ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ 2024 ᠣᠨ ᠤ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠵᠢᠴᠢ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/6
   2024 ᠣᠨ ᠤ 12 ᠰᠠᠷ᠎ᠠ ᠶᠢᠨ 4 ᠤ ᠡᠳᠦᠷ ᠪᠣᠯ ᠠᠷᠪᠠᠨ ᠨᠢᠭᠡᠳᠦᠭᠡᠷ ︽ᠤᠯᠤᠰ ᠤᠨ ᠦᠨᠳᠦᠰᠦᠨ ᠬᠠᠤᠯᠢ ᠶᠢᠨ ᠡᠳᠦᠷ︾ ᠪᠠᠶᠢᠵᠤ᠂ 12 ᠰᠠᠷ᠎ᠠ ᠶᠢᠨ 1 ᠤ ᠡᠳᠦᠷ ᠠᠴᠠ 7 ᠤ ᠡᠳᠦᠷ ᠪᠣᠯᠲᠠᠯ᠎ᠠ ᠳᠣᠯᠣᠳᠤᠭᠠᠷ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠪᠣᠯᠤᠨ᠎ᠠ᠃ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠦᠬᠦ ᠨᠡᠶᠢᠭᠡᠮ ᠢᠶᠠᠷ ᠢᠶᠠᠨ ᠦᠨᠳᠦᠰᠦᠨ ᠬᠠᠤᠯᠢ ᠶᠢ ᠰᠤᠷᠤᠯᠴᠠᠬᠤ᠂ ᠦᠨᠳᠦᠰᠦᠨ ᠬᠠᠤᠯᠢ ᠶᠢ ᠬᠦᠨᠳᠦᠳᠬᠡᠬᠦ᠂ ᠦᠨᠳᠦᠰᠦᠨ ᠬᠠᠤᠯᠢ ᠶᠢ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ 12 ᠰᠠᠷ᠎ᠠ ᠶᠢᠨ 4 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠲᠤᠷᠠᠨ 2024 ᠣᠨ ᠤ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠵᠢᠴᠢ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃
   ᠬᠤᠷᠠᠯ ᠠᠴᠠ ︽ᠳ᠋ᠦᠩ ᠾᠧ ᠲᠣᠭᠤᠷᠢᠭ ᠤᠨ 2024 ᠣᠨ ᠤ ︿ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ﹀ ᠤᠨ ᠠᠵᠢᠯᠯᠠᠭ᠎ᠠ ᠶᠢᠨ ᠲᠥᠰᠦᠯ︾ ᠢ ᠤᠩᠰᠢᠨ ᠨᠡᠶᠢᠲᠡᠯᠡᠵᠦ᠂ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ︾ ᠭᠤᠤᠯ ᠰᠡᠳᠦᠪᠲᠦ ᠲᠠᠶᠢᠯᠤᠮᠵᠢ ᠶᠢ ᠡᠷᠭᠢᠯᠡᠪᠡ᠃ ᠬᠤᠷᠠᠯ ᠠᠴᠠ᠂ ᠪᠥᠬᠦ ᠣᠷᠣᠨ ᠤ ᠡᠯ᠎ᠡ ᠨᠢᠭᠡᠴᠢ ᠶᠢᠨ ᠬᠢᠨ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢ ᠠᠬᠢᠭᠤᠯᠬᠤ︾ ᠭᠤᠤᠯ ᠰᠡᠳᠦᠪ ᠤᠨ ᠲᠣᠭᠤᠷᠢᠨ ᠳᠤ᠂ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠠᠷᠠᠳ ᠢᠷᠭᠡᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠴᠢᠬᠤᠯᠠ ᠠᠴᠢᠶᠠᠯᠠᠪᠤᠷᠢ ᠪᠣᠯᠭᠠᠵᠤ᠂ ᠤᠳᠤᠷᠢᠳᠬᠤ ᠺᠠᠳ᠋ᠷᠴᠤᠳ ᠤᠨ ᠮᠡᠳᠡᠪᠡᠯ ᠵᠣᠬᠢᠬᠤ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ ᠤᠯᠤᠰ ᠤᠨ ᠬᠠᠤᠯᠢ ᠴᠠᠭᠠᠵᠠ ᠶᠢᠨ ᠨᠠᠷᠢᠨ ᠲᠠᠩᠰᠠ ᠶᠢᠨ ᠲᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠬᠠᠮᠲᠤ ᠪᠠᠷ ᠣᠷᠣᠯᠴᠠᠬᠤ᠂ ᠪᠦᠬᠦᠯᠢ ᠴᠣᠭᠴᠠ ᠪᠠᠷ ᠨᠢ ᠠᠬᠢᠭᠤᠯᠬᠤ ᠪᠥᠬᠦ ᠲᠠᠯ᠎ᠠ ᠶᠢᠨ᠂ ᠣᠯᠠᠨ ᠲᠠᠭᠤᠨ ᠤ ᠬᠡᠯᠲᠡᠰ ᠤᠨ ᠤᠬᠠᠭᠤᠯᠭ᠎ᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠬᠤ ᠶᠢ ᠠᠬᠢᠭᠤᠯᠬᠤ ᠬᠡᠷᠡᠭᠲᠡᠶ᠃    ᠵᠠᠯᠭᠠᠭᠠᠳ᠂ ᠳ᠋ᠦᠩ ᠾᠧ ᠲᠣᠭᠤᠷᠢᠭ ᠤᠨ ᠬᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠭ᠎ᠠ ᠶᠢᠨ ᠬᠦᠴᠦᠨ ᠢᠶᠠᠨ ᠲᠥᠪᠯᠡᠷᠡᠭᠦᠯᠵᠦ᠂ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠨᠡᠶᠢᠭᠡᠮ ᠳᠠᠶᠠᠭᠠᠷ ᠲᠤ ᠦᠨᠳᠦᠰᠦᠨ ᠬᠠᠤᠯᠢ ᠶᠢ ᠬᠦᠨᠳᠦᠳᠬᠡᠬᠦ᠂ ᠦᠨᠳᠦᠰᠦᠨ ᠬᠠᠤᠯᠢ ᠶᠢ ᠰᠤᠷᠤᠯᠴᠠᠬᠤ᠂ ᠦᠨᠳᠦᠰᠦᠨ ᠬᠠᠤᠯᠢ ᠶᠢ ᠵᠢᠷᠤᠮᠯᠠᠬᠤ᠂ ᠦᠨᠳᠦᠰᠦᠨ ᠬᠠᠤᠯᠢ ᠶᠢ ᠬᠠᠮᠠᠭᠠᠯᠠᠬᠤ᠂ ᠦᠨᠳᠦᠰᠦᠨ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠨ᠎ᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1