ᠰᠢᠢᠳᠪᠦᠷᠢᠯᠡᠬᠦ ᠪᠣᠯ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠠᠮᠤᠭ ᠤᠨ ᠬᠦᠴᠢᠷ ᠬᠤᠶᠠᠷ ᠬᠡᠰᠡᠭ ︽ᠬᠦᠴᠢᠷ ᠠᠰᠠᠭᠤᠳᠠᠯ︾ ᠪᠣᠯᠤᠨ᠎ᠠ᠂ ᠥᠩᠭᠡᠷᠡᠭᠰᠡᠨ ᠳᠤ ᠵᠠᠷᠢᠮ ᠲᠠᠷᠢᠶᠠᠴᠢᠨ ᠡᠷᠦᠬᠡ ᠬᠤᠭ ᠨᠣᠪᠰᠢ ᠶᠢ ᠣᠶᠢᠷ᠎ᠠ ᠬᠠᠪᠢ ᠶᠢᠨ ᠵᠠᠳᠠᠭᠠᠶ ᠬᠤᠭ ᠨᠣᠪᠰᠢ ᠶᠢᠨ ᠲᠠᠯᠠᠪᠠᠶ ᠳᠤ ᠰᠢᠭᠤᠳ ᠬᠠᠶᠠᠵᠤ᠂ ᠦᠮᠡᠬᠡᠢ ᠠᠭᠤᠷ ᠠᠮᠢᠰᠬᠤᠯ ᠢᠶᠠᠷ ᠪᠠᠷᠠᠬᠤ ᠥᠬᠡᠶ ᠪᠠᠰᠠ ᠲᠣᠰᠬᠤᠨ ᠤ ᠳᠦᠷᠰᠦ ᠪᠠᠶᠢᠳᠠᠯ ᠢ ᠨᠥᠯᠥᠭᠡᠯᠡᠳᠡᠭ᠃      ᠡᠨᠡ ᠬᠦ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠬᠦ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠢᠨ ︽ᠲᠠᠶᠢᠯᠬᠤ ᠰᠡᠳᠬᠢᠬᠦᠶ︾ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠨᠢᠭᠡ ᠴᠤᠬᠴᠠᠵᠢᠭᠤᠯᠬᠤ ᠶᠢ ᠦᠷᠭᠦᠯᠵᠢᠯᠡᠨ ᠠᠬᠢᠭᠤᠯᠵᠤ᠂ ︽ᠡᠷᠦᠬᠡ ᠪᠠᠷ ᠬᠤᠷᠠᠮᠳᠤᠭᠤᠯᠬᠤ᠂ ᠲᠣᠰᠬᠤᠨ ᠢᠶᠠᠷ ᠬᠤᠷᠢᠶᠠᠬᠤ᠂ ᠪᠠᠯᠭᠠᠰᠤ ᠪᠠᠷ ᠵᠥᠭᠡᠭᠡᠪᠦᠷᠢᠯᠡᠬᠦ᠂ ᠲᠣᠭᠤᠷᠢᠭ ᠢᠶᠠᠷ ᠰᠢᠢᠳᠪᠦᠷᠢᠯᠡᠬᠦ︾ ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠬᠦ ᠵᠠᠭᠪᠤᠷ ᠢ ᠠᠪᠴᠤ᠂ ︽ᠬᠤᠶᠠᠷ ᠪᠠᠯᠭᠠᠰᠤ︾ ᠶᠢᠨ 15 ᠬᠤᠭ ᠨᠣᠪᠰᠢ ᠶᠢ ᠰᠢᠯᠵᠢᠭᠦᠯᠦᠨ ᠲᠡᠭᠡᠭᠡᠪᠦᠷᠢᠯᠡᠬᠦ ᠦᠷᠳᠡᠭᠡ ᠶᠢᠨ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠳ᠋ᠦᠩ ᠾᠧ ᠲᠣᠭᠤᠷᠢᠭ ᠤᠨ ᠬᠤᠭ ᠨᠣᠪᠰᠢ ᠶᠢ ᠪᠤᠯᠠᠬᠤ ᠲᠠᠯᠠᠪᠠᠢ ᠳᠤ ᠴᠡᠪᠡᠷᠯᠡᠨ ᠲᠡᠭᠡᠭᠡᠪᠦᠷᠢᠯᠡᠵᠦ ᠰᠢᠢᠳᠪᠦᠷᠢᠯᠡᠵᠦ᠂ ᠣᠳᠣᠬᠠᠨ ᠳᠤ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠤᠨ ᠪᠦᠷᠬᠦᠴᠡ ᠶᠢᠨ ᠨᠤᠷᠮ᠎ᠠ 100% ᠳᠤ ᠬᠦᠷᠴᠡᠢ᠃
     ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠤᠨ ᠲᠠᠯ᠎ᠠ ᠪᠠᠷ᠂ ᠳ᠋ᠦᠩ ᠾᠧ ᠲᠣᠭᠤᠷᠢᠭ ᠤᠨ ᠬᠢᠨ ᠪᠣᠳᠠᠲᠤ ᠪᠠᠶᠢᠳᠠᠯ ᠢᠶᠠᠨ ᠦᠨᠳᠦᠰᠦᠯᠡᠨ ︽ᠡᠷᠦᠬᠡ ᠶᠢᠨ ᠵᠣᠷᠯᠣᠩ + ᠨᠡᠶᠢᠲᠡ ᠶᠢᠨ ᠵᠣᠷᠯᠣᠩ︾ ᠢ ᠬᠠᠮᠢᠶᠠᠷᠤᠨ ᠡᠵᠡᠮᠳᠡᠵᠦ ᠵᠠᠰᠠᠬᠤ ᠵᠠᠭᠪᠤᠷ ᠢ ᠠᠪᠴᠤ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ 2024 ᠣᠨ ᠳᠤ ᠰᠠᠷᠠᠴᠢᠨ ᠪᠠᠯᠭᠠᠰᠤᠨ ᠤ ᠰᠠᠷᠠᠴᠢᠨ ᠨᠢᠭᠡᠳᠦᠭᠡᠷ ᠲᠣᠰᠬᠤᠨ᠂ ᠰᠠᠷᠠᠴᠢᠨ ᠬᠤᠶᠠᠳᠤᠭᠠᠷ ᠲᠣᠰᠬᠤᠨ᠂ ᠰᠠᠷᠠᠴᠢᠨ ᠭᠤᠷᠪᠠᠳᠤᠭᠠᠷ ᠲᠣᠰᠬᠤᠨ᠂  ᠰᠠᠮᠤᠷᠴᠢ ᠲᠣᠰᠬᠤᠨ ᠳᠤ 905 ᠡᠷᠦᠬᠡ ᠶᠢᠨ ᠵᠣᠷᠯᠣᠩ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠭᠰᠡᠨ ᠪᠥᠭᠡᠳ ᠬᠡᠷᠡᠭᠴᠡᠭᠡ ᠲᠠᠢ ᠭᠠᠵᠠᠷ ᠲᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠡᠶᠢᠲᠡ ᠶᠢᠨ ᠵᠣᠷᠯᠣᠩ ᠢ ᠪᠥᠲᠥᠭᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠳᠤᠷᠠᠳᠬᠤ ᠳᠤ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠄ ︽ᠬᠤᠲᠠ ᠲᠠᠢ ᠬᠠᠷᠢᠴᠠᠭᠤᠯᠪᠠᠯ᠂ ᠬᠥᠳᠡᠭᠡ ᠲᠣᠰᠬᠤᠨ ᠳᠤ ᠥᠪᠡᠷ ᠤᠨ ᠣᠨᠴᠠᠯᠢᠭ ᠲᠠᠢ ᠪᠠᠶᠢᠵᠤ᠂ ᠡᠰᠢ ᠰᠦᠷᠡᠯ᠂ ᠰᠦᠯᠢᠶᠣᠣ ᠪᠦᠷᠬᠦᠪᠴᠢ᠂ ᠮᠠᠯ ᠵᠢᠭᠦᠷᠲᠡᠨ ᠤ ᠪᠠᠭᠠᠰᠤ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠬᠡᠷᠬᠢᠨ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠡᠶᠡᠯᠡᠭᠦᠯᠬᠦ ᠪᠣᠯ ᠮᠠᠨ ᠤ ᠣᠶᠢᠷ᠎ᠠ ᠶᠢᠨ ᠵᠢᠯ ᠳᠤ ᠭᠤᠤᠯᠳᠠᠯᠭ᠎ᠠ ᠲᠠᠢ ᠬᠢᠬᠦ ᠠᠵᠢᠯ ᠪᠣᠯᠤᠨ᠎ᠠ︾ ᠭᠡᠵᠡᠶ᠃      ᠡᠷᠭᠦᠭᠰᠡᠨ ᠲᠣᠰᠬᠤᠨ᠂ ᠲᠤᠭᠴᠢ ᠲᠤᠰᠬᠤᠨ ᠳᠤ ᠬᠦᠷᠬᠦ ᠳᠤ᠂ ︽ᠪᠣᠭᠤᠳᠠᠶ ᠪᠠᠷ ᠲᠠᠷᠢᠶᠠᠨ ᠭᠠᠵᠠᠷ ᠢ ᠰᠣᠩᠭᠤᠬᠤ︾᠂ ︽ᠡᠷᠳᠡᠨᠢ ᠰᠢᠰᠢ ᠪᠠᠷ ᠲᠠᠷᠢᠶᠠᠨ ᠪᠣᠷᠳᠣᠭᠤᠷ ᠰᠣᠩᠭᠤᠬᠤ︾ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠠᠵᠢᠯᠲᠠᠳ ᠶᠠᠭ ᠬᠢᠮᠢ ᠶᠢᠨ ᠪᠣᠷᠳᠣᠭᠤᠷ ᠪᠣᠯᠤᠨ ᠬᠢᠮᠢ ᠶᠢᠨ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠶᠢ ᠠᠬᠢᠭᠤᠯᠵᠤ᠂ ᠣᠷᠭᠠᠨᠢᠭ ᠢᠳᠡᠭᠡᠨ᠂ ᠪᠣᠬᠢᠷᠲᠤᠯ ᠦᠭᠡᠢ ᠢᠳᠡᠭᠡᠨ ᠢ ᠨᠡᠩ ᠤᠯᠠᠨ ᠭᠡᠷ ᠪᠦᠯᠢ ᠶᠢᠨ ᠬᠤᠭᠤᠯᠠᠨ ᠰᠢᠷᠡᠭᠡᠨ ᠳᠡᠭᠡᠷᠡᠬᠢ ᠡᠷᠡᠭᠦᠯ ᠮᠡᠨᠳᠦ ᠶᠢᠨ ᠢᠳᠡᠭᠡᠨ ᠪᠣᠯᠭᠠᠵᠤ ᠪᠠᠶᠢᠨ᠎ᠠ᠃
   ᠣᠳᠣᠬᠠᠨ ᠳᠤ᠂ ᠪᠥᠬᠦ ᠲᠣᠭᠤᠷᠢᠭ ᠲᠤ ᠨᠢᠭᠡᠨᠲᠡ 4 ᠲᠦᠮᠡᠨ ᠮᠥ ᠥᠨᠳᠥᠷ ᠬᠦᠴᠦᠯᠡᠴᠡ ᠲᠠᠢ ᠰᠦᠯᠢᠶᠣᠣ ᠪᠦᠷᠬᠦᠪᠴᠢ ᠶᠢ ᠴᠡᠪᠡᠷᠰᠢᠭᠦᠯᠬᠦ᠂ 1000 ᠮᠥ ᠠᠮᠢᠳᠤ ᠪᠣᠳᠠᠰ ᠤᠨ ᠵᠠᠳᠠᠷᠠᠯᠲᠠ ᠶᠢᠨ ᠰᠦᠯᠢᠶᠣᠣ ᠪᠦᠷᠬᠦᠪᠴᠢ ᠶᠢ ᠵᠤᠵᠠᠭᠠᠷᠠᠭᠤᠯᠬᠤ᠂ 9 ᠲᠦᠮᠡᠨ ᠮᠥ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠪᠣᠬᠢᠷᠲᠤᠯ ᠥᠬᠡᠶ ᠪᠠᠷ ᠰᠡᠷᠭᠡᠶᠢᠯᠡᠨ ᠡᠵᠡᠮᠳᠡᠬᠦ᠂ 10 ᠲᠦᠮᠡᠨ ᠮᠥ ᠨᠢᠭᠡᠳᠦᠯᠲᠡᠶ ᠰᠡᠷᠭᠡᠶᠢᠯᠡᠨ ᠵᠠᠰᠠᠬᠤ ᠶᠢ ᠳᠡᠯᠭᠡᠷᠡᠭᠦᠯᠵᠦ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 92% ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 