ᠬᠥᠳᠡᠯᠮᠦᠷᠢ ᠬᠦᠴᠦᠨ ᠤ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ | ᠪᠠᠬᠢᠵᠢᠭᠦᠯᠵᠦ᠂ ᠪᠠᠶᠢᠴᠠᠭᠠᠭᠴᠢ ᠶᠢᠨ ᠠᠵᠢᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ | ᠲᠥᠯᠥᠭᠡ᠂ 12 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠳ᠋ᠦᠩ ᠾᠧ ᠲᠣᠭᠤᠷᠢᠭ ᠤᠨ ᠲᠤᠭ᠎ᠠ | ᠪᠦᠷᠢᠳᠬᠡᠯ ᠤᠨ ᠲᠣᠪᠴᠢᠶ᠎ᠠ ᠬᠥᠳᠡᠯᠮᠦᠷᠢ ᠬᠦᠴᠦᠨ ᠤ ᠪᠠᠶᠢᠴᠠᠭᠠᠯᠲᠠ ᠶᠢᠨ ᠲᠤᠬᠠᠶᠢᠯᠠᠭᠰᠠᠨ ᠠᠵᠢᠯ ᠤᠨ | ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠲᠥᠪ ᠤᠨ ᠡᠷᠬᠢᠯᠡᠭᠴᠢ᠂ ᠬᠥᠳᠡᠯᠮᠦᠷᠢ ᠬᠦᠴᠦᠨ ᠤ ᠪᠠᠶᠢᠴᠠᠭᠠᠯᠲᠠ ᠶᠢᠨ ᠲᠤᠬᠠᠶᠢᠯᠠᠭᠰᠠᠨ | ᠠᠵᠢᠯ ᠤᠨ ᠠᠵᠢᠯᠲᠠᠨ ᠪᠣᠯᠤᠨ ᠬᠠᠮᠢᠶ᠎ᠠ ᠪᠦᠬᠦᠢ ᠵᠡᠭᠡᠯᠢ ᠪᠠᠯᠭᠠᠰᠤ ᠵᠢᠴᠢ ᠲᠣᠰᠬᠤᠨ ᠨᠡᠶᠢᠭᠡᠮ ᠲᠣᠭᠤᠷᠢᠭ ᠤᠨ | ᠪᠠᠶᠢᠴᠠᠭᠠᠬᠤ ᠠᠵᠢᠯᠲᠠᠨ ᠨᠡᠶᠢᠲᠡ 20 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠪ ᠤᠨ ᠡᠷᠬᠢᠯᠡᠭᠴᠢ ᠠᠴᠠ ᠰᠢᠨ᠎ᠡ ᠪᠠᠷ | ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ | ᠬᠠᠤᠯᠢ︾ ᠶᠢ ᠤᠯᠠᠮᠵᠢᠯᠠᠨ ᠰᠤᠷᠤᠯᠴᠠᠵᠤ᠂ ᠪᠠᠶᠢᠴᠠᠭᠠᠭᠴᠢ ᠶᠢ ᠰᠢᠨ᠎ᠡ ᠱᠠᠭᠠᠷᠳᠠᠯᠭ᠎ᠠ᠂ ᠰᠢᠨ᠎ᠡ ᠬᠤᠪᠢᠷᠠᠯᠲᠠ ᠶᠢ ᠪᠥᠬᠦ | ᠲᠠᠯ᠎ᠠ ᠪᠠᠷ ᠡᠵᠡᠮᠳᠡᠵᠦ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠲᠠᠷᠢᠬᠢ ᠲᠣᠯᠣᠭᠠᠶ ᠳᠤ | ᠬᠠᠳᠠᠩᠰᠢᠭᠤᠯᠬᠤ ᠶᠢ ᠲᠠᠰᠤᠷᠠᠯᠲᠠ ᠥᠬᠡᠶ ᠳᠥᠯᠭᠢᠨ ᠠᠬᠢᠭᠤᠯᠵᠤ᠂ ᠬᠥᠳᠡᠯᠮᠦᠷᠢ ᠬᠦᠴᠦᠨ ᠤ ᠪᠠᠶᠢᠴᠠᠭᠠᠯᠲᠠ ᠶᠢᠨ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ ᠳᠠᠷᠠᠭ᠎ᠠ ᠨᠢ᠂ ᠲᠤᠬᠠᠶᠢᠯᠠᠭᠰᠠᠨ | ᠠᠵᠢᠯ ᠤᠨ ᠠᠵᠢᠯᠲᠠᠨ 2025 ᠣᠨ ᠤ ᠬᠥᠳᠡᠯᠮᠦᠷᠢ ᠬᠦᠴᠦᠨ ᠳᠤ ᠪᠠᠶᠢᠴᠠᠭᠠᠯᠲᠠ ᠬᠢᠬᠦ ᠲᠦᠷᠢᠮ ᠵᠢᠴᠢ | ᠪᠠᠶᠢᠴᠠᠭᠠᠯᠲᠠ ᠶᠢᠨ ᠡᠯ᠎ᠡ ᠵᠦᠢᠯ ᠤᠨ ᠭᠦᠢᠴᠡᠳᠬᠡᠯ ᠲᠤᠭ᠎ᠠ᠂ ᠲᠤᠭ᠎ᠠ ᠪᠠᠷᠢᠮᠲᠠ ᠴᠤᠭᠯᠠᠭᠤᠯᠬᠤ ᠶᠠᠪᠤᠴᠠ ᠵᠡᠷᠭᠡ | ᠪᠣᠳᠠᠲᠤ ᠶᠠᠪᠤᠳᠠᠯ ᠤᠨ ᠮᠡᠳᠡᠯᠭᠡ ᠶᠢᠨ ᠲᠤᠬᠠᠶ ᠨᠠᠷᠢᠨ ᠲᠠᠶᠢᠯᠤᠮᠵᠢ ᠬᠢᠵᠦ᠂ ᠪᠠᠶᠢᠴᠠᠭᠠᠭᠴᠢ ᠳᠤ ᠪᠠᠶᠢᠴᠠᠭᠠᠯᠲᠠ ᠶᠢᠨ | ᠠᠵᠢᠯ ᠤᠨ ᠰᠢᠨ᠎ᠡ ᠪᠠᠷ ᠨᠡᠮᠡᠭᠳᠡᠭᠰᠡᠨ ᠭᠦᠢᠴᠡᠳᠬᠡᠯ ᠲᠤᠭ᠎ᠠ ᠪᠠ ᠲᠦᠷᠢᠮ ᠤᠨ ᠱᠠᠭᠠᠷᠳᠠᠯᠭ᠎ᠠ ᠶᠢ ᠨᠠᠩ ᠲᠣᠳᠣᠷᠬᠠᠶ | ᠣᠶᠢᠯᠠᠭᠠᠭᠤᠯᠪᠠ᠃ ᠡᠭᠦᠨ ᠤ ᠬᠠᠮᠲᠤ ᠥᠩᠭᠡᠷᠡᠭᠰᠡᠨ ᠤ ᠬᠥᠳᠡᠯᠮᠦᠷᠢ ᠬᠦᠴᠦᠨ ᠤ ᠪᠠᠶᠢᠴᠠᠭᠠᠯᠲᠠ ᠶᠢᠨ ᠳᠤᠮᠳᠠ | ᠪᠠᠶᠢᠩᠭᠤ ᠲᠣᠬᠢᠶᠠᠯᠳᠤᠳᠠᠭ ᠠᠰᠠᠭᠤᠳᠠᠯ ᠳᠤ ᠴᠢᠭᠯᠡᠭᠦᠯᠦᠨ᠂ ᠰᠢᠰᠲ᠋ᠧᠮ ᠲᠠᠢ ᠡᠮᠬᠢᠯᠡᠬᠦ ᠪᠠ ᠭᠦᠨᠵᠡᠭᠡᠶ ᠵᠠᠳᠠᠯᠤᠯᠲᠠ | ᠬᠢᠵᠦ᠂ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠠᠨᠳᠤᠯᠭᠠᠲᠤ ᠴᠢᠨᠠᠷᠲᠠᠶ ᠰᠢᠢᠳᠪᠦᠷᠢᠯᠡᠬᠦ ᠠᠷᠭ᠎ᠠ | ᠳᠤᠷᠠᠳᠴᠤ᠂ ᠪᠠᠶᠢᠴᠠᠭᠠᠭᠴᠢ ᠶᠢᠨ ᠠᠰᠠᠭᠤᠳᠠᠯ ᠢ ᠠᠷᠭᠠᠴᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ | ᠪᠣᠯᠪᠠᠰᠤᠷᠠᠭᠤᠯᠤᠯ ᠤᠨ ᠬᠤᠷᠠᠯ ᠤᠨ ᠳᠠᠷᠠᠭ᠎ᠠ ᠤᠷ᠎ᠠ ᠴᠢᠳᠠᠪᠤᠷᠢ ᠶᠢᠨ ᠰᠤᠷᠢᠯᠳᠠ ᠶᠢᠨ ᠰᠢᠯᠭᠠᠯᠳᠠ ᠶᠢ ᠥᠷᠨᠢᠭᠦᠯᠵᠦ᠂ | ᠰᠢᠯᠭᠠᠨ ᠪᠠᠶᠢᠴᠠᠭᠠᠭᠴᠢ ᠶᠢᠨ ᠪᠣᠯᠪᠠᠰᠤᠷᠠᠭᠤᠯᠤᠯ ᠤᠨ ᠠᠭᠤᠯᠭ᠎ᠠ ᠶᠢ ᠡᠵᠡᠮᠰᠢᠭᠰᠡᠨ ᠬᠡᠮᠵᠢᠶ᠎ᠡ ᠶᠢ ᠨᠢ ᠰᠢᠯᠭᠠᠨ | ᠪᠠᠶᠢᠴᠠᠭᠠᠵᠤ᠂ ᠪᠠᠶᠢᠴᠠᠭᠠᠬᠤ ᠳᠦᠷᠢᠮ ᠤᠨ ᠣᠶᠢᠯᠠᠭᠠᠯᠳᠠ ᠪᠠ ᠬᠡᠷᠡᠭᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ | ᠴᠢᠩᠭᠠᠷᠠᠭᠤᠯᠪᠠ᠃ | ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠳ᠋ᠦᠩ ᠾᠧ ᠲᠣᠭᠤᠷᠢᠭ ᠤᠨ ᠬᠥᠳᠡᠯᠮᠦᠷᠢ | ᠬᠦᠴᠦᠨ ᠢ ᠪᠠᠶᠢᠴᠠᠭᠠᠬᠤ ᠡᠩᠨᠡᠭᠡ ᠶᠢᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ | ᠬᠢᠷᠢ ᠲᠦᠪᠰᠢᠨ ᠢ ᠬᠦᠴᠦᠲᠡᠶ ᠳᠡᠭᠡᠭᠰᠢᠯᠡᠭᠦᠯᠵᠦ᠂ ᠬᠥᠳᠡᠯᠮᠦᠷᠢ ᠬᠦᠴᠦᠨ ᠳᠤ ᠪᠠᠶᠢᠴᠠᠭᠠᠯᠲᠠ ᠬᠢᠬᠦ ᠠᠵᠢᠯ ᠤᠨ | ᠥᠨᠳᠥᠷ ᠪᠦᠲᠦᠮᠵᠢᠲᠡᠶ ᠥᠷᠨᠢᠬᠦ ᠶᠢ ᠪᠠᠲᠤᠯᠠᠪᠠ᠃ ᠲᠠᠷᠠᠭᠠᠴᠢ ᠶᠢᠨ ᠠᠯᠬᠤᠮ ᠳᠤ᠂ ᠳ᠋ᠦᠩ ᠾᠧ ᠲᠣᠭᠤᠷᠢᠭ ᠤᠨ | ᠲᠤᠭ᠎ᠠ ᠪᠦᠷᠢᠳᠬᠡᠯ ᠤᠨ ᠲᠣᠪᠴᠢᠶ᠎ᠠ ᠲᠤᠬᠠᠶᠢᠯᠠᠭᠰᠠᠨ ᠠᠵᠢᠯ ᠤᠨ ᠰᠠᠭᠤᠷᠢ ᠪᠠᠨ ᠦᠷᠭᠦᠯᠵᠢᠯᠡᠨ ᠪᠠᠬᠢᠵᠢᠭᠦᠯᠵᠦ᠂ | ᠪᠠᠶᠢᠴᠠᠭᠠᠯᠲᠠ ᠶᠢᠨ ᠶᠠᠪᠤᠴᠠ ᠶᠢ ᠴᠢᠩᠭ᠎ᠠ ᠠᠳᠬᠤᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠠᠮᠢᠨ | ᠰᠤᠳᠠᠰᠤ ᠶᠢ ᠪᠠᠲᠤ ᠰᠠᠬᠢᠵᠤ᠂ ᠬᠥᠳᠡᠯᠮᠦᠷᠢ ᠬᠦᠴᠦᠨ ᠢ ᠪᠠᠶᠢᠴᠠᠭᠠᠬᠤ ᠠᠵᠢᠯ ᠢ ᠦᠨᠡᠨ ᠬᠦ ᠪᠣᠳᠠᠲᠠᠶ ᠨᠠᠷᠢᠯᠢᠭ ᠬᠢᠬᠦ | ᠪᠣᠯᠤᠨ᠎ᠠ᠃ |