ᠪᠣᠬᠢᠷᠲᠤᠯ ᠦᠭᠡᠢ ᠠᠮᠢᠳᠤᠷᠠᠯ ᠤᠨ ︽ᠭᠤᠣᠯ ᠬᠦᠭ ᠠᠶᠠᠰ︾ ᠢ ᠴᠤᠤᠷᠢᠶᠠᠲᠤᠭᠤᠯᠬᠤ ᠲᠢᠶᠧ ᠰᠢ ᠵᠡᠭᠡᠯᠢ ᠭᠤᠳᠤᠮᠵᠢ ᠶᠢᠨ ᠬᠢᠨ ᠬᠤᠭ ᠨᠣᠪᠰᠢ ᠶᠢ ᠲᠦᠷᠦᠯ ᠬᠤᠪᠢᠶᠠᠬᠤ ︽ᠪᠣᠳᠠᠲᠤ ᠦᠷ᠎ᠡ ᠪᠦᠲᠦᠮᠵᠢ ᠤᠯᠬᠤ︾ ᠶᠢ ᠯᠠᠪᠳᠠᠭᠤᠨ ᠪᠠᠲᠤᠲᠠᠢ ᠠᠬᠢᠭᠤᠯᠪᠠ
ᠨᠡᠶᠢᠲᠡᠯᠡᠭᠰᠡᠨ ᠴᠠᠭ᠄
2024/12/6
     ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠠᠵᠢᠯ ᠤᠨ ᠭᠤᠣᠯᠳᠠᠯᠭ᠎ᠠ ᠶᠢ ᠲᠣᠳᠣᠷᠬᠠᠶᠢᠯᠠᠨ᠎ᠠ᠃ ᠬᠤᠭ ᠨᠣᠪᠰᠢ ᠶᠢ ᠲᠥᠷᠥᠯ ᠬᠤᠪᠢᠶᠠᠬᠤ ᠠᠵᠢᠯᠯᠠᠭ᠎ᠠ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠰᠠᠷ᠎ᠠ ᠪᠦᠷᠢ ᠲᠥᠷᠥᠯ ᠬᠤᠪᠢᠶᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠰᠤᠳᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠎ᠠ᠃      ᠬᠤᠶᠠᠷ ᠲᠤ᠂ ᠲᠥᠯᠥᠪᠵᠢᠭᠦᠯᠦᠨ ᠪᠠᠶᠢᠷᠢᠯᠠᠭᠤᠯᠬᠤ ᠶᠢ ᠰᠠᠶᠢᠲᠤᠷ ᠬᠢᠵᠦ᠂ ᠬᠠᠲᠠᠭᠤ ᠬᠡᠷᠡᠭᠰᠡᠯ ᠤᠨ ᠲᠣᠬᠢᠷᠠᠭᠤᠯᠤᠯᠲᠠ ᠶᠢ ᠴᠢᠩᠭᠠᠳᠬᠠᠨ᠎ᠠ᠃ ᠣᠳᠣᠬᠠᠨ ᠳᠤ᠂ ᠰᠠᠭᠤᠭᠠᠯᠢ ᠲᠣᠭᠤᠷᠢᠭ ᠤᠨ ᠠᠰᠠᠷ ᠤᠨ ᠣᠷᠣᠵᠤ ᠭᠠᠷᠬᠤ ᠭᠠᠵᠠᠷ ᠲᠤ ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ ᠴᠡᠭ ᠢ 54 ᠭᠠᠷᠭᠠᠵᠤ᠂ ᠰᠠᠭᠤᠭᠠᠯᠢ ᠠᠷᠠᠳ ᠤᠨ ᠲᠠᠯᠪᠢᠵᠤ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠬᠠᠲᠠᠭᠤ ᠬᠡᠷᠡᠭᠰᠡᠯ ᠤᠨ ᠲᠣᠬᠢᠷᠠᠭᠤᠯᠤᠯᠲᠠ ᠶᠢ ᠴᠢᠩᠭᠠᠳᠬᠠᠪᠠ᠃      ᠭᠤᠷᠪᠠ ᠳᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠤᠷᠢᠶ᠎ᠠ 68 ᠭᠠᠵᠠᠷ ᠨᠠᠭᠠᠵᠤ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ 69 ᠭᠠᠷᠤᠢ ᠤᠳᠠᠭ᠎ᠠ ᠨᠡᠪᠲᠡᠷᠡᠭᠦᠯᠵᠦ᠂ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠣᠬᠤᠷ ᠹᠢᠯᠢᠮ ᠢ 45 ᠭᠠᠷᠤᠶ ᠤᠳᠠᠭ᠎ᠠ ᠨᠡᠪᠲᠡᠷᠡᠭᠦᠯᠵᠦ᠂ ᠬᠤᠭ ᠨᠣᠪᠰᠢ ᠶᠢ ᠲᠥᠷᠥᠯ ᠬᠤᠪᠢᠶᠠᠬᠤ ᠶᠢᠨ ᠣᠶᠢᠯᠠᠭᠠᠬᠤ ᠨᠣᠷᠮ᠎ᠠ ᠪᠠ ᠣᠷᠣᠯᠴᠠᠬᠤ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠪᠡ᠃
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1