92% ᠲᠤ ᠬᠦᠷᠦᠭᠦᠯᠵᠦ᠂ ᠡᠰᠢ ᠰᠦᠷᠡᠯ ᠢ ᠡᠨᠧᠷᠭᠢᠵᠢᠭᠦᠯᠬᠦ᠂ ᠪᠣᠷᠲᠣᠭᠤᠷᠵᠢᠭᠤᠯᠬᠤ ᠵᠡᠷᠭᠡ ᠶᠡᠷᠦᠩᠬᠡᠶᠢᠯᠡᠨ ᠠᠰᠢᠭᠯᠠᠬᠤ ᠵᠠᠭᠪᠤᠷ ᠢ ᠶᠠᠭ ᠪᠣᠬᠢᠷᠲᠤᠯ ᠥᠬᠡᠶ ᠬᠥᠭᠵᠢᠯᠲᠡ ᠶᠢᠨ ︽ᠨᠢᠭᠤᠴᠠ ᠵᠣᠷ︾ ᠪᠣᠯᠭᠠᠵᠤ ᠪᠠᠶᠢᠨ᠎ᠠ᠃    ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠵᠠᠰᠠᠬᠤ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠳ᠋ᠦᠩ ᠾᠧ ᠲᠣᠭᠤᠷᠢᠭ ᠤᠨ ᠬᠢᠨ ᠪᠠᠶᠢᠩᠭᠤ ᠶᠢᠨ ᠵᠠᠰᠠᠯᠲᠠ ᠪᠠ ᠭᠤᠣᠯᠳᠠᠯᠭ᠎ᠠ ᠲᠠᠢ ᠴᠡᠭᠴᠡᠯᠡᠨ ᠵᠠᠰᠠᠬᠤ ᠶᠢ ᠵᠡᠷᠭᠡᠪᠡᠷ ᠶᠠᠪᠤᠭᠳᠠᠭᠤᠯᠵᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠭᠤᠷᠪᠠ ᠶᠢ ᠴᠡᠪᠡᠷᠯᠡᠵᠦ ᠨᠢᠭᠡ ᠶᠢ ᠥᠭᠡᠷᠡᠴᠢᠯᠡᠬᠦ︾ ᠬᠠᠪᠤᠷ ᠤᠨ ᠤᠯᠠᠷᠢᠯ ᠤᠨ ᠳᠠᠶᠢᠯᠠᠯᠳᠤᠭᠠᠨ᠂ ᠵᠤᠨ ᠤ ᠤᠯᠠᠷᠢᠯ ᠤᠨ ᠳᠠᠶᠢᠯᠠᠯᠳᠤᠭᠠᠨ᠂ ᠨᠠᠮᠤᠷ ᠤᠨ ᠤᠯᠠᠷᠢᠯ ᠤᠨ ᠳᠠᠶᠢᠯᠠᠯᠳᠤᠭᠠᠨ ᠪᠠ ᠠᠶᠢᠯ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠤᠰᠬᠠᠢ ᠵᠦᠢᠯ ᠤᠨ ᠠᠷᠢᠭᠤᠨ ᠴᠡᠪᠡᠷ ᠢ ᠬᠠᠮᠠᠭᠠᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠲᠣᠭᠤᠷᠢᠭ ᠤᠨ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠯᠪᠠᠨ ᠭᠡᠷ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠰᠢᠮᠳᠠᠭᠤᠯᠤᠨ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ ︽ᠬᠤᠶᠠᠷ ᠪᠠᠯᠭᠠᠰᠤ︾ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠰᠠᠭᠤᠳᠠᠯ ᠢ ᠨᠡᠶᠢᠲᠡ 353 ᠭᠠᠷᠤᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠪᠡ᠃
   ᠡᠨᠡ ᠵᠢᠯ ᠠᠴᠠ ᠨᠠᠰᠢ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ 7.52 ᠲᠦᠮᠡᠨ ᠲᠣᠨ ᠴᠡᠪᠡᠷᠯᠡᠵᠦ ᠂ ᠲᠣᠰᠬᠤᠨ ᠤ ᠳᠣᠲᠣᠷᠠᠬᠢ 14 ᠤᠰᠤᠨ ᠴᠥᠭᠦᠷᠥᠮ ᠢ ᠴᠡᠪᠡᠷᠯᠡᠵᠦ᠂ ᠲᠣᠰᠬᠤᠨ ᠤ ᠳᠣᠲᠣᠷᠠᠬᠢ ᠴᠥᠭᠦᠷᠥᠮ ᠭᠤᠤ ᠶᠢ 192.3 ᠺᠢᠯᠤᠮᠧᠲᠷ ᠴᠡᠪᠡᠷᠯᠡᠵᠦ᠂ ᠮᠠᠯ ᠵᠢᠭᠦᠷᠲᠡᠨ ᠤ ᠲᠡᠵᠢᠭᠡᠨ ᠦᠷᠡᠵᠢᠭᠦᠯᠬᠦ ᠪᠠᠭᠠᠰᠤᠨ ᠪᠣᠬᠢᠷᠲᠤᠯ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ 0.93 ᠲᠦᠮᠡᠨ ᠲᠣᠨ ᠴᠡᠪᠡᠷᠯᠡᠪᠡ᠃ ᠡᠳᠦᠭᠡ᠂ ᠳ᠋ᠦᠩ ᠾᠧ ᠲᠣᠭᠤᠷᠢᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠦᠴᠢᠷ ᠢ ᠲᠤᠭᠤᠯᠤᠨ ᠬᠦᠴᠢᠷ ᠢ ᠳᠠᠪᠠᠵᠤ᠂ ᠪᠦᠭᠦᠳᠡᠭᠡᠷ ᠢᠶᠠᠨ ᠣᠷᠣᠯᠴᠠᠵᠤ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ︽ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠬᠠᠮᠲᠤᠪᠠᠷ ᠰᠠᠶᠢᠲᠤᠷ ᠬᠢᠵᠦ᠂ ︽ᠲᠣᠰᠬᠤᠨ ᠤᠢ ᠰᠢᠭᠤᠢ ᠳᠤ᠂ ᠵᠠᠮ ᠨᠢ ᠨᠣᠭᠤᠭᠠᠨ ᠳᠤᠮᠳᠠ᠂ ᠭᠡᠷ ᠪᠠᠶᠢᠰᠢᠩ ᠨᠢ ᠬᠦᠷᠢᠶᠡᠯᠡᠩ ᠳᠤ᠂ ᠬᠥᠮᠦᠨ ᠨᠢ ᠦᠵᠡᠮᠵᠢ ᠳᠤ ᠪᠠᠶᠢᠬᠤ︾ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠷᠤᠭ ᠠᠭᠠᠵᠢᠮ ᠢᠶᠠᠷ ᠳᠡᠯᠭᠡᠭᠳᠡᠵᠦ ᠪᠠᠶᠢᠨ᠎ᠠ᠃
 
ᠢᠷᠡᠯᠲᠡ᠄ ᠥᠨᠥᠳᠦᠷ ᠤᠨ ᠳ᠋ᠦᠩ ᠾᠧ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1